ᠦᠪᠦᠷ ᠵᠠᠰᠠᠭ ᠲᠠᠷᠬᠠᠭᠠᠭᠰᠠᠨ ﹇2020﹈ 4 ᠳ᠋ᠦ᠋ᠭᠡᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠰᠦᠯᠵᠢᠶᠡᠨ ᠤ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠵᠤ᠂ ᠪᠥᠬᠦ ᠣᠷᠣᠨ ᠤ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ | ᠲᠣᠭᠠᠵᠢᠯᠠᠭᠰᠠᠨ ᠠᠵᠤ ᠠᠬᠤᠶ ᠶᠢᠨ ᠬᠥᠭᠵᠢᠯᠲᠡ ᠶᠢ ᠬᠦᠴᠦᠲᠡᠶ ᠠᠬᠢᠭᠤᠯᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠮᠡᠳᠡᠭᠡ ᠵᠠᠩᠭᠢᠴᠢᠯᠠᠯᠲᠠ᠂ ᠲᠣᠭᠠᠵᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ | ᠡᠳᠦᠭᠡ ᠪᠥᠬᠦ ᠣᠷᠣᠨ ᠤ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ | ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢ ᠲᠣᠭᠲᠠᠭᠠᠪᠠ᠃ | ᠨᠢᠭᠡ᠂ ᠨᠢᠭᠡᠳᠦᠯᠲᠡᠶ ᠲᠥᠯᠥᠪᠯᠡᠵᠦ ᠲᠦᠯᠦᠪᠵᠢᠬᠦᠯᠦᠨ ᠪᠠᠶᠢᠷᠢᠯᠠᠭᠤᠯᠬᠤ ᠬᠡᠷᠡᠭᠲᠡᠢ | ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠᠷ ᠰᠠᠭᠤᠷᠢ ᠪᠣᠯᠭᠠᠵᠤ᠂ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ 5G ᠮᠡᠲᠦ ᠶᠢᠨ ᠴᠢᠮᠡᠭᠡ ᠬᠤᠯᠪᠣᠭᠠᠨ ᠤ ᠰᠠᠭᠤᠷᠢ | ᠪᠡᠯᠡᠳᠬᠡᠮᠵᠢ ᠶᠢᠨ ᠣᠷᠣᠨ ᠵᠠᠶ ᠶᠢᠨ ᠪᠠᠶᠢᠷᠢᠯᠠᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢ ᠲᠣᠭᠲᠠᠭᠠᠬᠤ ᠶᠢᠨ | ᠬᠠᠮᠲᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠴᠠᠬᠢᠯᠭᠠᠨ ᠬᠦᠴᠦᠨ ᠵᠡᠷᠭᠡ | ᠰᠠᠯᠠᠭ᠎ᠠ ᠮᠥᠴᠢᠷ ᠤᠨ ᠲᠥᠯᠥᠪᠵᠢᠭᠦᠯᠭᠡ ᠯᠦᠭᠡ ᠪᠦᠲᠦᠮᠵᠢᠲᠡᠶ ᠵᠣᠯᠭᠠᠭᠤᠯᠬᠤ ᠬᠡᠷᠡᠭᠲᠡᠶ︔ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠨᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢ ᠤᠯᠤᠰ ᠤᠨ ᠨᠤᠲᠤᠭ ᠳᠡᠪᠢᠰᠬᠡᠷ ᠤᠨ ᠲᠥᠯᠥᠪᠵᠢᠭᠦᠯᠭᠡ ᠵᠢᠴᠢ | ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ︔ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠪᠥᠲᠥᠭᠡᠨ ᠪᠠᠶᠢᠭᠤᠯᠬᠤ | ᠪᠠᠷᠢᠮᠵᠢᠶ᠎ᠠ ᠪᠠ ᠵᠢᠷᠤᠮᠵᠢᠯ ᠶᠣᠰᠣᠭᠠᠷ᠂ ᠪᠥᠲᠥᠭᠡᠨ ᠪᠠᠶᠢᠭᠤᠯᠬᠤ ᠨᠢᠭᠡᠴᠢ ᠳᠤ ᠪᠠᠷᠢᠯᠭ᠎ᠠ ᠪᠠᠷᠢᠬᠤ | ᠲᠥᠯᠥᠪᠵᠢᠭᠦᠯᠭᠡ ᠳᠤ ᠪᠠᠨ 5G ᠪᠢᠴᠢᠯ ᠥᠷᠲᠡᠭᠡ᠂ ᠬᠡᠷ ᠳᠣᠲᠣᠷᠠᠬᠢ ᠲᠠᠷᠬᠠᠯᠲᠠ ᠶᠢᠨ ᠰᠢᠰᠲ᠋ᠧᠮ ᠵᠡᠷᠭᠡ | ᠪᠡᠯᠡᠳᠬᠡᠮᠵᠢ ᠶᠢᠨ ᠣᠷᠣᠨ ᠵᠠᠶ ᠦᠯᠡᠳᠡᠭᠡᠵᠦ ᠥᠭᠬᠦ ᠱᠠᠭᠠᠷᠳᠠᠯᠭ᠎ᠠ ᠲᠠᠯᠪᠢᠬᠤ ᠬᠡᠷᠡᠭᠲᠡᠢ︔ ᠴᠠᠬᠢᠯᠭᠠᠨ ᠬᠦᠴᠦᠨ ᠤ | ᠰᠠᠯᠠᠭ᠎ᠠ ᠮᠥᠴᠢᠷ ᠨᠢ ᠴᠠᠬᠢᠯᠭᠠᠨ ᠬᠦᠴᠦᠨ ᠤ ᠲᠣᠤᠷ ᠰᠦᠯᠵᠢᠶᠡᠨ ᠤ ᠪᠡᠯᠡᠳᠬᠡᠮᠵᠢ ᠶᠢ ᠲᠥᠯᠥᠪᠵᠢᠭᠦᠯᠵᠦ | ᠪᠦᠲᠦᠭᠡᠨ ᠪᠠᠶᠢᠭᠤᠯᠬᠤ ᠳᠤ ᠪᠠᠨ᠂ 5G ᠰᠠᠭᠤᠷᠢ ᠥᠷᠲᠡᠭᠡ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠵᠢᠴᠢ ᠥᠷᠲᠡᠭᠡ | ᠴᠡᠭ ᠤᠨ ᠪᠠᠶᠢᠷᠢᠯᠠᠭᠤᠯᠤᠯᠲᠠ ᠶᠢᠨ ᠬᠠᠩᠭᠠᠯᠭ᠎ᠠ ᠶᠢ ᠭᠦᠢᠴᠡᠳ ᠪᠠᠶᠢᠯᠭᠠᠬᠤ ᠬᠡᠷᠡᠭᠲᠡᠶ᠃ ᠡᠯ᠎ᠡ ᠭᠠᠵᠠᠷ ᠣᠷᠣᠨ ᠨᠢ | 5G ᠰᠠᠭᠤᠷᠢ ᠥᠷᠲᠡᠭᠡ ᠪᠠᠶᠢᠭᠤᠯᠬᠤ ᠭᠠᠵᠠᠷ᠂ ᠮᠠᠰᠢᠨ ᠤ ᠲᠠᠰᠤᠭ᠂ ᠭᠤᠤᠷᠰᠤ ᠤᠲᠠᠰᠤ᠂ ᠪᠠᠷᠢᠯᠭ᠎ᠠ ᠶᠢᠨ | ᠣᠷᠣᠢ᠂ ᠲᠦᠬᠦᠷᠵᠢᠭᠦᠯᠦᠭᠰᠡᠨ ᠴᠠᠬᠢᠯᠭᠠᠨ ᠬᠦᠴᠦᠨ ᠵᠡᠷᠭᠡ ᠶᠢᠨ ᠪᠡᠯᠡᠳᠬᠡᠮᠵᠢ ᠶᠢ ᠬᠤᠲᠠ ᠶᠢᠨ ᠶᠠᠪᠤᠳᠠᠯ ᠤᠨ | ᠰᠠᠭᠤᠷᠢ ᠪᠡᠯᠡᠳᠬᠡᠮᠵᠢ ᠶᠢᠨ ᠲᠤᠰᠬᠠᠶ ᠲᠥᠯᠥᠪᠵᠢᠭᠦᠯᠭᠡ ᠳᠤ ᠣᠷᠣᠭᠤᠯᠵᠤ᠂ ᠭᠠᠵᠠᠷ ᠬᠡᠷᠡᠭᠯᠡᠬᠦ ᠶᠢᠨ ᠵᠣᠬᠢᠬᠤ | ᠬᠡᠷᠡᠭᠴᠡᠭᠡ ᠱᠠᠭᠠᠷᠳᠠᠯᠭ᠎ᠠ ᠶᠢ ᠭᠠᠵᠠᠷ ᠰᠢᠷᠣᠶ ᠠᠰᠢᠭᠯᠠᠬᠤ ᠣᠨ ᠤ ᠲᠥᠯᠥᠪᠯᠡᠭᠡ ᠳᠤ ᠣᠷᠣᠭᠤᠯᠬᠤ ᠶᠢᠨ ᠬᠠᠮᠲᠤ᠂ | ᠪᠦᠲᠦᠭᠡᠨ ᠪᠠᠶᠢᠭᠤᠯᠬᠤ ᠪᠠ ᠬᠠᠮᠢᠶᠠᠷᠬᠤ ᠱᠠᠭᠠᠷᠳᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ᠃ ᠡᠯ᠎ᠡ ᠭᠠᠵᠠᠷ ᠣᠷᠣᠨ ᠨᠢ | ᠤᠶᠤᠨᠲᠤ ᠱᠣᠩ ᠢ ᠨᠢᠭᠡᠳᠦᠯᠲᠡᠶ ᠲᠥᠯᠥᠪᠵᠢᠭᠦᠯᠬᠦ ᠠᠵᠢᠯ ᠢᠶᠠᠨ ᠰᠠᠶᠢᠲᠤᠷ ᠬᠢᠵᠦ᠂ ᠮᠡᠷᠭᠡᠵᠢᠯ ᠤᠨ ᠠᠰᠠᠭᠤᠳᠠᠯ ᠢ | ᠲᠣᠬᠢᠷᠠᠮᠵᠢᠲᠠᠢ ᠰᠢᠢᠳᠪᠦᠷᠢᠯᠡᠭᠰᠡᠨ ᠤᠷᠢᠲᠠᠯ ᠳᠣᠤᠷ᠎ᠠ ᠬᠤᠲᠠ ᠶᠢᠨ ᠤᠶᠤᠨᠲᠤ ᠱᠣᠩ ᠤᠨ ︽ᠨᠢᠭᠡ ᠱᠤᠩ ᠢ ᠣᠯᠠᠨ | ᠬᠡᠷᠡᠭᠴᠡᠭᠡ ᠲᠠᠢ ᠪᠣᠯᠭᠠᠬᠤ︾ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠶ᠃ ︵ | ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ | ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ | ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ | ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠣᠪᠣᠷᠭ᠎ᠠ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ | ᠠᠵᠢᠯᠯᠠᠭᠠᠨ ᠤ ᠠᠵᠤ ᠠᠬᠤᠶᠢᠯᠠᠯ︶ | ᠬᠤᠶᠠᠷ᠂ ᠨᠡᠶᠢᠭᠡᠮ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠴᠢᠯᠥᠭᠡᠲᠡᠶ ᠪᠠᠶᠢᠯᠭᠠᠬᠤ ᠬᠡᠷᠡᠭᠲᠡᠢ | ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ | ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠣᠯᠠᠨ ᠨᠡᠶᠢᠲᠡ ᠶᠢᠨ ᠪᠠᠶᠢᠭᠤᠯᠤᠮᠵᠢ ᠳᠤ ᠬᠠᠷᠢᠶᠠᠯᠠᠭᠳᠠᠬᠤ | ᠣᠷᠣᠨ ᠪᠦᠰᠡ᠂ ᠬᠠᠷᠢᠶᠠᠯᠠᠭᠳᠠᠬᠤ ᠪᠠᠷᠢᠯᠭ᠎ᠠ᠂ ᠬᠤᠲᠠ ᠶᠢᠨ ᠶᠠᠪᠤᠳᠠᠯ ᠤᠨ ᠵᠦᠯᠭᠡ ᠭᠠᠵᠠᠷ᠂ ᠴᠢᠮᠡᠭᠯᠡᠯ ᠴᠡᠴᠡᠷᠯᠢᠭ᠂ | ᠴᠡᠴᠡᠷᠯᠢᠭ᠂ ᠠᠭᠤᠳᠠᠮ ᠲᠠᠯᠠᠪᠠᠶ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠤᠨ ᠲᠠᠯᠠᠪᠤᠷ ᠭᠠᠵᠠᠷ᠂ | ᠪᠡᠶ᠎ᠡ ᠶᠢᠨ ᠲᠠᠮᠢᠷ ᠤᠨ ᠲᠠᠯᠠᠪᠠᠢ ᠣᠷᠳᠣᠨ᠂ ᠦᠵᠡᠰᠬᠦᠯᠡᠩ ᠤᠨ ᠣᠷᠳᠣᠨ᠂ ᠨᠢᠰᠬᠡᠯ ᠤᠨ ᠪᠠᠭᠤᠳᠠᠯ᠂ ᠮᠠᠰᠢᠨ | ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ᠂ ᠵᠠᠰᠠᠮᠠᠯ ᠵᠠᠮ᠂ ᠲᠡᠮᠦᠷ ᠵᠠᠮ᠂ ᠬᠥᠭᠦᠷᠭᠡ᠂ ᠨᠦᠬᠡᠨ ᠵᠠᠮ᠂ | ᠭᠠᠵᠠᠷ ᠳᠣᠤᠷᠠᠬᠢ ᠲᠡᠮᠦᠷ ᠵᠠᠮ᠂ ᠬᠤᠲᠠ ᠶᠢᠨ ᠵᠠᠮ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠢᠴᠢ ᠵᠠᠮ ᠤᠨ | ᠳ᠋ᠧᠩ ᠤᠨ ᠱᠣᠩ᠂ ᠳᠣᠲᠣᠭᠠᠳᠤ ᠶᠢ ᠬᠠᠮᠠᠭᠠᠯᠠᠬᠤ ᠶᠢᠨ ᠭᠡᠲᠡᠭᠦᠯ ᠤᠨ ᠱᠣᠩ᠂ ᠬᠤᠲᠠ ᠶᠢᠨ ᠬᠠᠮᠢᠶᠠᠷᠤᠯᠲᠠ ᠶᠢᠨ | ᠭᠡᠲᠡᠭᠦᠯ ᠤᠨ ᠱᠣᠩ᠂ ᠵᠠᠮ ᠤᠨ ᠵᠢᠭᠠᠯᠲᠠ ᠫᠠᠶᠢᠰᠠ᠂ ᠵᠠᠷ ᠤᠨ ᠫᠠᠶᠢᠰᠠ᠂ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ | ᠲᠡᠷᠭᠡᠨ ᠤ ᠵᠣᠭᠰᠣᠭᠠᠯ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠪᠠ ᠲᠠᠯᠠᠪᠤᠷ ᠭᠠᠵᠠᠷ ᠲᠤ 5G ᠰᠠᠭᠤᠷᠢ | ᠥᠷᠲᠡᠭᠡ ᠶᠢ ᠦᠨ᠎ᠡ ᠲᠥᠯᠥᠪᠦᠷᠢ ᠦᠭᠡᠢ ᠪᠠᠷ ᠴᠢᠯᠦᠭᠡᠲᠡᠢ ᠲᠠᠯᠪᠢᠬᠤ ᠬᠡᠷᠡᠭᠲᠡᠢ᠃ ᠳᠤᠮᠳᠠᠳᠤ ᠤᠯᠤᠰ ᠤᠨ ᠲᠡᠮᠦᠷ | ᠰᠤᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ | ᠠᠵᠢᠯ ᠲᠥᠷᠥᠯ ᠤᠨ 5G ᠰᠠᠭᠤᠷᠢ ᠥᠷᠲᠡᠭᠡ ᠪᠥᠲᠥᠭᠡᠨ ᠪᠠᠶᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ | ᠲᠥᠯᠥᠪᠯᠡᠨ᠂ ᠣᠯᠠᠨ ᠨᠡᠶᠢᠲᠡ ᠶᠢᠨ ᠪᠡᠯᠡᠳᠬᠡᠮᠵᠢ ᠵᠢᠴᠢ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠨᠢᠭᠡᠳᠦᠯᠲᠡᠶ ᠵᠣᠯᠭᠠᠯᠳᠤᠭᠤᠯᠵᠤ ᠡᠬᠢ ᠪᠠᠶᠠᠯᠢᠭ ᠢ ᠴᠢᠯᠦᠭᠡᠲᠡᠢ ᠪᠠᠶᠢᠯᠭᠠᠬᠤ ᠬᠡᠷᠡᠭᠲᠡᠶ︔ ᠣᠯᠠᠨ | ᠨᠡᠶᠢᠲᠡ ᠶᠢᠨ ᠪᠡᠯᠡᠳᠬᠡᠮᠵᠢ ᠵᠢᠴᠢ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠭᠤᠷᠢ | ᠥᠷᠲᠡᠭᠡ ᠪᠠᠶᠢᠭᠤᠯᠬᠤ ᠭᠠᠵᠠᠷ᠂ ᠴᠢᠮᠡᠭᠡ ᠬᠤᠯᠪᠣᠭᠠᠨ ᠤ ᠮᠠᠰᠢᠨ ᠤ ᠲᠠᠰᠤᠭ᠂ ᠭᠤᠤᠷᠰᠤ ᠬᠤᠭᠤᠯᠠᠶ ᠶᠢᠨ ᠤᠲᠠᠰᠤ | ᠵᠢᠴᠢ ᠴᠠᠬᠢᠯᠭᠠᠨ ᠬᠦᠴᠦᠨ ᠤ ᠵᠡᠷᠭᠡ ᠲᠦᠬᠦᠷᠵᠢᠭᠦᠯᠬᠦ ᠪᠡᠯᠡᠳᠬᠡᠮᠵᠢ ᠶᠢᠨ ᠪᠠᠶᠢᠭᠤᠯᠬᠤ ᠭᠠᠵᠠᠷ ᠢ ᠵᠣᠬᠢᠴᠠᠭᠤᠯᠤᠨ | ᠳᠣᠭᠢᠷᠠᠭᠤᠯᠵᠤ᠂ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠮᠵᠢᠬᠦ ᠬᠡᠷᠡᠭᠲᠡᠢ᠃ ︵ | ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ | ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶᠠᠨ ᠤ ᠪᠦᠯᠦᠭᠯᠡᠯ ᠤᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ | ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ | ᠳᠤᠮᠳᠠᠳᠤ ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ | ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ︶ | | ᠭᠤᠷᠪᠠ᠂ ᠬᠤᠳᠠᠯᠳᠤᠭ᠎ᠠ ᠳᠡᠯᠭᠡᠭᠦᠷ ᠤᠨ ᠪᠠᠷᠢᠯᠭ᠎ᠠ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ | ᠴᠢᠯᠦᠭᠡᠲᠡᠢ ᠪᠠᠶᠢᠯᠭᠠᠬᠤ ᠬᠡᠷᠡᠭᠲᠡᠢ | ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠨᠢ ᠭᠡᠷ ᠪᠠᠶᠢᠰᠢᠩ ᠤᠨ ᠪᠠᠷᠢᠯᠭ᠎ᠠ ᠳᠤ 5G ᠮᠡᠲᠦ ᠶᠢᠨ ᠴᠢᠮᠡᠭᠡ ᠬᠤᠯᠪᠣᠭᠠᠨ ᠤ ᠲᠣᠤᠷ ᠰᠦᠯᠵᠢᠶᠡᠨ ᠤ | ᠪᠡᠯᠡᠳᠬᠡᠮᠵᠢ ᠶᠢ ᠵᠢᠷᠤᠭᠯᠠᠨ ᠲᠥᠯᠥᠪᠯᠡᠬᠦ᠂ ᠪᠠᠷᠢᠵᠤ ᠪᠠᠶᠢᠭᠤᠯᠬᠤ ᠪᠠ ᠰᠢᠯᠭᠠᠵᠤ ᠬᠤᠷᠢᠶᠠᠨ ᠠᠪᠬᠤ ᠭᠤᠭᠴᠤᠭ᠎ᠠ ᠳᠤ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ 5G ᠮᠡᠲᠦ ᠶᠢᠨ ᠴᠢᠮᠡᠭᠡ ᠬᠤᠯᠪᠣᠭᠠᠨ ᠤ ᠲᠣᠤᠷ ᠰᠦᠯᠵᠢᠶᠡᠨ ᠤ | ᠪᠡᠯᠡᠳᠬᠡᠮᠵᠢ ᠶᠢᠨ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠠᠯᠪᠠᠳᠠᠯᠭ᠎ᠠ ᠶᠢᠨ ᠴᠢᠨᠠᠷᠲᠠᠶ | ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠣᠷᠣᠨ ᠰᠠᠭᠤᠴᠠ ᠶᠢᠨ | ᠰᠠᠭᠤᠭᠠᠯᠢᠲ᠋ᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠣᠷᠣᠨ ᠪᠠᠶᠢᠷᠢ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ | ᠲᠦᠬᠦᠭᠡᠷᠦᠮᠵᠢ ᠶᠢ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ ᠤᠨ ᠬᠢᠨ ᠬᠠᠤᠯᠢ ᠪᠠ | ᠲᠣᠭᠲᠠᠭᠠᠯ ᠶᠣᠰᠣᠭᠠᠷ ᠵᠦᠶ ᠵᠣᠬᠢᠰᠲᠠᠶ ᠬᠡᠷᠡᠭᠯᠡᠨ 5G ᠰᠠᠭᠤᠷᠢ ᠥᠷᠲᠡᠭᠡ ᠪᠠᠶᠢᠭᠤᠯᠬᠤ ᠶᠢ ᠪᠠᠲᠤᠯᠠᠵᠤ᠂ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ 5G ᠤᠨ ᠲᠠᠯᠠᠪᠤᠷ ᠲᠤ ᠣᠷᠣᠬᠤ | ᠰᠦᠢᠳᠬᠡᠯ᠂ ᠵᠠᠯᠭᠠᠵᠤ ᠣᠷᠣᠭᠤᠯᠬᠤ ᠰᠦᠢᠳᠬᠡᠯ᠂ ᠵᠣᠬᠢᠴᠠᠭᠤᠯᠬᠤ ᠰᠦᠢᠳᠬᠡᠯ᠂ ᠬᠤᠪᠢᠶᠠᠨ ᠨᠣᠭᠳᠠᠭᠤᠯᠬᠤ | ᠰᠦᠢᠳᠬᠡᠯ᠂ ᠲᠠᠯᠠᠪᠤᠷ ᠲᠦᠷᠢᠶᠡᠰᠦᠯᠡᠬᠦ ᠰᠦᠢᠳᠬᠡᠯ ᠵᠡᠷᠭᠡ ᠵᠣᠬᠢᠰ ᠥᠬᠡᠶ ᠰᠦᠢᠳᠬᠡᠯ ᠬᠤᠷᠢᠶᠠᠬᠤ ᠶᠢ ᠴᠢᠩᠭ᠎ᠠ | ᠬᠤᠷᠢᠭᠯᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ | ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠳᠤᠮᠳᠠᠳᠤ | ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ | ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ︶ | ᠲᠦᠷᠪᠡ᠂ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠲᠡᠢ | ᠰᠢᠨ᠎ᠡ ᠪᠠᠷ ᠪᠠᠶᠢᠭᠤᠯᠤᠭᠰᠠᠨ᠂ ᠳᠡᠰ ᠳᠡᠪᠰᠢᠭᠦᠯᠵᠦ ᠥᠭᠡᠷᠡᠴᠢᠯᠡᠭᠰᠡᠨ 5G ᠰᠠᠭᠤᠷᠢ ᠥᠷᠲᠡᠭᠡ ᠵᠢᠴᠢ | ᠲᠦᠬᠦᠷᠵᠢᠭᠦᠯᠦᠭᠰᠡᠨ ᠮᠠᠰᠢᠨ ᠤ ᠲᠠᠰᠤᠭ᠂ ᠭᠤᠤᠯᠯᠠᠬᠤ ᠵᠠᠩᠭᠢᠯᠠᠭ᠎ᠠ ᠶᠢᠨ ᠮᠠᠰᠢᠨ ᠤ ᠲᠠᠰᠤᠭ ᠵᠡᠷᠭᠡ ᠪᠡᠯᠡᠳᠬᠡᠮᠵᠢ ᠳᠤ | ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠬᠦᠴᠦᠨ ᠤ ᠲᠣᠤᠷ ᠤᠨ ᠺᠣᠮᠫᠠᠨᠢ ᠨᠢ ᠥᠪᠡᠷᠲᠡᠭᠡᠨ ᠵᠠᠰᠠᠬᠤ | ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠣᠭᠰᠠᠨ ᠣᠨᠴᠠᠯᠢᠭᠲᠤ ᠳᠠᠪᠠᠭᠤᠯᠢᠭ ᠠᠵᠤ | ᠦᠢᠯᠡᠰ ᠤᠨ ᠴᠠᠬᠢᠯᠭᠠᠨ ᠬᠡᠷᠡᠭᠯᠡᠬᠦ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠲᠣᠤᠷ ᠤᠨ ᠺᠣᠮᠫᠠᠨᠢ ᠳᠤ ᠤᠯᠤᠰ ᠠᠴᠠ ᠲᠣᠮᠣ ᠠᠵᠤ | ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠦᠨ᠎ᠡ ᠶᠢ ᠬᠡᠷᠡᠭᠵᠢᠭᠦᠯᠬᠦ ᠬᠡᠷᠡᠭᠲᠡᠶ᠃ ᠡᠨᠡ ᠬᠦ ᠰᠠᠭᠤᠷᠢᠨ ᠳᠡᠭᠡᠷ᠎ᠡ᠂ 5G | ᠰᠠᠭᠤᠷᠢ ᠥᠷᠲᠡᠭᠡ ᠵᠢᠴᠢ ᠲᠦᠬᠦᠷᠵᠢᠭᠦᠯᠦᠭᠰᠡᠨ ᠮᠠᠰᠢᠨ ᠤ ᠲᠠᠰᠤᠭ᠂ ᠭᠤᠣᠯᠯᠠᠬᠤ ᠵᠠᠩᠭᠢᠯᠠᠭ᠎ᠠ ᠶᠢᠨ ᠮᠠᠰᠢᠨ ᠤ | ᠲᠠᠰᠤᠭ ᠵᠡᠷᠭᠡ ᠪᠡᠯᠡᠳᠬᠡᠮᠵᠢ ᠳᠤ ᠴᠠᠬᠢᠯᠭᠠᠨ ᠬᠡᠷᠡᠭᠯᠡᠬᠦ ᠪᠠᠷ ᠪᠣᠯᠪᠠᠯ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ | ᠠᠷᠠᠯᠵᠢᠶ᠎ᠠ ᠳᠤ ᠤᠯᠠᠮ ᠨᠢᠭᠡ ᠠᠯᠬᠤᠮ ᠣᠷᠤᠯᠴᠠᠭᠤᠯᠵᠤ ᠪᠣᠯᠣᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ | ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠳᠤᠮᠳᠠᠳᠤ | ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ | ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ︶ | ᠲᠠᠪᠤ᠂ ︽ᠨᠢᠭᠡ ᠥᠷᠲᠡᠭᠡ ᠳᠤ ᠨᠢᠭᠡ ᠴᠠᠬᠢᠯᠭᠠᠨ ᠬᠡᠮᠵᠢᠭᠦᠷ ᠲᠠᠢ ᠪᠠᠶᠢᠯᠭᠠᠵᠤ︾ ᠰᠢᠭᠤᠳ ᠴᠠᠬᠢᠯᠭᠠᠨ | ᠬᠠᠩᠭᠠᠬᠤ ᠠᠷᠭ᠎ᠠ ᠮᠠᠶ᠋ᠢᠭ ᠢ ᠠᠬᠢᠭᠤᠯᠬᠤ ᠬᠡᠷᠡᠭᠲᠡᠢ | ᠰᠢᠨ᠎ᠡ ᠪᠠᠷ ᠪᠠᠶᠢᠭᠤᠯᠤᠭᠰᠠᠨ 5G ᠰᠠᠭᠤᠷᠢ ᠥᠷᠲᠡᠭᠡ ᠵᠢᠴᠢ ᠮᠠᠰᠢᠨ ᠤ ᠲᠠᠰᠤᠭ ᠵᠡᠷᠭᠡ | ᠲᠦᠬᠦᠷᠵᠢᠭᠦᠯᠦᠭᠰᠡᠨ ᠪᠡᠯᠡᠳᠬᠡᠮᠵᠢ ᠳᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ ︽ᠨᠢᠭᠡ ᠥᠷᠲᠡᠭᠡ ᠳᠤ | ᠨᠢᠭᠡ ᠴᠠᠬᠢᠯᠭᠠᠨ ᠬᠡᠮᠵᠢᠭᠦᠷ ᠲᠠᠢ ᠪᠠᠶᠢᠯᠭᠠᠵᠤ︾ ᠰᠢᠭᠤᠳ ᠴᠠᠬᠢᠯᠭᠠᠨ ᠬᠠᠩᠭᠠᠬᠤ᠂ ᠰᠢᠭᠤᠳ ᠰᠦᠢᠳᠬᠡᠯ | ᠬᠤᠷᠢᠶᠠᠬᠤ ᠶᠢ ᠬᠡᠷᠡᠭᠵᠢᠭᠦᠯᠬᠦ ᠬᠡᠷᠡᠭᠲᠡᠶ᠃ ᠳᠡᠰ ᠳᠡᠪᠰᠢᠭᠦᠯᠦᠨ ᠦᠭᠡᠷᠡᠴᠢᠯᠡᠭᠰᠡᠨ 5G ᠰᠠᠭᠤᠷᠢ ᠥᠷᠲᠡᠭᠡ ᠵᠢᠴᠢ | ᠮᠠᠰᠢᠨ ᠤ ᠲᠠᠰᠤᠭ ᠵᠡᠷᠭᠡ ᠲᠦᠬᠦᠷᠵᠢᠭᠦᠯᠦᠭᠰᠡᠨ ᠪᠡᠯᠡᠳᠬᠡᠮᠵᠢ ᠳᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ | ᠰᠢᠭᠤᠳ ᠴᠠᠬᠢᠯᠭᠠᠨ ᠬᠠᠩᠭᠠᠭᠰᠠᠨ ᠦᠭᠡᠢ ᠪᠠ ᠰᠢᠭᠤᠳ ᠰᠦᠢᠳᠬᠡᠯ ᠬᠤᠷᠢᠶᠠᠭᠰᠠᠨ ᠥᠬᠡᠶ ᠪᠠᠶᠢᠪᠠᠯ᠂ ᠴᠠᠬᠢᠯᠭᠠᠨ | ᠬᠤᠯᠪᠣᠭᠠᠨ ᠤ ᠪᠡᠯᠡᠳᠬᠡᠮᠵᠢ ᠶᠢᠨ ᠡᠵᠡᠩᠨᠡᠬᠦ ᠠᠵᠢᠯᠯᠠᠭᠠᠨ ᠤ ᠲᠠᠯ᠎ᠠ ᠶᠢᠨ ᠬᠢᠨ ᠨᠢ ᠴᠠᠬᠢᠯᠭᠠᠨ ᠬᠦᠴᠦᠨ ᠤ ᠰᠠᠯᠠᠭ᠎ᠠ | ᠮᠥᠴᠢᠷ ᠲᠤ ᠴᠠᠬᠢᠯᠭᠠᠨ ᠬᠡᠮᠵᠢᠭᠦᠷ ᠤᠭᠰᠠᠷᠠᠭᠤᠯᠬᠤ ᠪᠠᠷ ᠮᠡᠳᠡᠭᠦᠯᠵᠦ᠂ ᠰᠢᠭᠤᠳ ᠴᠠᠬᠢᠯᠭᠠᠨ ᠬᠠᠩᠭᠠᠨ ᠰᠢᠭᠤᠳ | ᠰᠦᠢᠳᠬᠡᠯ ᠬᠤᠷᠢᠶᠠᠬᠤ ᠶᠢ ᠪᠡᠶᠡᠯᠡᠭᠦᠯᠬᠦ ᠬᠡᠷᠡᠭᠲᠡᠢ᠃ ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ 5G ᠰᠠᠭᠤᠷᠢ | ᠥᠷᠲᠡᠭᠡ ᠵᠢᠴᠢ ᠮᠠᠰᠢᠨ ᠤ ᠲᠠᠰᠤᠭ ᠵᠡᠷᠭᠡ ᠲᠦᠬᠦᠷᠵᠢᠭᠦᠯᠦᠭᠰᠡᠨ ᠪᠡᠯᠡᠳᠬᠡᠮᠵᠢ ᠳᠤ ᠰᠢᠭᠤᠳ ᠴᠠᠬᠢᠯᠭᠠᠨ | ᠬᠠᠩᠭᠠᠯᠭᠠᠬᠤ ᠭᠤᠶᠤᠴᠢᠯᠠᠯ ᠤᠨ ᠭᠠᠷᠳᠠᠮ ᠢ ᠨᠢ ᠳᠥᠭᠦᠮᠴᠢᠯᠡᠵᠦ᠂ ᠳᠠᠩᠰᠠ ᠪᠠᠶᠢᠭᠤᠯᠬᠤ ᠪᠠ ᠭᠦᠢᠴᠡᠳᠬᠡᠵᠦ ᠥᠭᠬᠦ | ᠴᠠᠭ ᠢ ᠨᠢ ᠪᠣᠭᠤᠨᠢᠰᠬᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠴᠠᠬᠢᠯᠭᠠᠨ ᠬᠦᠴᠦᠨ ︵ | ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ | ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ | ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ | ᠠᠬᠤᠶᠢᠯᠠᠯ︶ | ᠵᠢᠷᠭᠤᠭ᠎ᠠ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ | ᠬᠠᠷᠢᠭᠤᠴᠠᠯᠭᠠᠲᠠᠳ ᠬᠤᠷᠠᠯᠳᠤᠭᠤᠯᠤᠭᠴᠢ ᠪᠣᠯᠵᠣ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ᠂ ᠴᠢᠮᠡᠭᠡ ᠬᠤᠯᠪᠤᠭᠠᠨ ᠤ ᠬᠠᠮᠢᠶᠠᠷᠤᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ | ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠵᠢᠴᠢ ᠥᠪᠥᠷ ᠮᠣᠩᠭᠤᠯ ᠤᠨ | ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ | ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ | ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ ᠵᠡᠷᠭᠡ ᠠᠵᠤ ᠠᠬᠤᠶᠢᠯᠠᠯ ᠢᠶᠠᠷ ᠪᠦᠷᠢᠯᠳᠦᠬᠦᠨ | ᠨᠢᠭᠡᠴᠢ ᠪᠣᠯᠭᠠᠭᠰᠠᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠥᠬᠦ | ᠣᠷᠣᠨ ᠤ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ | ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ ᠬᠡᠷᠡᠭᠵᠢᠭᠦᠯᠬᠦ ᠶᠢ ᠨᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ | ᠪᠣᠳᠠᠲᠠᠶ ᠲᠠᠢ ᠪᠠᠨ ᠤᠶᠠᠯᠳᠤᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ 5G | ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ | ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠣᠬᠢᠴᠠᠭᠤᠯᠤᠨ ᠬᠠᠮᠵᠢᠯᠴᠠᠬᠤ ᠶᠢ | ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ 5G ᠰᠦᠯᠵᠢᠶᠡᠨ ᠤ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ | ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ | ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ | ᠳᠤᠮᠳᠠᠳᠤ ᠤᠯᠤᠰ ᠤᠨ ᠲᠡᠮᠦᠷ ᠰᠣᠪᠤᠷᠭ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ | ᠮᠣᠩᠭᠤᠯ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠬᠦ ᠠᠵᠢᠯᠯᠠᠭᠠᠨ ᠤ ᠠᠵᠤ ᠠᠬᠤᠶᠢᠯᠠᠯ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | | 2020 ᠣᠨ ᠤ 4 ᠳ᠋ᠦ᠋ᠭᠡᠷ ᠰᠠᠷ᠎ᠠ ᠶᠢᠨ 18 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |