︽IPTV ᠳᠠᠮᠵᠢᠭᠤᠯᠬᠤ ᠰᠢᠰᠲ᠋ᠧᠮ ᠤᠨ ᠮᠡᠷᠭᠡᠵᠢᠯ ᠤᠨ ᠱᠠᠭᠠᠷᠳᠠᠯᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/1/4
  1.ᠰᠢᠢᠳᠪᠦᠷᠢᠲᠦ ᠪᠣᠳᠣᠯᠭ᠎ᠠ ᠶᠢᠨ ᠠᠬᠤᠶ ᠪᠠᠶᠢᠳᠠᠯ᠄ ᠣᠶᠢᠷ᠎ᠠ ᠶᠢᠨ ᠵᠢᠯ ᠠᠴᠠ ᠨᠠᠭᠠᠰᠢ᠂ IPTV ᠷᠠᠳᠢᠣ᠋ ᠲᠧᠯᠸᠢᠰ ᠤᠨ ᠠᠵᠢᠯ ᠲᠥᠷᠥᠯ ᠳᠤ ᠲᠦᠷᠭᠡᠨ ᠢᠶᠠᠷ ᠬᠥᠭᠵᠢᠵᠦ ᠪᠠᠶᠢᠨ᠎ᠠ᠂ ᠡᠶᠢᠮᠦ ᠠᠴᠠ IPTV ᠳᠠᠮᠵᠢᠭᠤᠯᠬᠤ ᠰᠢᠰᠲ᠋ᠧᠮ ᠢ ᠵᠢᠷᠤᠮᠵᠢᠭᠤᠯᠤᠨ ᠬᠠᠮᠢᠶᠠᠷᠴᠤ᠂ ᠷᠠᠳᠢᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢ ᠪᠠᠲᠤᠯᠠᠬᠤ ᠠᠮᠤᠷ ᠲᠦᠪᠰᠢᠨ ᠨᠡᠪᠲᠡᠷᠡᠭᠦᠯᠭᠡ ᠨᠢ ᠲᠦᠢᠯ ᠤᠨ ᠴᠢᠬᠤᠯᠠᠲᠠᠶ ᠪᠠᠶᠢᠨ᠎ᠠ᠃ ᠣᠳᠣᠬᠠᠨ ᠳᠤ ᠣᠯᠠᠩᠬᠢ IPTV ᠶᠢᠨ ᠬᠤᠯᠪᠤᠭᠳᠠᠯ ᠪᠦᠬᠦᠢ ᠲᠣᠭᠲᠠᠭᠠᠯ ᠪᠠ ᠳᠦᠷᠢᠮᠵᠢᠯ ᠨᠢ IPTV ᠬᠤᠷᠠᠮᠠᠯ ᠨᠡᠪᠲᠡᠷᠡᠭᠦᠯᠭᠡ ᠶᠢᠨ ᠡᠵᠡᠮᠰᠢᠯ ᠤᠨ ᠲᠠᠪᠴᠠᠩ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠲᠡᠭᠦᠨ ᠢ ᠬᠢᠨᠠᠨ ᠬᠠᠮᠢᠶᠠᠷᠬᠤ ᠪᠠ ᠬᠢᠵᠠᠭᠠᠷᠯᠠᠬᠤ ᠨᠢ IPTV ᠳᠠᠮᠵᠢᠭᠤᠯᠬᠤ ᠰᠢᠰᠲ᠋ᠧᠮ ᠳᠤ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠭᠠᠷᠳᠠᠴᠠ ᠳᠤᠲᠠᠭᠳᠠᠵᠤ ᠪᠠᠶᠢᠨ᠎ᠠ᠂ ᠲᠤᠰ ᠪᠠᠷᠢᠮᠵᠢᠶ᠎ᠠ ᠨᠢ IPTV ᠳᠠᠮᠵᠢᠭᠤᠯᠬᠤ ᠰᠢᠰᠲ᠋ᠧᠮ ᠤᠨ ᠡᠳᠦᠷ ᠲᠤᠲᠤᠮ ᠤᠨ ᠠᠵᠢᠯᠯᠠᠭᠠᠨ ᠤ ᠬᠠᠮᠠᠭᠠᠯᠠᠯᠲᠠ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠃  2. ᠰᠤᠳᠤᠯᠤᠨ ᠮᠠᠭᠠᠳᠯᠠᠭᠰᠠᠨ ᠶᠠᠪᠤᠴᠠ᠄ ᠮᠠᠨ ᠤ ᠲᠣᠪᠴᠢᠶ᠎ᠠ 1 ᠵᠢᠯ ᠤᠨ ᠬᠤᠭᠤᠴᠠᠭ᠎ᠠ ᠶᠢ ᠵᠠᠷᠣᠴᠠᠭᠤᠯᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠥᠯᠥᠪᠵᠢᠭᠦᠯᠭᠡ ᠶᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠬᠤᠷᠢᠶ᠎ᠠ ᠲᠠᠢ ᠬᠠᠮᠲᠤᠷᠠᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠠ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ᠂ ᠪᠠᠷᠢᠮᠵᠢᠶ᠎ᠠ ᠪᠠ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠬᠤᠯᠪᠤᠭᠳᠠᠯ ᠪᠥᠬᠦᠶ ᠨᠢᠭᠡᠴᠢ ᠲᠠᠢ ᠶᠠᠷᠢᠯᠴᠠᠬᠤ᠂ ᠪᠢᠴᠢᠭ ᠢᠶᠠᠷ ᠪᠠᠶᠢᠴᠠᠭᠠᠨ ᠰᠤᠳᠤᠯᠤᠯᠲᠠ ᠬᠢᠬᠦ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠵᠢᠯ ᠢ ᠦᠷᠨᠢᠭᠦᠯᠪᠡ᠃ ᠠᠩᠬᠠᠨ ᠤ ᠡᠬᠡ ᠨᠣᠣᠷᠠᠭ ᠢ ᠳᠠᠭᠤᠰᠬᠠᠭᠰᠠᠨ ᠤ ᠳᠠᠷᠠᠭ᠎ᠠ᠂ ᠲᠤᠰᠬᠠᠶᠢᠯᠠᠨ IPTV ᠳᠠᠮᠵᠢᠭᠤᠯᠬᠤ ᠪᠠᠶᠢᠭᠤᠯᠤᠮᠵᠢ ᠶᠢᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠬᠤᠯᠪᠤᠭᠳᠠᠯ ᠪᠥᠬᠦᠶ ᠬᠦᠷᠢᠶᠡᠨ ᠤ ᠲᠤᠰᠬᠠᠶ ᠮᠡᠷᠭᠡᠵᠢᠯᠲᠡᠨ ᠢ ᠤᠷᠢᠵᠤ ᠨᠤᠲᠠᠯᠠᠭᠤᠯᠬᠤ ᠶᠢᠨ ᠬᠠᠮᠲᠤ ᠪᠠᠷᠢᠮᠵᠢᠶ᠎ᠠ ᠶᠢᠨ ᠴᠢᠨᠠᠷᠲᠠᠶ ᠰᠢᠯᠭᠠᠨ ᠪᠠᠲᠤᠯᠠᠬᠤ ᠰᠢᠯᠭᠠᠯᠲᠠ ᠬᠢᠵᠦ᠂ ᠪᠠᠷᠢᠮᠵᠢᠶ᠎ᠠ ᠶᠢᠨ ᠬᠡᠷᠡᠭᠯᠡᠭᠡᠨ ᠤ ᠴᠢᠨᠠᠷ ᠪᠠ ᠪᠣᠯᠤᠮᠵᠢᠲᠤ ᠴᠢᠨᠠᠷ ᠢ ᠤᠯᠠᠮ ᠨᠢᠭᠡ ᠠᠯᠬᠤᠮ ᠰᠢᠯᠭᠠᠨ ᠪᠠᠲᠤᠯᠠᠪᠠ᠃ ᠪᠠᠷᠢᠮᠵᠢᠶ᠎ᠠ ᠶᠢ ᠲᠤᠭᠤᠷᠪᠢᠨ ᠲᠣᠭᠲᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷᠢᠮᠵᠢᠶ᠎ᠠ ᠶᠢᠨ ᠲᠠᠯ᠎ᠠ ᠪᠠᠷ ᠢᠯᠡ ᠪᠠᠷ ᠰᠠᠨᠠᠯ ᠬᠤᠷᠢᠶᠠᠭᠰᠠᠨ ᠤ ᠳᠠᠷᠠᠭ᠎ᠠ᠂ ᠠᠯᠪᠠᠨ ᠶᠣᠰᠣᠭᠠᠷ ᠵᠥᠪᠰᠢᠶᠡᠷᠡᠬᠦ ᠶᠢᠨ ᠬᠠᠮᠲᠤ ᠠᠯᠪᠠᠨ ᠵᠠᠷ ᠨᠡᠶᠢᠲᠡᠯᠡᠪᠡ᠃  3. ᠪᠤᠳᠠᠳᠤ ᠶᠠᠪᠤᠳᠠᠯ ᠤᠨ ᠦᠨᠳᠦᠰᠦᠯᠡᠯ᠄ ᠲᠤᠰ ᠪᠠᠷᠢᠮᠵᠢᠶ᠎ᠠ ᠨᠢ ᠷᠠᠳᠢᠤ᠋ ᠲᠧᠯᠸᠢᠰ ᠤᠨ ᠠᠵᠢᠯ ᠲᠦᠷᠦᠯ ᠳᠤ ᠰᠠᠭᠤᠷᠢᠯᠠᠵᠦ᠂ ᠬᠡᠮᠵᠢᠯᠳᠡ ᠬᠦᠷᠬᠡᠬᠦ ᠰᠢᠰᠲ᠋ᠧᠮ ᠤᠨ ᠠᠮᠤᠷ ᠲᠦᠪᠰᠢᠨ ᠨᠡᠪᠳᠡᠷᠡᠬᠦᠯᠬᠡ ᠶᠢᠨ ᠪᠠᠳᠤᠯᠠᠭ᠎ᠠ ᠶᠢᠨ ᠴᠢᠳᠠᠪᠤᠷᠢ ᠶᠢ ᠰᠢᠭᠤᠳ ᠦᠨᠡᠯᠡᠬᠦ ᠶᠢᠨ ᠲᠦᠯᠦᠬᠡ᠂ ᠪᠤᠰᠤᠳᠴᠢ ᠴᠢᠨᠠᠷ᠂ ᠲᠦᠪ ᠭᠤᠤᠯᠴᠢ ᠴᠢᠨᠠᠷ ᠢᠶᠠᠷ ᠵᠠᠷᠴᠢᠮ ᠪᠤᠯᠭᠠᠨ ᠲᠤᠭᠳᠠᠭᠠᠬᠤ ᠶᠢᠨ ᠬᠠᠮᠳᠤ᠂ ᠬᠡᠷᠡᠭᠵᠢᠬᠦᠯᠵᠦ ᠪᠤᠯᠬᠤᠢᠢᠴᠠ ᠴᠢᠨᠠᠷ᠂ ᠠᠵᠦ ᠠᠬᠤᠢ ᠶᠢᠨ ᠴᠢᠨᠠᠷ᠂ ᠲᠠᠪᠬᠤᠴᠠᠵᠦ ᠪᠤᠯᠬᠤᠶᠢᠴᠠ ᠴᠢᠨᠠᠷ ᠪᠤᠯᠤᠨ ᠨᠡᠶᠢᠴᠡᠬᠦ ᠴᠢᠨᠠᠷ ᠢ ᠬᠠᠮᠳᠤ ᠳᠤ ᠨᠢ ᠬᠠᠷᠠᠭᠠᠯᠵᠠᠪᠠ᠃ ᠲᠣᠰ ᠪᠠᠷᠢᠮᠵᠢᠶ᠎ᠠ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ︽ᠷᠠᠳᠢᠣ᠋ ᠲᠧᠯᠸᠢᠰ ᠤᠨ ᠠᠮᠤᠷ ᠲᠦᠪᠰᠢᠨ ᠨᠡᠪᠲᠡᠷᠡᠭᠦᠯᠭᠡ ᠶᠢᠨ ᠬᠠᠮᠢᠶᠠᠷᠤᠯᠲᠠ ᠶᠢᠨ ᠲᠣᠭᠲᠠᠭᠠᠯ︾᠂ ︽IPTV ᠬᠤᠷᠠᠮᠠᠯ ᠨᠡᠪᠲᠡᠷᠡᠭᠦᠯᠭᠡ ᠶᠢᠨ ᠡᠵᠡᠮᠳᠡᠯ ᠤᠨ ᠶᠡᠷᠦᠩᠬᠡᠶ ᠲᠠᠪᠴᠠᠩ ᠪᠠ ᠬᠤᠪᠢᠶᠠᠷᠢ ᠲᠠᠪᠴᠠᠩ ᠤᠨ EPG ᠬᠠᠮᠢᠶᠠᠷᠤᠯᠲᠠ ᠶᠢᠨ ᠰᠢᠰᠲ᠋ᠧᠮ ᠤᠨ ᠵᠠᠯᠭᠠᠭᠠᠰᠤ ᠶᠢᠨ ᠵᠢᠷᠤᠮᠵᠢᠯ︾᠂ ︽IPTV ᠬᠤᠷᠠᠮᠠᠯ ᠨᠡᠪᠲᠡᠷᠡᠭᠦᠯᠭᠡ ᠶᠢᠨ ᠡᠵᠡᠮᠳᠡᠯ ᠤᠨ ᠶᠡᠷᠦᠩᠬᠡᠶ ᠲᠠᠪᠴᠠᠩ ᠪᠠ ᠬᠤᠪᠢᠶᠠᠷᠢ ᠲᠠᠪᠴᠠᠩ ᠤᠨ ᠫᠷᠤᠭ᠍ᠷᠠᠮ ᠤᠨ ᠬᠤᠷᠠᠮᠠᠯ ᠬᠠᠮᠢᠶᠠᠷᠤᠯᠲᠠ ᠶᠢᠨ ᠰᠢᠰᠲ᠋ᠧᠮ ᠤᠨ ᠵᠠᠯᠭᠠᠭᠠᠰᠤ ᠶᠢᠨ ᠮᠡᠷᠭᠡᠵᠢᠯ ᠤᠨ ᠵᠢᠷᠤᠮᠵᠢᠯ︾᠂ ︽IPTV ᠮᠡᠷᠭᠡᠵᠢᠯ ᠤᠨ ᠲᠣᠭᠲᠠᠯᠴᠠᠭ᠎ᠠ ᠶᠢᠨ ᠶᠡᠷᠦᠩᠬᠡᠶ ᠱᠠᠭᠠᠷᠳᠠᠯᠭ᠎ᠠ︾ ᠂ ︽IPTV ᠬᠤᠷᠠᠮᠠᠯ ᠨᠡᠪᠲᠡᠷᠡᠭᠦᠯᠭᠡ ᠶᠢᠨ ᠡᠵᠡᠮᠳᠡᠯ ᠤᠨ ᠲᠠᠪᠴᠠᠩ ᠪᠠ ᠳᠠᠮᠵᠢᠭᠤᠯᠬᠤ ᠰᠢᠰᠲ᠋ᠧᠮ ᠤᠨ ᠬᠡᠷᠡᠭᠯᠡᠭᠴᠢ ᠶᠢᠨ ᠬᠤᠤᠰ ᠭᠡᠷᠡᠴᠢᠯᠡᠯ ᠬᠤᠤᠰ ᠰᠦᠢᠳᠭᠡᠯ ᠬᠤᠷᠢᠶᠠᠬᠤ ᠵᠠᠯᠭᠠᠭᠠᠰᠤ ᠶᠢᠨ ᠵᠢᠷᠤᠮᠵᠢᠯ︾᠂ ︽IPTV ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠵᠠᠯᠭᠠᠭᠠᠰᠤ ᠶᠢᠨ ᠵᠢᠷᠤᠮᠵᠢᠯ ︾᠂ ︽IPTV ᠰᠦᠯᠵᠢᠶᠡᠨ ᠤ ᠳᠠᠭᠤ ᠸᠢᠳᠢᠤ᠋ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠠᠶᠢᠯᠲᠠ ᠶᠢᠨ ᠮᠡᠷᠭᠡᠵᠢᠯ ᠤᠨ ᠱᠠᠭᠠᠷᠳᠠᠯᠭ᠎ᠠ ᠪᠠ ᠬᠡᠮᠵᠢᠯᠲᠡ ᠶᠢᠨ ᠠᠷᠭ᠎ᠠ︾ ᠵᠡᠷᠭᠡ ᠪᠢᠴᠢᠭ ᠮᠠᠲ᠋ᠧᠷᠢᠶᠠᠯ ᠢᠶᠠᠷ ᠭᠤᠣᠯ ᠯᠠᠪᠯᠠᠯᠲᠠ ᠪᠣᠯᠭᠠᠬᠤ ᠶᠢᠨ ᠬᠠᠮᠲᠤ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠤᠨ ᠬᠡᠰᠡᠭ ᠠᠭᠤᠯᠭ᠎ᠠ ᠶᠢ ᠵᠢᠷᠤᠮᠵᠢᠭᠤᠯᠤᠨ ᠡᠰᠢᠯᠡᠨ ᠬᠡᠷᠡᠭᠯᠡᠪᠡ᠃ ᠲᠤᠭᠤᠷᠪᠢᠨ ᠪᠢᠴᠢᠬᠦ ᠳᠤᠭᠤᠶᠢᠯᠠᠩ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠯᠢᠳᠡᠭ ᠦᠢᠯᠡᠳᠦᠯᠭᠡ ᠶᠢᠨ ᠲᠤᠷᠰᠢᠯᠭ᠎ᠠ ᠶᠢ ᠭᠦᠢᠴᠡᠳ ᠰᠢᠩᠭᠡᠭᠡᠨ ᠠᠪᠴᠤ᠂ ᠣᠲᠣ ᠶᠢᠨ ᠪᠠᠶᠢᠭ᠎ᠠ IPTV ᠶᠢᠨ ᠬᠤᠯᠪᠤᠭᠳᠠᠯ ᠪᠥᠬᠦᠶ ᠲᠣᠭᠲᠠᠭᠠᠯ ᠪᠠ ᠪᠠᠷᠢᠮᠵᠢᠶ᠎ᠠ ᠶᠢᠨ ᠰᠤᠳᠤᠯᠭᠠᠨ ᠤ ᠦᠷ᠎ᠡ ᠪᠦᠲᠦᠭᠡᠯ ᠳᠤ ᠲᠦᠰᠢᠭᠯᠡᠨ᠂ ᠮᠠᠲ᠋ᠧᠷᠢᠶᠠᠯ ᠴᠤᠭᠯᠠᠭᠤᠯᠬᠤ᠂ ᠶᠠᠷᠢᠯᠴᠠᠬᠤ ᠬᠤᠷᠠᠯ ᠬᠢᠬᠦ᠂ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ  ᠤᠨ ᠬᠡᠯᠪᠡᠷᠢ ᠪᠠᠷ ᠬᠤᠯᠪᠤᠭᠳᠠᠯ ᠪᠥᠬᠦᠶ ᠮᠠᠲ᠋ᠧᠷᠢᠶᠠᠯ ᠢ ᠥᠷᠭᠡᠨ ᠢᠶᠠᠷ ᠣᠯᠵᠤ ᠠᠪᠬᠤ ᠶᠢᠨ ᠬᠠᠮᠲᠤ IPTV ᠳᠠᠮᠵᠢᠭᠤᠯᠬᠤ ᠰᠢᠰᠲ᠋ᠧᠮ ᠤᠨ ᠮᠡᠷᠭᠡᠵᠢᠯ ᠤᠨ ᠭᠦᠢᠴᠡᠳᠬᠡᠯ ᠲᠤᠭ᠎ᠠ ᠪᠠ ᠦᠨᠡᠯᠡᠨ ᠵᠢᠱᠢᠵᠦ ᠬᠡᠮᠵᠢᠬᠦ ᠠᠷᠭ᠎ᠠ ᠶᠢ ᠡᠮᠬᠢᠳᠬᠡᠵᠦ᠂ ᠪᠣᠯᠪᠠᠰᠤᠷᠠᠭᠤᠯᠵᠤ᠂ ᠪᠠᠷᠢᠮᠵᠢᠶ᠎ᠠ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨ ᠬᠦ ᠪᠠᠲᠤᠯᠠᠪᠠ᠃  4. ᠭᠤᠤᠯ ᠠᠭᠤᠯᠭ᠎ᠠ ᠶᠢᠨ ᠲᠠᠶᠢᠯᠤᠮᠵᠢ
 微信图片_20240411093820.png(2).png
微信图片_20240411093827.png(2).png
微信图片_20240411093835.png(2).png
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map