ᠥᠪᠥᠷ ᠮᠣᠩᠭᠤᠯ ᠤᠨ ᠬᠤᠶᠠᠳᠤᠭᠠᠷ ᠬᠤᠭᠤᠴᠠᠭᠠᠨ ᠤ ᠣᠬᠤᠷ ᠸᠢᠳᠢᠤ᠋ ᠶᠢᠨ ᠤᠷᠤᠯᠳᠤᠭᠠᠨ ᠤ ᠦᠷ᠎ᠡ ᠳ᠋ᠦᠩ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠶᠢᠲᠡᠯᠡᠯ
ᠨᠡᠶᠢᠲᠡᠯᠡᠭᠰᠡᠨ ᠴᠠᠭ᠄
2023/10/13
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠵᠢᠭᠠᠨ ᠵᠢᠯᠣᠭᠤᠳᠤᠭᠰᠠᠨ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ᠥᠪᠥᠷ ᠮᠣᠩᠭᠤᠯ ᠤᠨ ᠬᠤᠶᠠᠳᠤᠭᠠᠷ ᠬᠤᠭᠤᠴᠠᠭᠠᠨ ᠤ ᠣᠬᠤᠷ ᠸᠢᠳᠢᠣ᠋ ᠶᠢᠨ ᠤᠷᠤᠯᠳᠤᠭᠠᠨ ᠢ ᠬᠢᠨᠠᠨ ᠲᠣᠭᠲᠠᠭᠠᠬᠤ ᠠᠵᠢᠯ ᠨᠢᠭᠡᠨᠲᠡ ᠳᠠᠭᠤᠰᠪᠠ᠃ ︽ᠬᠤᠶᠠᠳᠤᠭᠠᠷ ᠬᠤᠭᠤᠴᠠᠭᠠᠨ ᠤ ᠣᠬᠤᠷ ᠸᠢᠳᠢᠤ᠋ ᠶᠢᠨ ᠤᠷᠤᠯᠳᠤᠭᠠᠨ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠤᠷᠤᠯᠳᠤᠭᠠᠨ ᠤ ᠪᠦᠲᠦᠭᠡᠯ ᠳᠤ ᠱᠠᠩᠨᠠᠯ ᠣᠯᠭᠤᠭᠰᠠᠨ ᠦᠷ᠎ᠡ ᠳ᠋ᠦᠩ ᠢ ᠨᠡᠶᠢᠲᠡᠯᠡᠶ᠎ᠡ᠃  ᠨᠡᠶᠢᠲᠡᠯᠡᠬᠦ ᠴᠠᠭ᠄ 2023 ᠣᠨ ᠤ 10 ᠳ᠋ᠤᠭᠠᠷ ᠰᠠᠷ᠎ᠠ ᠶᠢᠨ 12 ᠤ ᠡᠳᠦᠷ ᠠᠴᠠ 18 ᠤ ᠡᠳᠦᠷ ᠪᠣᠯᠲᠠᠯ᠎ᠠ᠃  ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠷᠪᠡ ᠪᠦᠲᠦᠭᠡᠯ ᠳᠤ ᠱᠠᠩᠨᠠᠯ ᠣᠯᠭᠤᠭᠰᠠᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠲᠣᠪᠴᠢᠶ᠎ᠠ ᠶᠢᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠠᠮᠢᠶᠠᠷᠤᠯᠲᠠ ᠶᠢᠨ ᠭᠠᠵᠠᠷ ᠲᠤ ᠠᠰᠠᠭᠤᠳᠠᠯ ᠢ ᠲᠤᠰᠬᠠᠵᠤ ᠪᠣᠯᠤᠨ᠎ᠠ᠃ ᠨᠡᠶᠢᠲᠡᠯᠡᠭᠰᠡᠨ ᠮᠡᠳᠡᠭᠡ ᠵᠠᠩᠭᠢ ᠨᠢ ᠬᠡᠷᠪᠡ ᠪᠤᠷᠤᠭᠤ ᠲᠠᠢ ᠪᠣᠯ ᠲᠣᠪᠴᠢᠶ᠎ᠠ ᠶᠢᠨ ᠰᠦᠯᠵᠢᠶᠡᠨ ᠳᠡᠭᠡᠷᠡᠬᠢ ᠦᠵᠡᠵᠦ ᠰᠣᠨᠣᠰᠬᠤ ᠫᠷᠤᠭ᠍ᠷᠠᠮ ᠤᠨ ᠬᠠᠮᠢᠶᠠᠷᠤᠯᠲᠠ ᠶᠢᠨ ᠭᠠᠵᠠᠷ ᠲᠠᠢ ᠬᠠᠷᠢᠯᠴᠠᠵᠤ ᠵᠠᠰᠠᠪᠤᠷᠢ ᠣᠷᠣᠭᠤᠯᠤᠨ᠎ᠠ᠃  ᠬᠠᠷᠢᠯᠴᠠᠬᠤ ᠤᠲᠠᠰᠤ᠄ 0471 - 4590042᠂ 0471 - 4590081 

  

  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ

  2023 ᠣᠨ ᠤ 10 ᠳ᠋ᠤᠭᠠᠷ ᠰᠠᠷ᠎ᠠ ᠶᠢᠨ 12 ᠤᠨ ᠡᠳᠦᠷ

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map