ᠪᠦᠬᠦ ᠣᠷᠣᠨ ᠤ ᠲᠠᠪᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠷᠤᠯᠳᠤᠭᠠᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠶᠢᠳᠡᠯᠡᠯ
ᠨᠡᠶᠢᠲᠡᠯᠡᠭᠰᠡᠨ ᠴᠠᠭ᠄
2023/11/18
  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠭᠤᠣᠯ ᠬᠦᠭ ᠠᠶᠠᠰ ᠢ ᠴᠤᠤᠷᠢᠶᠠᠲᠤᠭᠤᠯᠬᠤ᠂ ᠢᠳᠡᠪᠬᠢ ᠬᠦᠴᠦᠨ ᠢ ᠳᠠᠮᠵᠢᠭᠤᠯᠬᠤ ᠥᠪᠡᠷᠮᠢᠴᠡ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠪᠠ ᠤᠯᠠᠮᠵᠢᠯᠠᠬᠤ ᠳᠤ ᠣᠷᠣᠯᠴᠠᠬᠤ ᠶᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ᠂ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠰᠤᠲᠠᠶᠢᠴᠤᠳ ᠤᠨ ᠨᠠᠮ ᠤᠨ ᠬᠤᠷᠢᠶ᠎ᠠ ᠶᠢᠨ ᠠᠯᠪᠠᠨ ᠭᠡᠷ ᠲᠠᠢ ᠬᠠᠮᠲᠤᠷᠠᠨ᠂ ᠪᠦᠬᠦ ᠣᠷᠣᠨ ᠤ ᠲᠠᠪᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠷᠤᠯᠳᠤᠭᠠᠨ ᠢ ᠬᠠᠮᠲᠤ ᠪᠠᠷ ᠡᠷᠬᠢᠯᠡᠪᠡ᠃ ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠨᠢᠭᠡᠴᠢ ᠶᠢᠨ ᠲᠠᠨᠢᠯᠴᠠᠭᠤᠯᠭ᠎ᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ᠂ ᠬᠤᠷᠠᠯ ᠢ ᠵᠣᠬᠢᠶᠠᠨ ᠪᠠᠶᠢᠭᠤᠯᠤᠨ ᠰᠤᠳᠤᠯᠵᠤ᠂ ᠪᠥᠬᠦ ᠣᠷᠣᠨ ᠤ ᠲᠠᠪᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠷᠤᠯᠳᠤᠭᠠᠨ ᠤ ᠰᠢᠯᠢᠳᠡᠭ ᠪᠦᠲᠦᠭᠡᠯ ᠢ 126 ᠰᠣᠩᠭᠤᠨ ᠭᠠᠷᠭᠠᠵᠤ᠂ ᠡᠳᠦᠭᠡ ᠨᠡᠶᠢᠲᠡᠯᠡᠵᠦ ᠪᠣᠢ᠃  ᠨᠡᠶᠢᠲᠡᠯᠡᠬᠦ ᠴᠠᠭ ᠨᠢ 2023 ᠣᠨ ᠤ 11 ᠳ᠋ᠦ᠋ᠭᠡᠷ ᠰᠠᠷ᠎ᠠ ᠶᠢᠨ 18 ᠤ ᠡᠳᠦᠷ ᠠᠴᠠ 25 ᠤ ᠡᠳᠦᠷ ᠪᠣᠯᠲᠠᠯ᠎ᠠ ᠪᠣᠯᠤᠨ᠎ᠠ᠃ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠤ ᠰᠠᠨᠠᠯ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ᠲᠤ ᠮᠡᠳᠡᠭᠦᠯᠵᠦ ᠲᠤᠰᠬᠠᠭᠠᠷᠠᠢ᠃  ᠬᠠᠷᠢᠯᠴᠠᠬᠤ ᠤᠲᠠᠰᠤ᠄ 0471— 4590092   ᠹᠠᠺᠰ᠄ 0471—3288016      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ  2023 ᠣᠨ ᠤ 11 ᠳ᠋ᠦ᠋ᠭᠡᠷ ᠰᠠᠷ᠎ᠠ ᠶᠢᠨ 18 ᠤ ᠡᠳᠦᠷ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map