ᠢᠨᠵᠡᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠶᠢᠨ ᠳᠣᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2023/11/2
  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠰᠠᠬᠢᠯᠭ᠎ᠠ ᠪᠠᠲᠤ ᠬᠠᠤᠯᠢ ᠲᠣᠭᠲᠠᠭᠠᠯ ᠢ ᠵᠥᠷᠢᠴᠡᠭᠰᠡᠨ ᠵᠡᠷᠭᠡ ᠠᠰᠠᠭᠤᠳᠠᠯ ᠢ ᠭᠦᠨᠵᠡᠭᠡᠶ ᠡᠷᠢᠵᠦ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠡᠷᠬᠡ ᠲᠡᠭᠰᠢ ᠲᠥᠪ ᠭᠤᠤᠯᠴᠢ᠂ ᠵᠢᠷᠤᠮᠵᠢᠯ ᠲᠠᠢ ᠥᠨᠳᠥᠷ ᠪᠦᠲᠦᠮᠵᠢᠲᠡᠶ᠂ ᠢᠯᠡ ᠲᠣᠳᠣ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠣᠷᠴᠢᠨ ᠤ ᠨᠥᠬᠦᠴᠡᠯ ᠢ ᠪᠣᠶ ᠪᠣᠯᠭᠠᠨ᠎ᠠ᠃ ᠵᠠᠰᠠᠬᠤ ᠠᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠷᠠᠳᠢᠣ᠋ ᠲᠧᠯᠸᠢᠰ ᠤᠨ ᠠᠵᠢᠯ ᠲᠥᠷᠥᠯ ᠤᠨ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠣᠳᠣᠬᠠᠨ ᠪᠣᠯᠲᠠᠯ᠎ᠠ ᠬᠡᠷᠡᠭᠵᠢᠭᠦᠯᠦᠭᠰᠡᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠥᠷᠥᠯ ᠵᠦᠢᠯ ᠳᠤ ᠭᠤᠤᠯᠳᠠᠯᠭ᠎ᠠ ᠲᠠᠢ ᠬᠢᠨᠠᠨ ᠪᠠᠶᠢᠴᠠᠭᠠᠯᠲᠠ ᠬᠢᠪᠠ᠃  ᠨᠢᠭᠡ᠂ ᠵᠠᠭᠠᠯᠳᠤᠵᠤ ᠢᠯᠡᠴᠢᠯᠡᠨ ᠮᠡᠳᠡᠭᠦᠯᠬᠦ ᠴᠠᠭ  2023 ᠣᠨ ᠤ 11 ᠳ᠋ᠦ᠋ᠭᠡᠷ ᠰᠠᠷ᠎ᠠ ᠶᠢᠨ 2 ᠤ ᠡᠳᠦᠷ ᠠᠴᠠ 7 ᠤ ᠡᠳᠦᠷ ᠪᠣᠯᠳᠠᠯ᠎ᠠ  ᠬᠤᠶᠠᠷ᠂ ᠠᠰᠠᠭᠤᠳᠠᠯ ᠤᠨ ᠲᠤᠰᠬᠠᠯ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠬᠡᠯᠪᠡᠷᠢ ᠪᠠ ᠴᠠᠭ ᠬᠤᠭᠤᠴᠠᠭ᠎ᠠ  ᠵᠠᠭᠠᠯᠳᠤᠵᠤ ᠢᠯᠡᠴᠢᠯᠡᠨ ᠮᠡᠳᠡᠭᠦᠯᠬᠦ ᠬᠤᠭᠤᠴᠠᠭᠠᠨ ᠳᠤ᠂ ᠰᠤᠷᠪᠤᠯᠵᠢᠯᠠᠬᠤ ᠂ ᠵᠠᠬᠢᠳᠠᠯ ᠢᠷᠡᠭᠦᠯᠬᠦ᠂ ᠤᠲᠠᠰᠤ ᠠᠪᠬᠤ ᠵᠡᠷᠭᠡ ᠬᠡᠯᠪᠡᠷᠢ ᠪᠠᠷ ᠷᠠᠳᠢᠣ᠋ ᠲᠧᠯᠸᠢᠰ ᠤᠨ ᠠᠵᠢᠯ ᠲᠥᠷᠥᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠬᠠᠮᠢᠶ᠎ᠠ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠪᠠᠶᠢᠴᠠᠭᠠᠨ ᠰᠤᠳᠤᠯᠬᠤ ᠳᠤ ᠬᠠᠩᠭᠠᠭᠰᠠᠨ ᠭᠡᠷᠡᠴᠢ ᠪᠠᠷᠢᠮᠲᠠ ᠵᠢᠴᠢ ᠪᠤᠰᠤᠳ ᠬᠠᠮᠢᠶ᠎ᠠ ᠪᠦᠬᠦᠢ ᠰᠦᠪᠡᠭᠴᠢ ᠶᠢ ᠬᠠᠩᠭᠠᠬᠤ ᠬᠡᠷᠡᠭᠲᠡᠢ᠃  ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨᠡᠬᠢ 9᠄ 00 - 12᠄ 00᠂ ᠦᠳᠡ ᠶᠢᠨ ᠬᠤᠶᠢᠨᠠᠬᠢ 14᠄ 30 - 17᠄ 00  ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 – 4590060      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ  2023 ᠣᠨ ᠤ 11 ᠳ᠋ᠦ᠋ᠭᠡᠷ ᠰᠠᠷ᠎ᠠ ᠶᠢᠨ 2 ᠤ ᠡᠳᠦᠷ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map