︽ᠤᠲᠠᠰᠤᠲᠤ ᠲᠧᠯᠸᠢᠰ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠱᠠᠭᠠᠷᠳᠠᠯᠭ᠎ᠠ︾ ᠵᠡᠷᠭᠡ ᠭᠤᠷᠪᠠᠨ ᠵᠦᠢᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠪᠠᠷᠢᠮᠵᠢᠶ᠎ᠠ ᠶᠢ ᠨᠡᠶᠢᠲᠡᠯᠡᠬᠦ ᠲᠤᠬᠠᠶ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/11/21
  ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠶᠡᠷᠦᠩᠬᠡᠶ ᠲᠣᠪᠴᠢᠶ᠎ᠠ ᠶᠢᠨ ᠤᠲᠠᠰᠤ ᠥᠬᠡᠶ ᠲᠣᠪᠴᠢᠶ᠎ᠠ᠂ ᠬᠢᠨᠠᠨ ᠬᠠᠮᠢᠶᠠᠷᠬᠤ ᠲᠥᠪ᠂ ᠳᠠᠭᠠᠭᠤᠯᠢ ᠣᠳᠣᠨ ᠤ ᠰᠢᠭᠤᠳ ᠨᠡᠪᠲᠡᠷᠡᠭᠦᠯᠭᠡ ᠶᠢᠨ ᠲᠥᠪ᠂ ᠷᠠᠳᠢᠤ᠋ ᠨᠡᠪᠲᠡᠷᠡᠭᠦᠯᠭᠡ ᠶᠢᠨ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠂ ᠲᠥᠯᠥᠪᠵᠢᠭᠦᠯᠭᠡ ᠶᠢᠨ ᠬᠦᠷᠢᠶᠡᠯᠡᠩ᠂ ᠵᠢᠷᠤᠭ ᠲᠥᠯᠥᠪᠯᠡᠭᠡ ᠶᠢᠨ ᠬᠦᠷᠢᠶᠡᠯᠡᠩ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠺᠢᠨᠣ᠋ ᠶᠢᠨ ᠰᠤᠪᠠᠭ ᠤᠨ ᠫᠷᠤᠭ᠍ᠷᠠᠮ ᠤᠨ ᠲᠥᠪ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠡᠯ᠎ᠡ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ᠂ ᠡᠯ᠎ᠡ ᠬᠠᠮᠢᠶ᠎ᠠ ᠪᠥᠬᠦᠶ ᠨᠢᠭᠡᠴᠢ ᠳᠤ᠄  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ︽ᠤᠲᠠᠰᠤᠲᠤ ᠲᠧᠯᠸᠢᠰ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠱᠠᠭᠠᠷᠳᠠᠯᠭ᠎ᠠ︾᠂ ︽IPTV ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠱᠠᠭᠠᠷᠳᠠᠯᠭ᠎ᠠ︾᠂ ︽ᠢᠨᠲ᠋ᠧᠷ ᠰᠦᠯᠵᠢᠶᠡᠨ ᠤ ᠲᠧᠯᠸᠢᠰ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠱᠠᠭᠠᠷᠳᠠᠯᠭ᠎ᠠ︾ ᠵᠡᠷᠭᠡ ᠭᠤᠷᠪᠠᠨ ᠪᠠᠷᠢᠮᠵᠢᠶ᠎ᠠ ᠶᠢᠨ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠡᠳᠦᠭᠡ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠠᠨᠢᠯᠴᠠᠭᠤᠯᠭ᠎ᠠ ᠶᠢᠨ ᠴᠢᠨᠠᠷᠲᠠᠶ ᠠᠵᠢᠯ ᠲᠥᠷᠥᠯ ᠤᠨ ᠪᠠᠷᠢᠮᠵᠢᠶ᠎ᠠ ᠪᠣᠯᠭᠠᠨ ᠵᠥᠪᠰᠢᠶᠡᠷᠡᠪᠡ᠃  ᠪᠠᠷᠢᠮᠵᠢᠶ᠎ᠠ ᠶᠢᠨ ᠳ᠋ᠤᠭᠠᠷ᠄  ᠳᠡᠭᠡᠷ᠎ᠡ ᠳᠤᠷᠠᠳᠤᠭᠰᠠᠨ ᠭᠤᠷᠪᠠᠨ ᠵᠦᠢᠯ ᠤᠨ ᠪᠠᠷᠢᠮᠵᠢᠶ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠪᠠᠷᠢᠮᠵᠢᠶ᠎ᠠ ᠶᠢᠨ ᠠᠭᠤᠯᠭ᠎ᠠ ᠶᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠤ ᠰᠦᠯᠵᠢᠶ᠎ᠡ ︵ http://www.nrta.gov.cn ︶ ᠳᠤ ᠨᠡᠶᠢᠲᠡᠯᠡᠨ᠎ᠡ᠃      ᠤᠯᠤᠰ ᠤᠨ ᠷᠠᠳᠢᠤ᠋ ᠲᠧᠯᠧᠢᠰ ᠤᠨ ᠶᠡᠷᠦᠩᠬᠡᠢ ᠲᠤᠪᠴᠢᠶ᠎ᠠ  2023 ᠣᠨ ᠤ 11 ᠳ᠋ᠦ᠋ᠭᠡᠷ ᠰᠠᠷ᠎ᠠ ᠶᠢᠨ 21 ᠤ ᠡᠳᠦᠷ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map