| | | | | | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠠᠴᠠ | ᠨᠠᠭᠠᠰᠢ᠂ ᠮᠠᠨ ᠤ ᠬᠤᠲᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠰᠢᠭᠤᠳ | ᠳᠣᠷᠣᠭᠰᠢ ᠪᠠᠭᠤᠯᠭᠠᠬᠤ᠂ ᠨᠠᠶᠢᠳᠠᠨ ᠬᠡᠷᠡᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠬᠤᠲᠠ ᠶᠢᠨ 20 ᠰᠠᠯᠠᠭ᠎ᠠ ᠮᠥᠴᠢᠷ ᠤᠨ 158 ᠵᠦᠢᠯ ᠤᠨ ᠵᠠᠰᠠᠭ | ᠵᠠᠬᠢᠷᠭᠠᠨ ᠤ ᠡᠷᠬᠡ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯ ᠢ ᠦᠨᠳᠦᠰᠦᠨ ᠱᠠᠲᠤᠨ ᠳᠤ ᠪᠠᠭᠤᠯᠭᠠᠵᠤ᠂ᠮᠡᠳᠡᠭᠳᠡᠬᠦ ᠠᠮᠠᠯᠠᠬᠤ᠂ ᠳᠤᠲᠠᠭᠤ ᠶᠢ ᠪᠠᠭᠲᠠᠭᠠᠨ | ᠭᠥᠯᠢᠶᠡᠨ ᠠᠪᠴᠤ ᠰᠢᠢᠳᠪᠦᠷᠢᠯᠡᠬᠦ ᠪᠠ ︽ᠦᠨᠡᠮᠯᠡᠯ ᠦᠵᠡᠬᠦ ᠦᠭᠡᠢ ᠭᠦᠢᠴᠡᠳᠬᠡᠬᠦ︾ ᠵᠡᠷᠭᠡ ᠠᠷᠭ᠎ᠠ ᠮᠠᠶ᠋ᠢᠭ ᠢ ᠠᠪᠴᠤ᠂ ᠲᠤᠰᠢᠶᠠᠬᠤ ᠴᠢᠬᠤᠯᠠ ᠲᠠᠢ ᠮᠠᠲ᠋ᠧᠷᠢᠶᠠᠯ ᠢ 800 | ᠬᠤᠪᠢ ᠬᠠᠰᠤᠵᠤ᠂ ᠭᠦᠢᠴᠡᠳᠬᠡᠬᠦ ᠭᠤᠭᠴᠤᠭ᠎ᠠ ᠶᠢ 338 ᠬᠤᠪᠢ ᠪᠠᠭᠠᠰᠬᠠᠵᠤ᠂ ᠠᠮᠠᠯᠠᠯᠲᠠ ᠶᠢᠨ ᠶᠡᠷᠦᠩᠬᠡᠢ ᠴᠠᠭ ᠤᠨ ᠬᠢᠵᠠᠭᠠᠷ ᠢ 76% ᠪᠠᠷ ᠪᠠᠭᠠᠰᠬᠠᠪᠠ᠃ | ᠡᠭᠦᠨ ᠤ ᠬᠠᠮᠲᠤ᠂ 14 ᠰᠠᠯᠠᠭ᠎ᠠ ᠮᠥᠴᠢᠷ ᠤᠨ 121 ᠵᠦᠢᠯ ᠤᠨ ᠬᠠᠷᠢᠯᠴᠠᠭᠠᠨ ᠤ ᠲᠤᠬᠠᠶᠢᠯᠠᠭᠰᠠᠨ ᠠᠵᠢᠯ ᠢ ᠰᠢᠯᠢᠳᠡᠭᠵᠢᠭᠦᠯᠦᠨ ᠲᠣᠬᠢᠷᠠᠭᠤᠯᠵᠤ᠂ᠭᠤᠭᠴᠤᠭ᠎ᠠ ᠶᠢ | 15% ᠪᠠᠷ ᠪᠠᠭᠠᠰᠬᠠᠨ᠂ ᠲᠤᠰᠢᠶᠠᠬᠤ ᠴᠢᠬᠤᠯᠠ ᠲᠠᠢ ᠮᠠᠲ᠋ᠧᠷᠢᠶᠠᠯ ᠢ 18.9% ᠪᠠᠷ ᠴᠣᠮᠬᠠᠳᠬᠠᠵᠤ᠂ ᠴᠠᠭ ᠤᠨ ᠬᠢᠵᠠᠭᠠᠷ ᠢ 37% ᠪᠠᠷ ᠪᠠᠭᠠᠰᠬᠠᠨ᠂ ︽ | ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ︾ ᠪᠠᠶᠢᠬᠤ ᠬᠦᠴᠢᠷ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︵ᠯᠢ ᠬᠠᠢ ᠵᠧᠨ︶ | |