ᠬᠤᠨᠠᠨ ᠤ ᠲᠣᠪᠴᠢᠶ᠎ᠠ᠄ ᠰᠦᠯᠵᠢᠶᠡᠨ ᠳᠡᠭᠡᠷᠡᠬᠢ ᠦᠵᠡᠵᠦ ᠰᠣᠨᠣᠰᠬᠤ ᠠᠭᠤᠯᠭ᠎ᠠ ᠶᠢ ᠬᠢᠨᠠᠨ ᠬᠠᠷᠭᠤᠭᠤᠯᠵᠤ ᠵᠢᠷᠤᠮᠵᠢᠭᠤᠯᠬᠤ ᠪᠠ ᠪᠦᠬᠦ ᠶᠠᠪᠤᠴᠠ ᠶᠢᠨ ᠬᠠᠮᠢᠶᠠᠷᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2023/11/28
  ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠬᠢᠨᠠᠨ ᠬᠠᠷᠭᠤᠭᠤᠯᠬᠤ ᠠᠵᠢᠯ ᠢ ᠴᠢᠩᠭᠠᠳᠬᠠᠬᠤ ᠪᠣᠯ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠵᠤ᠂ ᠠᠷᠠᠳ ᠤᠯᠠᠨ ᠤ ᠤᠶᠤᠨ ᠤ ᠪᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠴᠢᠬᠤᠯᠠ ᠭᠤᠭᠴᠤᠭ᠎ᠠ ᠪᠣᠯᠤᠨ᠎ᠠ᠃ ᠬᠤᠨᠠᠨ ᠤ ᠷᠠᠳᠢᠣ᠋ ᠲᠧᠯᠸᠢᠰ ᠤᠨ ᠲᠣᠪᠴᠢᠶ᠎ᠠ ᠨᠠᠷᠢᠨ ᠵᠦᠢᠯᠡᠰ ᠢ ᠴᠢᠩᠭ᠎ᠠ ᠠᠳᠬᠤᠵᠤ᠂ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠡᠮᠦᠨ᠎ᠡ ᠬᠤᠭᠤᠴᠠᠭᠠᠨ ᠳᠤ ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ ᠶᠢ ᠠᠳᠬᠤᠵᠤ᠂ ᠳᠤᠮᠳᠠ ᠬᠤᠭᠤᠴᠠᠭᠠᠨ ᠳᠤ ᠠᠭᠤᠯᠭ᠎ᠠ ᠶᠢ ᠬᠢᠨᠠᠨ ᠪᠠᠶᠢᠴᠠᠭᠠᠬᠤ ᠠᠴᠠ ᠰᠡᠭᠦᠯᠴᠢ ᠶᠢᠨ ᠬᠤᠭᠤᠴᠠᠭᠠᠨ ᠳᠤ ᠤᠬᠠᠭᠤᠯᠤᠨ ᠲᠠᠷᠬᠠᠭᠠᠬᠤ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠶᠢ ᠠᠳᠬᠤᠬᠤ ᠬᠦᠷᠲᠡᠯ᠎ᠡ᠂ ᠪᠢᠲᠡᠭᠦᠦ ᠭᠤᠭᠴᠤᠭ᠎ᠠ ᠶᠢᠨ ᠬᠠᠮᠢᠶᠠᠷᠤᠯᠲᠠ ᠶᠢᠨ ᠵᠣᠬᠢᠴᠠᠮᠵᠢ ᠶᠢ ᠠᠩᠬ᠎ᠠ ᠠᠯᠬᠤᠮ ᠪᠦᠷᠢᠯᠳᠦᠭᠦᠯᠵᠦ᠂ ᠴᠢᠩᠭ᠎ᠠ ᠪᠥᠭᠡᠳ ᠥᠨᠳᠥᠷ ᠪᠦᠲᠦᠮᠵᠢᠲᠡᠶ ᠬᠢᠨᠠᠨ ᠬᠠᠷᠭᠤᠭᠤᠯᠬᠤ ᠵᠣᠬᠢᠴᠠᠮᠵᠢ ᠪᠠᠷ ᠰᠦᠯᠵᠢᠶᠡᠨ ᠤ ᠦᠵᠡᠵᠦ ᠰᠣᠨᠣᠰᠬᠤ ᠰᠣᠳᠣᠨ ᠪᠦᠲᠦᠭᠡᠯ ᠢ ᠲᠠᠰᠤᠷᠠᠯᠲᠠ ᠥᠬᠡᠶ ᠰᠢᠨ᠎ᠡ ᠭᠡᠷᠡᠯ ᠭᠢᠯᠪᠠᠭ᠎ᠠ ᠭᠠᠷᠭᠠᠬᠤ ᠶᠢ ᠠᠬᠢᠭᠤᠯᠤᠨ᠎ᠠ᠃  2023 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠨᠠᠨ ᠤ ᠷᠠᠳᠢᠣ᠋ ᠲᠧᠯᠸᠢᠰ ᠤᠨ ᠲᠣᠪᠴᠢᠶ᠎ᠠ ᠭᠤᠤᠯᠳᠠᠯᠭ᠎ᠠ ᠲᠠᠢ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ 20 ᠪᠦᠯᠦᠭ ᠬᠢᠨᠠᠨ ᠬᠠᠷᠭᠤᠭᠤᠯᠵᠤ᠂ ᠡᠭᠦᠨ ᠳᠤ ᠭᠤᠤᠯᠳᠠᠯᠭ᠎ᠠ ᠲᠠᠢ ᠰᠦᠯᠵᠢᠶᠡᠨ ᠤ ᠶᠡᠷᠦᠩᠬᠡᠶᠢᠯᠡᠭᠰᠡᠨ ᠤᠷᠠᠯᠢᠭ 17 ᠪᠦᠯᠦᠭ ᠪᠠᠶᠢᠵᠤ᠂ ᠪᠠᠷᠢᠮᠲᠠᠲᠤ ᠺᠢᠨᠣ᠋ 3 ᠪᠦᠯᠦᠭ ᠪᠠᠶᠢᠵᠤ᠂ ᠨᠡᠶᠢᠲᠡ 3183 ᠮᠢᠨᠦ᠋ᠲ ᠪᠣᠯᠣᠨ᠎ᠠ᠃ 17 ᠪᠦᠯᠦᠭ ᠰᠦᠯᠵᠢᠶᠠᠨ ᠤ ᠶᠡᠷᠦᠩᠬᠡᠶᠢᠯᠡᠭᠰᠡᠨ ᠤᠷᠠᠯᠢᠭ ᠤᠨ ᠳᠤᠮᠳᠠ᠂ ︽ᠠᠮᠢᠵᠢᠷᠠᠯ ᠤᠨ ᠬᠦᠴᠦᠨ ᠲᠠᠢ ᠡᠷᠳᠡᠨᠢᠲᠦ ᠠᠷᠠᠯ ᠤᠨ ᠤᠯᠠᠷᠢᠯ︾᠂ ︽ᠰᠠᠯᠬᠢ ᠰᠦᠷᠦᠭᠰᠡᠨ 2023 ᠤᠨ︾ ᠨᠢ ᠲᠥᠪ ᠤᠨ ᠤᠳᠤᠷᠢᠳᠤᠯᠭ᠎ᠠ᠂ ᠮᠤᠵᠢ ᠶᠢᠨ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠨᠤᠲᠠᠯᠠᠯᠲᠠ ᠪᠠ ᠴᠣᠬᠤᠯᠠᠪᠤᠷᠢ ᠶᠢ ᠣᠯᠵᠤ᠂ ᠪᠠᠰᠠ ᠲᠦᠭ ᠲᠦᠮᠡᠨ ᠰᠦᠯᠵᠢᠶᠡᠨ ᠤ ᠠᠨᠳᠠ ᠨᠠᠷ ᠤᠨ ᠮᠠᠭᠲᠠᠭᠠᠯ ᠰᠠᠶᠢᠰᠢᠶᠠᠯ ᠢ ᠣᠯᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠡᠯᠪᠡᠭ ᠬᠤᠷᠢᠶᠠᠯᠲᠠ ᠶᠢ ᠤᠯᠪᠠ᠃ ︽ᠠᠩᠬ᠎ᠠ ᠠᠵᠢᠯ ᠳᠤ ᠤᠷᠤᠭᠰᠠᠨ ᠬᠠᠤᠯᠢ ᠶᠢᠨ ᠡᠮᠴᠢ ᠬᠤᠶᠠᠳᠤᠭᠠᠷ ᠤᠯᠠᠷᠢᠯ︾᠂ ︽ᠬᠠᠷᠰᠢ ᠰᠠᠭᠠᠳ ᠢ ᠢᠯᠠᠨ ᠳᠠᠪᠠᠭᠰᠠᠨ 3︾᠂ ︽ᠠᠪᠤ ᠡᠷᠬᠡ ᠪᠠᠷᠢᠭᠴᠢ 2︾᠂ ︽ᠴᠡᠴᠡᠭ ᠬᠢᠭᠡᠳ ᠪᠠᠭᠠᠴᠤᠳ ᠤᠨ ᠲᠣᠷᠭᠠᠨ ᠵᠠᠮ ᠤᠨ ᠤᠯᠠᠷᠢᠯ︾ ᠵᠡᠷᠭᠡ ᠫᠷᠤᠭ᠍ᠷᠠᠮ ᠨᠢ ᠨᠡᠶᠢᠭᠡᠮ ᠤᠨ ᠬᠠᠯᠠᠮᠰᠢᠯ ᠴᠡᠭ᠂ ᠡᠪᠡᠷᠰᠢᠶᠡᠯ ᠴᠡᠭ ᠪᠠ ᠲᠥᠪᠯᠡᠷᠡᠯ ᠤᠨ ᠴᠡᠭ ᠢ ᠠᠩᠬᠠᠷᠴᠤ᠂ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ᠬᠠᠯᠠᠭᠤᠨ ᠶᠠᠷᠢᠯᠴᠠᠯᠭ᠎ᠠ᠂ ᠨᠡᠯᠢᠶᠡᠳ ᠶᠡᠭᠡ ᠨᠡᠶᠢᠭᠡᠮ ᠤᠨ ᠨᠥᠯᠥᠭᠡ ᠶᠢ ᠬᠦᠷᠲᠡᠪᠡ᠃ ᠭᠤᠷᠪᠠᠨ ᠪᠦᠯᠦᠭ ᠪᠠᠷᠢᠮᠲᠠᠲᠤ ᠺᠢᠨᠣ᠋ ᠶᠢ ᠬᠤᠶᠠᠷ ᠳᠠᠪᠴᠠᠩ ᠳᠤ ᠵᠡᠷᠭᠡ ᠳᠤ ᠨᠢ ᠭᠠᠷᠭᠠᠵᠤ᠂ ᠬᠤᠶᠠᠷ ᠪᠦᠯᠦᠭ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠥᠬᠢᠭᠦᠯᠦᠯ ᠢ ᠣᠯᠵᠤ᠂ ᠭᠥᠯᠢᠶᠡᠨ ᠠᠪᠴᠤ ᠦᠵᠡᠭᠰᠡᠨ ᠨᠣᠷᠮ᠎ᠠ ᠪᠠ ᠶᠠᠷᠢᠶᠠᠨ ᠤ ᠰᠡᠳᠦᠪ ᠤᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠤᠯᠪᠤᠭᠳᠠᠯ ᠪᠥᠬᠦᠶ ᠨᠡᠷᠡᠰ ᠤᠨ ᠵᠢᠭᠰᠠᠭᠠᠯᠲᠠ ᠶᠢᠨ TOP1 ᠶᠢ ᠡᠵᠡᠯᠡᠪᠡ᠃ ᠪᠤᠢ ᠪᠦᠬᠦᠢ ᠭᠤᠤᠯᠳᠠᠯᠭ᠎ᠠ ᠲᠠᠢ ᠫᠷᠤᠭ᠍ᠷᠠᠮ ᠤᠨ ᠨᠡᠪᠲᠡᠷᠡᠭᠦᠯᠭᠡ ᠳᠤ ᠴᠥᠮ ᠬᠢᠨᠠᠨ ᠬᠠᠷᠭᠤᠭᠤᠯᠤᠭᠰᠠᠨ ᠠᠴᠠ ᠪᠣᠯᠤᠭᠰᠠᠨ ᠡᠷᠡᠭᠦᠯ ᠪᠤᠰᠤ ᠶᠠᠷᠢᠶ᠎ᠠ ᠬᠡᠯᠡᠯᠴᠡᠭᠡᠨ ᠤ ᠪᠠᠶᠢᠳᠠᠯ ᠭᠠᠷᠤᠭᠰᠠᠨ ᠦᠭᠡᠢ᠃  ᠨᠢᠭᠡ᠂ ᠡᠮᠦᠨ᠎ᠡ ᠬᠤᠭᠤᠴᠠᠭᠠᠨ ᠳᠤ ᠲᠥᠯᠥᠪᠵᠢᠭᠦᠯᠭᠡ ᠶᠢ ᠠᠳᠬᠤᠨ ᠬᠥᠲᠥᠯᠥᠨ ᠵᠢᠯᠣᠭᠤᠳᠴᠤ᠂ ᠲᠥᠷᠥᠯ ᠵᠦᠢᠯ ᠲᠣᠭᠲᠠᠭᠠᠵᠤ ᠬᠢᠨᠠᠨ ᠬᠠᠷᠭᠤᠭᠤᠯᠬᠤ ᠳᠦᠷᠢᠮ ᠢ ᠬᠡᠷᠡᠭᠵᠢᠭᠦᠯᠦᠨ᠎ᠡ  ᠰᠡᠳᠦᠪ ᠤᠨ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ ᠳᠦᠷᠢᠮ ᠢ ᠬᠡᠷᠡᠭᠵᠢᠭᠦᠯᠬᠦ ᠪᠣᠯ ᠤᠷᠠᠯᠢᠭ ᠤᠨ ᠵᠣᠬᠢᠶᠠᠨ ᠪᠦᠲᠦᠭᠡᠬᠦ ᠦᠢᠯᠡᠳᠪᠦᠷᠢᠯᠡᠯ ᠢ ᠬᠥᠲᠥᠯᠦᠨ ᠵᠢᠯᠣᠭᠤᠳᠬᠤ ᠪᠣᠳᠠᠲᠠᠢ ᠠᠷᠭ᠎ᠠ ᠬᠡᠮᠵᠢᠶ᠎ᠡ ᠥᠨ᠃ ᠵᠢᠯᠣᠭᠤᠳᠤᠮᠵᠢ ᠶᠢ ᠡᠵᠡᠮᠳᠡᠵᠦ ᠡᠬᠢᠨ ᠠᠴᠠ ᠨᠢ ᠭᠠᠷᠳᠠᠬᠤ ᠬᠡᠷᠡᠭᠲᠡᠢ᠃ ᠨᠢᠭᠡ ᠳᠤ᠂ ᠰᠡᠳᠦᠪ ᠲᠣᠭᠲᠠᠭᠠᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠢᠨ᠎ᠡ᠃ ᠦᠢᠯᠡᠳᠬᠦ ᠪᠠᠶᠢᠭᠤᠯᠤᠮᠵᠢ ᠶᠢᠨ ᠰᠡᠳᠦᠪ ᠤᠨ ᠲᠥᠯᠥᠪᠵᠢᠭᠦᠯᠭᠡ ᠶᠢᠨ ᠬᠠᠨᠳᠤᠰᠢ ᠶᠢ ᠨᠢᠭᠲᠠ ᠠᠩᠬᠠᠷᠴᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠡᠳᠦᠪ ᠤᠨ ᠲᠥᠯᠥᠪᠵᠢᠭᠦᠯᠭᠡ ᠶᠢᠨ ᠲᠦᠷᠦᠯ ᠵᠦᠢᠯ ᠲᠣᠭᠲᠠᠭᠠᠬᠤ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠵᠤ᠂ ᠦᠢᠯᠡᠳᠬᠦ ᠪᠦᠯᠬᠦᠮ ᠨᠡᠶᠢᠲᠡ ᠶᠢᠨ ᠭᠤᠣᠯ ᠬᠠᠷᠢᠭᠤᠴᠠᠯᠭᠠᠲᠠᠨ ᠲᠠᠢ ᠫᠷᠤᠭ᠍ᠷᠠᠮ ᠤᠨ ᠭᠤᠣᠯ ᠰᠡᠳᠦᠪ᠂ ᠭᠤᠭᠴᠤᠭ᠎ᠠ ᠶᠢᠨ ᠪᠠᠶᠢᠷᠢᠯᠠᠭᠤᠯᠤᠯᠲᠠ ᠵᠢᠴᠢ ᠭᠠᠷᠴᠤ ᠮᠡᠳᠡᠬᠦ ᠲᠦᠭᠰᠢᠭᠦᠷᠢ ᠶᠢᠨ ᠴᠡᠭ ᠢ ᠰᠤᠳᠤᠯᠤᠨ ᠶᠠᠷᠢᠯᠴᠠᠵᠤ᠂ ᠴᠢᠬᠤᠯᠠ ᠶᠡᠭᠡ ᠤᠳᠤᠷᠢᠳᠤᠮᠵᠢ ᠶᠢᠨ ᠠᠰᠠᠭᠤᠳᠠᠯ ᠠᠴᠠ ᠤᠷᠢᠳᠴᠢᠯᠠᠨ ᠵᠠᠶᠢᠯᠬᠤ ᠬᠡᠷᠡᠭᠲᠡᠢ᠃ ᠬᠤᠶᠠᠷ ᠲᠤ᠂ ᠰᠡᠳᠦᠪ ᠤᠨ ᠲᠥᠯᠥᠪᠵᠢᠭᠦᠯᠭᠡ ᠶᠢ ᠮᠡᠳᠡᠭᠦᠯᠦᠨ ᠬᠢᠨᠠᠬᠤ ᠶᠠᠪᠤᠴᠠ ᠶᠢ ᠴᠢᠩᠭ᠎ᠠ ᠬᠡᠷᠡᠭᠵᠢᠬᠦᠯᠦᠨ᠎ᠡ᠃ ᠭᠤᠤᠯᠳᠠᠯᠭ᠎ᠠ ᠲᠠᠢ ᠫᠷᠤᠭ᠍ᠷᠠᠮ ᠤᠨ ᠲᠥᠯᠥᠪᠵᠢᠭᠦᠯᠭᠡ ᠶᠢᠨ ᠲᠥᠰᠦᠯ ᠢ ᠲᠠᠪᠴᠠᠩ ᠢᠶᠠᠷ ᠭᠤᠷᠪᠠᠨᠲᠠ ᠬᠢᠨᠠᠭᠤᠯᠤᠭᠰᠠᠨ ᠤ ᠳᠠᠷᠠᠭ᠎ᠠ᠂ ᠲᠥᠯᠥᠪᠵᠢᠭᠦᠯᠭᠡ ᠶᠢ ᠳᠠᠩᠰᠠᠯᠠᠭᠤᠯᠬᠤ ᠭᠤᠶᠤᠴᠢᠯᠠᠯ ᠤᠨ ᠮᠠᠲ᠋ᠧᠷᠢᠶᠠᠯ ᠢ ᠳᠠᠬᠢᠨ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠬᠤ ᠠᠭᠤᠯᠭ᠎ᠠ ᠳᠤ ᠫᠷᠤᠭ᠍ᠷᠠᠮ ᠤᠨ ᠨᠡᠷᠡᠰ᠂ ᠠᠭᠤᠯᠭ᠎ᠠ ᠶᠢᠨ ᠲᠣᠪᠴᠢ ᠲᠠᠨᠢᠯᠴᠠᠭᠤᠯᠭ᠎ᠠ᠂ ᠵᠦᠴᠦᠭᠡ ᠶᠢᠨ ᠪᠠᠶᠢᠳᠠᠯ ᠵᠢᠴᠢ ᠭᠤᠤᠯ ᠰᠡᠳᠦᠪᠲᠦ ᠦᠵᠡᠯ ᠰᠠᠨᠠᠭ᠎ᠠ ᠵᠡᠷᠭᠡ ᠲᠠᠯ᠎ᠠ ᠶᠢ ᠪᠠᠭᠲᠠᠭᠠᠬᠤ ᠶᠢᠨ ᠬᠠᠮᠲᠤ ᠭᠠᠵᠠᠷ ᠤᠨ ᠶᠠᠪᠤᠳᠠᠯ ᠤᠨ ᠬᠤᠷᠠᠯ ᠳᠤ ᠲᠥᠪᠯᠡᠷᠡᠭᠦᠯᠦᠨ ᠶᠠᠷᠢᠯᠴᠠᠭᠤᠯᠬᠤ ᠪᠠᠷ ᠲᠤᠰᠢᠶᠠᠵᠤ᠂ ᠳᠠᠷᠠᠭ᠎ᠠ ᠨᠢ ᠫᠷᠤᠭ᠍ᠷᠠᠮ ᠤᠨ ᠲᠥᠯᠥᠪᠵᠢᠭᠦᠯᠭᠡ ᠶᠢᠨ ᠰᠡᠳᠦᠪ ᠲᠣᠭᠲᠠᠭᠠᠬᠤ ᠶᠢ ᠬᠢᠨᠠᠨ ᠬᠠᠷᠭᠤᠭᠤᠯᠤᠭᠰᠠᠨ ᠰᠠᠨᠠᠯ ᠤᠨ ᠮᠡᠳᠡᠭᠦᠯᠦᠯᠲᠡ ᠭᠠᠷᠭᠠᠵᠤ᠂ ᠲᠣᠪᠴᠢᠶ᠎ᠠ ᠶᠢᠨ ᠤᠳᠤᠷᠢᠳᠤᠯᠭ᠎ᠠ ᠪᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠳᠤ ᠮᠡᠳᠡᠭᠦᠯᠦᠨ᠎ᠡ᠃ ᠭᠤᠷᠪᠠ ᠳᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠭᠤᠤᠯᠳᠠᠯᠭ᠎ᠠ ᠲᠠᠢ ᠫᠷᠤᠭ᠍ᠷᠠᠮ ᠤᠨ ᠵᠢᠯᠣᠭᠤᠳᠬᠤ ᠰᠠᠨᠠᠯ ︵ᠳᠣᠷᠣᠭᠰᠢ ᠶᠡᠷᠦᠩᠬᠡᠶ ᠳᠣᠪᠴᠢᠶ᠎ᠠ ᠶᠢᠨ ᠰᠠᠨᠠᠯ ᠭᠡᠨ᠎ᠡ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠶᠡᠷᠦᠩᠬᠡᠢ ᠲᠣᠪᠴᠢᠶ᠎ᠠ ᠶᠢᠨ ᠰᠠᠨᠠᠯ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠣᠣᠯ ᠶᠤᠰᠤᠭᠠᠷ ᠨᠢ ᠭᠦᠢᠴᠡᠳ ᠤᠯᠠᠮᠵᠢᠯᠠᠵᠤ᠂ ᠮᠡᠳᠡᠭᠦᠯᠬᠦ ᠪᠠᠶᠢᠭᠤᠯᠤᠮᠵᠢ ᠶᠢ ᠵᠠᠯᠭᠠᠮᠵᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠳᠤᠮᠳᠠ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ 2023 ᠣᠨ ᠳᠤ ᠰᠡᠳᠦᠪ ᠤᠨ ᠲᠦᠯᠦᠪᠵᠢᠬᠦᠯᠭᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠢ ᠨᠡᠶᠢᠲᠡ 6 ᠤᠳᠠᠭ᠎ᠠ ᠬᠤᠷᠠᠯᠳᠤᠭᠤᠯᠵᠤ᠂ 23 ᠭᠤᠣᠯᠳᠠᠯᠭ᠎ᠠ ᠲᠠᠢ ᠫᠷᠤᠭ᠍ᠷᠠᠮ ᠢ ᠶᠠᠷᠢᠯᠴᠠᠵᠤ᠂ ᠡᠭᠦᠨ ᠳᠤ 3 ᠰᠡᠳᠦᠪ ᠢ ᠪᠠᠲᠤᠯᠠᠭᠰᠠᠨ ᠥᠬᠡᠶ᠂ 2 ᠰᠡᠳᠦᠪ ᠢ ᠵᠠᠰᠠᠭᠰᠠᠨ ᠤ ᠳᠠᠷᠠᠭ᠎ᠠ ᠪᠠᠲᠤᠯᠠᠵᠤ᠂ 20 ᠰᠡᠳᠦᠪ ᠢ ᠬᠢᠨᠠᠨ ᠬᠠᠷᠭᠤᠭᠤᠯᠬᠤ ᠪᠠᠷ ᠳᠡᠮᠵᠢᠨ ᠲᠦᠷᠦᠯ ᠵᠦᠢᠯ ᠲᠤᠭᠳᠠᠭᠠᠪᠠ᠃  ᠬᠤᠶᠠᠷ᠂ ᠳᠤᠮᠳᠠ ᠬᠤᠭᠤᠴᠠᠭᠠᠨ ᠳᠤ ᠠᠭᠤᠯᠭ᠎ᠠ ᠶᠢ ᠬᠢᠨᠠᠨ ᠬᠠᠷᠭᠤᠭᠤᠯᠬᠤ ᠶᠢ ᠠᠳᠬᠤᠵᠤ᠂ ᠲᠥᠷᠥᠯ ᠬᠤᠪᠢᠶᠠᠨ ᠵᠢᠯᠣᠭᠤᠳᠴᠤ ᠴᠢᠩᠭ᠎ᠠ ᠬᠠᠮᠢᠶᠠᠷᠬᠤ ᠶᠢ ᠴᠢᠩᠭᠠᠷᠠᠭᠤᠯᠤᠨ᠎ᠠ  ᠬᠠᠤᠯᠢ ᠲᠣᠭᠲᠠᠭᠠᠯ ᠶᠣᠰᠣᠭᠠᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠬᠢᠨᠠᠨ ᠬᠠᠷᠭᠤᠭᠤᠯᠵᠤ ᠬᠠᠮᠢᠶᠠᠷᠬᠤ ᠶᠢ ᠬᠡᠷᠡᠭᠵᠢᠭᠦᠯᠬᠦ ᠪᠣᠯ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠴᠢᠬᠤᠯᠠ ᠠᠷᠭ᠎ᠠ ᠪᠠᠷᠢᠯ ᠤᠨ ᠨᠢᠭᠡ ᠪᠣᠯᠤᠨ᠎ᠠ᠃ ᠨᠢᠭᠡ ᠳᠤ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠬᠢᠨᠠᠨ ᠬᠠᠷᠭᠤᠭᠤᠯᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠰᠦᠯᠵᠢᠶᠡᠨ ᠤ ᠦᠵᠡᠵᠦ ᠰᠣᠨᠣᠰᠬᠤ ᠲᠥᠷᠥᠯ ᠤᠨ ᠫᠷᠤᠭ᠍ᠷᠠᠮ ᠤᠨ ᠨᠡᠮᠡᠭᠳᠡᠬᠦ ᠶᠢ ᠳᠠᠭᠠᠯᠳᠤᠨ᠂ ᠡᠨᠡ ᠵᠢᠯ ᠤᠤᠯ ᠤᠨ ᠪᠠᠶᠢᠭᠰᠠᠨ 145 ᠬᠢᠨᠠᠨ ᠬᠠᠷᠭᠤᠭᠤᠯᠬᠤ ᠲᠤᠰᠬᠠᠶ ᠮᠡᠷᠭᠡᠵᠢᠯᠲᠡᠨ ᠤ ᠰᠠᠭᠤᠷᠢᠨ ᠳᠡᠭᠡᠷ᠎ᠡ᠂ 26 ᠬᠠᠤᠯᠢ ᠶᠢᠨ ᠡᠮᠴᠢ ᠶᠢᠨ ᠡᠷᠡᠭᠦᠦ ᠶᠢᠨ ᠲᠠᠩᠨᠠᠯᠲᠠ᠂ ᠡᠮᠡᠭᠲᠡᠶᠢᠴᠦᠳ ᠬᠡᠤᠬᠡᠳ᠂ ᠭᠠᠳᠠᠭᠠᠳᠤ ᠬᠡᠯᠡᠨ ᠤ ᠣᠷᠴᠢᠭᠤᠯᠭ᠎ᠠ ᠵᠡᠷᠭᠡ ᠲᠠᠯ᠎ᠠ ᠶᠢᠨ ᠲᠤᠰᠬᠠᠶ ᠮᠡᠷᠭᠡᠵᠢᠯᠲᠡᠨ ᠢ ᠨᠡᠮᠡᠵᠦ᠂ ᠠᠭᠤᠯᠭ᠎ᠠ ᠶᠢ ᠬᠢᠨᠠᠨ ᠬᠠᠷᠭᠤᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ ᠬᠤᠶᠠᠷ ᠲᠤ᠂ ᠬᠦᠨᠳᠦᠲᠦ ᠵᠣᠴᠢᠨ ᠢ ᠰᠢᠯᠵᠢᠭᠦᠯᠦᠨ ᠲᠣᠬᠢᠷᠠᠭᠤᠯᠬᠤ ᠶᠢ ᠴᠢᠩᠭᠠᠷᠠᠭᠤᠯᠤᠨ᠎ᠠ ᠃ ᠫᠷᠤᠭ᠍ᠷᠠᠮ ᠳᠤ ᠤᠷᠤᠯᠴᠠᠭᠰᠠᠨ ᠵᠤᠴᠢᠳ ᠪᠦᠷᠢ ᠶᠢ ᠴᠦᠮ ᠤᠯᠤᠰ ᠲᠦᠷᠦ ᠶᠢᠨ ᠵᠤᠬᠰᠤᠯᠳᠠ᠂ ᠦᠢᠯᠡ ᠠᠵᠢᠯᠯᠠᠭ᠎ᠠ ᠶᠢᠨ ᠲᠦᠷᠢᠮᠵᠢᠯᠳᠠ ᠶᠢ ᠨᠢ ᠨᠠᠷᠢᠨ ᠬᠢᠨᠠᠮᠠᠭᠠᠢ ᠢᠯᠭᠠᠨ ᠲᠠᠨᠢᠬᠤ ᠬᠡᠷᠡᠭᠲᠡᠢ᠃ ᠡᠨᠡ ᠵᠢᠯ ᠠᠴᠠ ᠨᠠᠭᠠᠰᠢ᠂ ᠨᠡᠶᠢᠲᠡ 285 ᠬᠦᠨᠳᠦᠲᠦ ᠵᠣᠴᠢᠨ ᠮᠤᠵᠢ ᠶᠢᠨ ᠭᠤᠤᠯᠳᠠᠯᠭ᠎ᠠ ᠲᠠᠢ ᠫᠷᠤᠭ᠍ᠷᠠᠮ ᠢ ᠰᠢᠩᠭᠡᠭᠡᠨ ᠦᠢᠯᠡᠳᠬᠦ ᠳᠤ ᠣᠷᠣᠯᠴᠠᠭᠰᠠᠨ ᠪᠥᠭᠡᠳ ︽ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠪᠠ᠂ ᠡᠭᠦᠨ ᠳᠤ ᠬᠢᠯᠢ ᠶᠢᠨ ᠭᠠᠳᠠᠨᠠᠬᠢ ᠵᠣᠴᠢᠨ 86 ᠬᠥᠮᠦᠨ ᠪᠠᠶᠢᠨ᠎ᠠ᠃ ᠣᠳᠣᠬᠠᠨ ᠪᠣᠯᠲᠠᠯ᠎ᠠ᠂ ᠬᠦᠨᠳᠦᠲᠦ ᠵᠣᠴᠢᠳ ᠢ ᠵᠣᠬᠢᠰ ᠥᠬᠡᠶ ᠬᠡᠷᠡᠭᠯᠡᠭᠰᠡᠨ ᠠᠴᠠ ᠪᠣᠯᠣᠭᠰᠠᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠭᠠᠷᠤᠭᠰᠠᠨ ᠥᠬᠡᠶ᠃ ᠭᠤᠷᠪᠠ ᠳᠤ᠂ ᠬᠠᠷᠠᠮᠵᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠰᠣᠶᠣᠯ ᠴᠡᠩᠭᠡᠯ ᠤᠨ ᠬᠦᠷᠢᠶᠡᠨ ᠳᠠᠬᠢ ᠶᠡᠷᠦᠩᠬᠡᠶᠢᠯᠡᠨ ᠵᠠᠰᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠤᠰᠠᠳᠠ᠂ ᠭᠤᠤᠯᠳᠠᠯᠭ᠎ᠠ ᠲᠠᠢ ᠫᠷᠤᠭ᠍ᠷᠠᠮ ᠳᠤ ᠣᠷᠣᠯᠴᠠᠭᠰᠠᠨ ᠬᠦᠨᠳᠦᠲᠦ ᠵᠣᠴᠢᠳ ᠲᠤ ᠬᠠᠷᠠᠮᠵᠢ ᠣᠯᠭᠤᠬᠤ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃ 40%᠂ 70% ᠬᠤᠶᠠᠷ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠬᠦ ᠶᠢᠨ ᠬᠠᠮᠲᠤ ᠵᠣᠴᠢᠳ ᠲᠤ ᠬᠠᠷᠠᠮᠵᠢ ᠣᠯᠭᠤᠯᠲᠠ ᠶᠢᠨ ᠭᠡᠷ᠎ᠡ ᠶᠢ ᠫᠷᠤᠭ᠍ᠷᠠᠮ ᠤᠨ ᠳᠠᠩᠰᠠ ᠡᠪᠬᠡᠮᠡᠯ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠡᠨᠡ ᠵᠢᠯ ᠠᠴᠠ ᠨᠠᠭᠠᠰᠢ᠂ 3 ᠫᠷᠦᠭᠷᠠᠮ ᠤᠨ ᠭᠤᠣᠯ ᠬᠦᠨᠳᠦᠲᠦ ᠵᠣᠴᠢᠨ ᠤ ᠬᠠᠷᠠᠮᠵᠢ ᠶᠢᠨ ᠬᠠᠷᠢᠴᠠᠯ ᠢ ᠳᠣᠷᠣᠭᠰᠢᠯᠠᠭᠤᠯᠪᠠ᠃ ᠬᠠᠷᠠᠮᠵᠢ ᠶᠢ ᠤᠷᠢᠳᠴᠢᠯᠠᠨ ᠦᠯᠡᠳᠡᠭᠡᠭᠰᠡᠨ ᠫᠷᠤᠭ᠍ᠷᠠᠮ ᠳᠤ᠂ ᠲᠤᠰ ᠫᠷᠤᠭ᠍ᠷᠠᠮ ᠢ ᠨᠡᠪᠲᠡᠷᠡᠭᠦᠯᠵᠦ ᠳᠠᠭᠤᠰᠤᠭᠰᠠᠨ ᠤ ᠳᠠᠷᠠᠭ᠎ᠠ ᠂ ᠨᠡᠪᠲᠡᠷᠡᠭᠦᠯᠬᠦ ᠲᠠᠪᠴᠠᠩ ᠳᠤ ᠫᠷᠤᠭ᠍ᠷᠠᠮ ᠤᠨ ᠥᠪᠡᠷ ᠤᠨ ᠥᠷᠲᠡᠭ ᠤᠨ ᠲᠥᠰᠦᠪ ᠤᠨ ᠭᠦᠢᠴᠡᠳᠬᠡᠯ ᠤᠨ ᠮᠡᠳᠡᠭᠦᠯᠦᠯᠲᠡ ᠭᠠᠷᠭᠠᠬᠤ ᠶᠢ ᠱᠠᠭᠠᠷᠳᠠᠵᠤ᠂ ᠬᠦᠨᠳᠦᠲᠦ ᠵᠣᠴᠢᠨ ᠤ ᠬᠠᠷᠠᠮᠵᠢ ᠶᠢ ᠪᠠᠷᠢᠮᠵᠢᠶᠠᠲᠤ ᠬᠡᠪᠴᠢᠶᠡᠨ ᠳᠤ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠳᠥᠷᠪᠡ ᠳᠤ᠂ ᠲᠥᠷᠥᠯ ᠬᠤᠪᠢᠶᠠᠨ ᠵᠢᠯᠣᠭᠤᠳᠬᠤ ᠶᠢ ᠬᠡᠷᠡᠭᠵᠢᠭᠦᠯᠦᠨ᠎ᠡ᠃ ᠳᠠᠭᠤᠤ ᠬᠥᠭᠵᠢᠮ ᠤᠨ ᠤᠷᠤᠯᠳᠤᠭᠠᠨ ᠤ ᠲᠥᠷᠥᠯ ᠤᠨ ᠫᠷᠦᠭᠷᠠᠮ ᠳᠤ᠂ ᠰᠣᠩᠭᠤᠭᠳᠠᠭᠰᠠᠨ ᠳᠠᠭᠤᠤ ᠵᠢᠴᠢ ᠲᠡᠭᠦᠨ ᠤ ᠦᠭᠡ ᠳᠠᠭᠤᠨ ᠤ ᠵᠣᠬᠢᠶᠠᠭᠴᠢ ᠶᠢ ᠤᠷᠢᠳ ᠢᠶᠠᠷ ᠬᠢᠨᠠᠨ ᠬᠠᠷᠭᠤᠭᠤᠯᠬᠤ ᠶᠢᠨ ᠬᠠᠮᠲᠤ ᠳᠠᠭᠤᠯᠠᠭᠴᠢᠳ ᠲᠤ ᠲᠣᠬᠢᠷᠠᠭᠤᠯᠤᠯᠲᠠ ᠬᠢᠵᠦ᠂ ᠤᠯᠤᠰ ᠲᠥᠷᠥ ᠶᠢᠨ ᠤᠳᠤᠷᠢᠳᠤᠮᠵᠢ ᠶᠢᠨ ᠠᠰᠠᠭᠤᠳᠠᠯ ᠦᠭᠡᠢ ᠪᠠ ᠬᠡᠯᠡᠯᠴᠡᠭᠡᠨ ᠦᠭᠡᠢ ᠤᠷᠠᠯᠢᠭᠴᠢᠨ ᠪᠠᠶᠢᠬᠤ ᠶᠢ ᠦᠨᠡᠨ ᠬᠦ ᠪᠠᠲᠤᠯᠠᠨ᠎ᠠ᠃ ᠤᠷᠤᠭ ᠭᠡᠷ ᠪᠦᠯᠢ᠂ ᠡᠷᠡᠭᠦᠦ ᠶᠢᠨ ᠬᠡᠷᠡᠭ ᠢ ᠲᠤᠷᠰᠢᠨ ᠳᠡᠯᠭᠡᠷᠡᠭᠦᠯᠬᠦ ᠵᠡᠷᠭᠡ ᠫᠷᠤᠭ᠍ᠷᠠᠮ ᠳᠤ᠂ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠤᠷᠢᠵᠤ ᠬᠠᠮᠵᠢᠯᠴᠠᠨ ᠬᠢᠨᠠᠬᠤ ᠳᠤ ᠣᠷᠣᠯᠴᠠᠭᠤᠯᠵᠤ᠂ ᠲᠤᠰᠬᠠᠶ ᠮᠡᠷᠭᠡᠵᠢᠯ ᠤᠨ ᠪᠣᠰᠤ ᠵᠡᠷᠭᠡ ᠮᠡᠳᠡᠭᠳᠡᠬᠦ ᠵᠢᠷᠤᠭ ᠭᠠᠷᠬᠤ ᠠᠴᠠ ᠵᠠᠶᠢᠯᠠᠰᠬᠢᠨ᠎ᠡ᠃ ᠴᠢᠬᠤᠯᠠ ᠶᠡᠭᠡ ᠪᠣᠳᠠᠲᠤ ᠰᠡᠳᠦᠪ ᠤᠨ ᠲᠤᠬᠠᠶ᠂ ᠤᠷᠢᠳ ᠢᠶᠠᠷ ᠲᠣᠭᠯᠠᠯᠲᠠ ᠶᠢᠨ ᠳᠡᠪᠲᠡᠷ ᠢ ᠬᠢᠨᠠᠨ ᠬᠠᠷᠭᠤᠭᠤᠯᠵᠤ᠂ ᠭᠤᠣᠯ ᠰᠡᠳᠦᠪ ᠭᠤᠣᠯ ᠱᠤᠭᠤᠮ ᠤᠨ ᠵᠥᠷᠢᠶ᠎ᠡ ᠦᠭᠡᠢ ᠪᠠᠶᠢᠬᠤ ᠵᠡᠷᠭᠡ ᠶᠢ ᠪᠠᠲᠤᠯᠠᠬᠤ ᠬᠡᠷᠡᠭᠲᠡᠢ᠃ ᠲᠠᠪᠤ ᠳᠤ᠂ ᠠᠭᠤᠯᠭ᠎ᠠ ᠶᠢ ᠨᠠᠷᠢᠯᠢᠭ ᠲᠣᠬᠢᠷᠠᠭᠤᠯᠤᠨ ᠬᠢᠨᠠᠨ ᠬᠠᠷᠭᠤᠭᠤᠯᠤᠨ᠎ᠠ᠃ ᠮᠡᠳᠡᠭᠦᠯᠦᠨ ᠬᠢᠨᠠᠭᠤᠯᠬᠤ ᠮᠠᠲ᠋ᠧᠷᠢᠶᠠᠯ ᠢ ᠬᠢᠨᠠᠮᠠᠭᠠᠶ ᠬᠢᠨᠠᠨ ᠬᠠᠷᠭᠤᠭᠤᠯᠵᠤ᠂ ᠰᠡᠳᠦᠪ ᠪᠠ ᠠᠭᠤᠯᠭ᠎ᠠ ᠶᠢ ᠦᠨᠳᠦᠰᠦᠯᠡᠨ ᠲᠤᠰᠬᠠᠶ ᠮᠡᠷᠭᠡᠵᠢᠯᠲᠡᠨ ᠲᠣᠬᠢᠷᠠᠭᠤᠯᠵᠤ᠂ ᠲᠤᠰᠬᠠᠶ ᠮᠡᠷᠭᠡᠵᠢᠯᠲᠡᠨ ᠤ ᠹᠢᠯᠢᠮ ᠬᠢᠨᠠᠬᠤ ᠬᠤᠷᠠᠯ ᠢ ᠵᠣᠬᠢᠶᠠᠨ ᠪᠠᠶᠢᠭᠤᠯᠵᠤ᠂ ᠲᠤᠰᠬᠠᠶ ᠮᠡᠷᠭᠡᠵᠢᠯᠲᠡᠨ ᠤ ᠶᠠᠷᠢᠶ᠎ᠠ ᠶᠢ ᠰᠣᠨᠣᠰᠴᠤ᠂ ᠲᠤᠰᠬᠠᠶ ᠮᠡᠷᠭᠡᠵᠢᠯᠲᠡᠨ ᠤ ᠬᠢᠨᠠᠨ ᠬᠠᠷᠭᠤᠭᠤᠯᠤᠭᠰᠠᠨ ᠰᠠᠨᠠᠯ ᠢ ᠲᠡᠮᠳᠡᠭᠯᠡᠨ ᠡᠮᠬᠢᠳᠬᠡᠬᠦ ᠶᠢᠨ ᠬᠠᠮᠲᠤ ᠬᠠᠮᠢᠶ᠎ᠠ ᠪᠥᠬᠦᠶ ᠰᠠᠨᠠᠯ ᠪᠠ ᠫᠷᠤᠭ᠍ᠷᠠᠮ ᠤᠨ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠲᠠᠢ ᠬᠢᠨᠠᠨ ᠬᠠᠷᠭᠤᠭᠤᠯᠵᠤ᠂ ᠫᠷᠤᠭ᠍ᠷᠠᠮ ᠤᠨ ᠠᠭᠤᠯᠭ᠎ᠠ ᠶᠢ ᠬᠢᠨᠠᠨ ᠬᠠᠷᠭᠤᠭᠤᠯᠤᠭᠰᠠᠨ ᠮᠡᠳᠡᠭᠦᠯᠦᠯᠲᠡ ᠪᠣᠯᠭᠠᠬᠤ ᠬᠡᠷᠡᠭᠲᠡᠢ᠃ ᠵᠢᠷᠭᠤᠭ᠎ᠠ ᠳᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠢᠯᠣᠭᠤᠳᠬᠤ ᠰᠠᠨᠠᠯ ᠢ ᠨᠠᠶᠢᠳᠠᠪᠤᠷᠢᠵᠢᠭᠤᠯᠤᠨ᠎ᠠ᠃ ᠭᠤᠤᠯᠳᠠᠯᠭ᠎ᠠ ᠲᠠᠢ ᠫᠷᠤᠭ᠍ᠷᠠᠮ ᠤᠨ ᠲᠤᠬᠠᠶ ᠶᠡᠷᠦᠩᠬᠡᠶ ᠲᠣᠪᠴᠢᠶ᠎ᠠ ᠶᠢᠨ ᠵᠢᠯᠣᠭᠤᠳᠬᠤ ᠰᠠᠨᠠᠯ ᠢ ᠬᠢᠨᠠᠮᠠᠭᠠᠶ ᠣᠶᠢᠯᠠᠭᠠᠵᠤ᠂ ᠫᠷᠤᠭ᠍ᠷᠠᠮ ᠤᠨ ᠳᠤᠭᠤᠶᠢᠯᠠᠩ ᠲᠠᠢ ᠬᠠᠮᠲᠤ ᠵᠠᠰᠠᠪᠤᠷᠢ ᠣᠷᠣᠭᠤᠯᠬᠤ ᠲᠥᠰᠦᠯ ᠢ ᠰᠤᠳᠤᠯᠵᠤ᠂ ᠴᠡᠭ ᠪᠠᠶᠢᠷᠢ ᠶᠢ ᠳᠠᠬᠢᠨ ᠬᠢᠨᠠᠵᠤ ᠵᠠᠰᠠᠪᠤᠷᠢ ᠣᠷᠣᠭᠤᠯᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠢᠯᠣᠭᠤᠳᠬᠤ ᠰᠠᠨᠠᠯ ᠢ ᠲᠡᠷᠡ ᠶᠣᠰᠣᠭᠠᠷ ᠨᠢ ᠲᠤᠭᠤᠰᠢᠯᠠᠭᠤᠯᠬᠤ ᠬᠡᠷᠡᠭᠲᠡᠢ᠃  ᠭᠤᠷᠪᠠ᠂ ᠰᠡᠭᠦᠯᠴᠢ ᠶᠢᠨ ᠬᠤᠭᠤᠴᠠᠭᠠᠨ ᠳᠤ ᠤᠬᠠᠭᠤᠯᠤᠨ ᠲᠠᠷᠬᠠᠭᠠᠬᠤ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠶᠢ ᠠᠳᠬᠤᠵᠤ᠂ ᠫᠷᠤᠭ᠍ᠷᠠᠮ ᠤᠨ ᠨᠡᠪᠲᠡᠷᠡᠭᠦᠯᠭᠡ ᠶᠢᠨ ᠪᠥᠬᠦ ᠶᠠᠪᠤᠴᠠ ᠶᠢ ᠬᠢᠨᠠᠨ ᠬᠠᠮᠢᠶᠠᠷᠤᠨ᠎ᠠ  ᠫᠷᠤᠭ᠍ᠷᠠᠮ ᠢ ᠰᠦᠯᠵᠢᠶᠡᠨ ᠳᠤ ᠭᠠᠷᠭᠠᠨ ᠳᠠᠩᠰᠠᠯᠠᠭᠤᠯᠬᠤ ᠠᠴᠠ ᠡᠮᠦᠨ᠎ᠡ᠂ ᠵᠠᠷᠯᠠᠨ ᠲᠠᠷᠬᠠᠭᠠᠵᠤ ᠪᠣᠯᠬᠤ ᠥᠬᠡᠶ᠃ ᠰᠦᠯᠵᠢᠶᠡᠨ ᠳᠤ ᠭᠠᠷᠭᠠᠨ ᠳᠠᠩᠰᠠᠯᠠᠭᠤᠯᠤᠭᠰᠠᠨ ᠤ ᠳᠠᠷᠠᠭ᠎ᠠ᠂ ᠫᠷᠤᠭ᠍ᠷᠠᠮ ᠢ ᠳᠠᠪᠠᠭᠤᠯᠬᠤ ᠪᠤᠶᠤ ᠬᠤᠳᠠᠯ ᠬᠠᠭᠤᠷᠮᠠᠭ ᠢᠶᠠᠷ ᠤᠬᠠᠭᠤᠯᠤᠨ ᠲᠠᠷᠬᠠᠭᠠᠬᠤ ᠶᠢ ᠬᠤᠷᠢᠭᠯᠠᠨ᠎ᠠ᠃ ᠫᠷᠤᠭ᠍ᠷᠠᠮ ᠢ ᠰᠦᠯᠵᠢᠶᠡᠨ ᠳᠤ ᠭᠠᠷᠭᠠᠭᠰᠠᠨ ᠤ ᠳᠠᠷᠠᠭ᠎ᠠ᠂ ᠨᠡᠪᠲᠡᠷᠡᠭᠦᠯᠭᠡ ᠶᠢᠨ ᠪᠠᠶᠢᠳᠠᠯ ᠢ ᠨᠢᠭᠲᠠ ᠠᠩᠬᠠᠷᠴᠤ᠂ ᠪᠢᠴᠢᠯ ᠪᠦᠷᠬᠡ ᠶᠢᠨ ᠬᠠᠯᠠᠮᠰᠢᠯ ᠡᠷᠢᠯ ᠵᠢᠴᠢ ᠬᠡᠳᠦᠨ ᠶᠡᠭᠡ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠪᠴᠠᠩ ᠳᠤ ᠭᠤᠤᠯᠳᠠᠯᠭ᠎ᠠ ᠲᠠᠢ ᠫᠷᠤᠭ᠍ᠷᠠᠮ ᠤᠨ ᠲᠦᠷᠦᠭᠦᠤ ᠭᠤᠷᠪᠠᠨ ᠬᠤᠭᠤᠴᠠᠭᠠᠨ ᠤ ᠨᠡᠪᠳᠡᠷᠡᠭᠦᠯᠦᠭᠰᠡᠨ ᠪᠠᠶᠢᠳᠠᠯ ᠢ ᠳᠡᠭᠡᠭᠰᠢ ᠮᠡᠳᠡᠭᠦᠯᠬᠦ ᠶᠢ ᠱᠠᠭᠠᠷᠳᠠᠵᠤ᠂ ᠳᠤᠮᠳᠠ ᠠᠴᠠ ᠨᠢ ᠠᠰᠠᠭᠤᠳᠠᠯ ᠢ ᠢᠯᠡᠷᠡᠭᠦᠯᠵᠦ᠂ ᠨᠡᠪᠲᠡᠷᠡᠭᠦᠯᠬᠦ ᠲᠠᠪᠴᠠᠩ ᠠᠴᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠢᠯᠣᠭᠤᠳᠬᠤ ᠶᠢ ᠠᠩᠬᠠᠷᠬᠤ ᠬᠡᠷᠡᠭᠲᠡᠶ ᠭᠡᠳᠡᠭ ᠢ ᠰᠠᠨᠠᠭᠤᠯᠤᠨ᠎ᠠ᠃ ᠫᠷᠤᠭ᠍ᠷᠠᠮ ᠢ ᠨᠡᠪᠲᠡᠷᠡᠭᠦᠯᠬᠦ ᠶᠠᠪᠤᠴᠠ ᠳᠤ᠂ ᠴᠠᠭ ᠲᠤᠬᠠᠶ ᠳᠤ ᠨᠢ ᠪᠠᠶᠢᠴᠠᠭᠠᠨ ᠦᠵᠡᠵᠦ᠂ ᠬᠡᠷᠪᠡ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠶ ᠳᠤ ᠨᠢ ᠲᠠᠪᠴᠠᠩ ᠤᠨ ᠤᠬᠠᠭᠤᠯᠤᠨ ᠬᠠᠮᠢᠶᠠᠷᠬᠤ ᠪᠤᠶᠤ ᠫᠷᠤᠭ᠍ᠷᠠᠮ ᠤᠨ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠳᠤ ᠰᠠᠨᠠᠭᠤᠯᠤᠨ᠎ᠠ᠃ ᠭᠤᠤᠯᠳᠠᠯᠭ᠎ᠠ ᠲᠠᠢ ᠫᠷᠤᠭ᠍ᠷᠠᠮ ᠢ ᠨᠡᠪᠳᠡᠷᠡᠬᠦᠯᠦᠭᠰᠡᠨ ᠤ ᠲᠠᠷᠠᠭ᠎ᠠ᠂ ᠲᠡᠪᠴᠡᠩ ᠡᠷᠬᠡᠪᠰᠢ ᠴᠠᠭ ᠲᠤᠬᠠᠢ ᠳᠤ ᠨᠢ ᠲᠠᠬᠢᠨ ᠬᠤᠷᠢᠶᠠᠬᠤ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ ᠳᠡᠭᠡᠭᠰᠢ ᠮᠡᠳᠡᠭᠦᠯᠵᠦ᠂ ᠬᠤᠶᠢᠰᠢᠳᠠ ᠶᠢᠨ ᠫᠷᠤᠭ᠍ᠷᠠᠮ ᠢ ᠬᠢᠨᠠᠨ ᠬᠠᠷᠭᠤᠭᠤᠯᠬᠤ ᠶᠠᠪᠤᠴᠠ ᠳᠤ  ᠡᠶᠢᠮᠦᠷᠬᠦᠦ ᠠᠰᠠᠭᠤᠳᠠᠯ ᠢ ᠢᠯᠡᠷᠡᠬᠦᠯᠬᠦ᠂ ᠵᠠᠶᠢᠯᠬᠤ ᠳᠤ ᠳᠦᠭᠦᠮ ᠪᠣᠯᠭᠠᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map