ᠲᠥᠪ ᠴᠢᠩᠭ᠎ᠠ ᠢᠯᠡᠷᠬᠡᠶᠢᠯᠡᠯᠲᠡ
ᠨᠡᠶᠢᠲᠡᠯᠡᠭᠰᠡᠨ ᠴᠠᠭ᠄
2023/7/14
  ᠣᠶᠢᠷ᠎ᠠ ᠳᠤ᠂ ᠲᠣᠳᠣᠷᠬᠠᠶ ᠪᠤᠰᠤ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠮᠠᠨ ᠤ ᠲᠣᠪᠴᠢᠶ᠎ᠠ ᠶᠢᠨ ᠨᠡᠷ᠎ᠡ ᠪᠠᠷ ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠷᠠᠳᠢᠣ᠋ ᠲᠧᠯᠸᠢᠰ ᠬᠤᠷᠢᠶ᠎ᠠ ᠠᠴᠠ ︽ᠷᠠᠳᠢᠣ᠋ ᠲᠧᠯᠸᠢᠰ ᠤᠨ ᠲᠥᠬᠦᠭᠡᠷᠦᠮᠵᠢ ᠪᠠᠭᠠᠵᠢ ᠬᠡᠷᠡᠭᠰᠡᠯ ᠢ ᠰᠦᠯᠵᠢᠶᠡᠨ ᠳᠤ ᠣᠷᠣᠭᠤᠯᠵᠤ ᠮᠠᠭᠠᠳᠯᠠᠨ ᠲᠣᠭᠲᠠᠭᠠᠬᠤ ᠲᠥᠷᠥᠯ ᠵᠦᠢᠯ ᠤᠨ ᠬᠦᠰᠦᠨᠦᠭᠲᠦ ︵2023 ᠬᠡᠪᠯᠡᠯ︶︾᠂ ︽ᠷᠠᠳᠢᠣ᠋ ᠲᠧᠯᠸᠢᠰ ᠤᠨ ᠠᠵᠢᠯ ᠲᠥᠷᠥᠯ ᠤᠨ ᠴᠢᠮᠡᠭᠡ ᠬᠤᠯᠪᠣᠭᠠᠨ ᠤ ᠮᠡᠷᠭᠡᠵᠢᠯ ᠵᠢᠴᠢ ᠲᠥᠬᠦᠭᠡᠷᠦᠮᠵᠢ ᠳᠣᠭᠢᠷᠠᠭᠤᠯᠬᠤ ᠳᠤ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠬᠡᠷᠡᠭᠵᠢᠭᠦᠯᠬᠦ ᠭᠠᠷ ᠳᠡᠪᠲᠡᠷ︾ ᠢ ᠵᠠᠬᠢᠶᠠᠯᠠᠬᠤ ᠶᠢᠨ ᠬᠠᠮᠲᠤ ᠰᠠᠯᠠᠭ᠎ᠠ ᠮᠥᠴᠢᠷ ᠤᠨ ᠬᠠᠨᠭᠤᠷᠮᠠᠭ ᠠᠯᠪᠠᠨ ᠲᠠᠮᠠᠭ᠎ᠠ ᠶᠢ ᠳᠠᠷᠤᠪᠠ᠃  ᠡᠭᠦᠨ ᠳᠤ᠂ ᠪᠢᠳᠡ ᠲᠥᠪ ᠴᠢᠩᠭ᠎ᠠ ᠢᠯᠡᠷᠬᠡᠶᠢᠯᠡᠬᠦ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠬᠤᠯᠪᠣᠭᠳᠠᠯ ᠪᠥᠬᠦᠶ ᠠᠵᠢᠯᠯᠠᠭ᠎ᠠ ᠶᠢ ᠶᠡᠷᠦ ᠠᠴᠠ ᠵᠣᠬᠢᠶᠠᠨ ᠪᠠᠶᠢᠭᠤᠯᠵᠤ ᠥᠩᠭᠡᠷᠡᠭᠰᠡᠨ ᠥᠬᠡᠶ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠰᠣᠨᠣᠷ ᠰᠡᠷᠡᠮᠵᠢ ᠪᠠᠨ ᠳᠡᠭᠡᠭᠰᠢᠯᠡᠬᠦᠯᠵᠦ ᠮᠡᠬᠡᠯᠡᠯ ᠢ ᠬᠢᠴᠢᠶᠡᠭᠡᠷᠡᠢ᠃ ᠬᠡᠷᠪᠡ ᠨᠢᠭᠡᠨᠲᠡ ᠬᠤᠬᠢᠷᠠᠯ ᠤᠴᠠᠷᠠᠭᠤᠯᠤᠭᠰᠠᠨ ᠪᠣᠯ ᠴᠠᠭ ᠲᠤᠬᠠᠶ ᠳᠤ   ᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠡᠷᠡᠭ ᠮᠡᠳᠡᠭᠦᠯᠬᠦ ᠶᠢᠨ ᠬᠠᠮᠲᠤ ᠰᠦᠪᠡᠭᠴᠢ ᠶᠢ ᠢᠯᠡᠴᠢᠯᠡᠨ ᠮᠡᠳᠡᠭᠦᠯᠬᠦ ᠬᠡᠷᠡᠭᠲᠡᠶ᠃  ᠣᠨᠴᠠᠭᠠᠶᠢᠯᠠᠨ ᠢᠯᠡᠷᠬᠡᠶᠢᠯᠡᠪᠡ᠃      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ  2023 ᠣᠨ ᠤ 7 ᠳ᠋ᠤᠭᠠᠷ ᠰᠠᠷ᠎ᠠ ᠶᠢᠨ 14 ᠤ ᠡᠳᠦᠷ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map