︽4K ᠬᠡᠲᠦ ᠥᠨᠳᠥᠷ ᠲᠤᠳᠤᠷᠠᠴᠠ ᠲᠠᠢ ᠲᠧᠯᠸᠢᠰ ᠤᠨ ᠮᠡᠷᠭᠡᠵᠢᠯ ᠤᠨ ᠬᠡᠷᠡᠭᠯᠡᠭᠡᠨ ᠤ ᠬᠡᠷᠡᠭᠵᠢᠭᠦᠯᠬᠦ ᠵᠦᠭᠯᠡᠭᠦᠷ ︵2023 ᠬᠡᠪᠯᠡᠯ︶︾ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/7/19
  ᠷᠠᠳᠢᠣ᠋ ᠲᠧᠯᠸᠢᠰ ᠠᠯᠪᠠᠨ ᠲᠠᠷᠬᠠᠭᠠᠭᠰᠠᠨ ﹇ 2023﹈ 187 ᠳ᠋ᠤᠭᠠᠷ ᠲᠣᠭᠠᠲᠤ    ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠶᠡᠷᠦᠩᠬᠡᠢ ᠲᠣᠪᠴᠢᠶ᠎ᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠠᠯᠪᠠᠨ ᠲᠢᠩᠬᠢᠮ᠂ ᠺᠢᠨᠣ᠋ ᠶᠢᠨ ᠰᠤᠪᠠᠭ ᠤᠨ ᠫᠷᠦᠭᠷᠡᠮ ᠤᠨ ᠲᠥᠪ᠂ ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠲᠧᠯᠸᠢᠰ ᠬᠤᠷᠢᠶ᠎ᠠ᠂ ᠡᠯ᠎ᠡ ᠬᠤᠯᠪᠤᠭᠳᠠᠯ ᠪᠦᠬᠦᠢ ᠨᠢᠭᠡᠴᠢ ᠳᠤ᠄  ᠮᠠᠨ ᠤ ᠤᠯᠤᠰ ᠤᠨ ᠬᠡᠲᠦ ᠥᠨᠳᠥᠷ ᠲᠤᠳᠤᠷᠠᠴᠠ ᠲᠠᠢ ᠲᠧᠯᠸᠢᠰ ᠤᠨ ᠬᠦᠷᠢᠶᠡᠨ ᠳᠠᠬᠢ ᠰᠢᠨ᠎ᠡ ᠮᠡᠷᠭᠡᠵᠢᠯ᠂ ᠰᠢᠨ᠎ᠡ ᠪᠠᠷᠢᠮᠵᠢᠶ᠎ᠠ ᠶᠢ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠳᠤ ᠴᠠᠭ ᠲᠤᠬᠠᠶ ᠳᠤ ᠨᠢ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠮᠠᠨ ᠤ ᠤᠯᠤᠰ ᠤᠨ 4K ᠬᠡᠲᠦ ᠥᠨᠳᠥᠷ ᠲᠤᠳᠤᠷᠠᠴᠠ ᠲᠠᠢ ᠲᠧᠯᠸᠢᠰ ᠤᠨ ᠮᠡᠷᠭᠡᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ ᠵᠢᠷᠤᠮᠵᠢᠭᠤᠯᠬᠤ ᠶᠢᠨ ᠲᠤᠰᠠᠳᠠ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ 2018 ᠣᠨ ᠳᠤ ᠨᠡᠶᠢᠲᠡᠯᠡᠭᠰᠡᠨ ︽4K ᠬᠡᠲᠦ ᠥᠨᠳᠥᠷ ᠲᠤᠳᠤᠷᠠᠴᠠ ᠲᠠᠢ ᠲᠧᠯᠸᠢᠰ ᠤᠨ ᠮᠡᠷᠭᠡᠵᠢᠯ ᠤᠨ ᠬᠡᠷᠡᠭᠯᠡᠭᠡᠨ ᠤ ᠬᠡᠷᠡᠭᠵᠢᠭᠦᠯᠬᠦ ᠵᠦᠭᠯᠡᠭᠦᠷ ︵2018 ᠬᠡᠪᠯᠡᠯ︶︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢ ᠵᠣᠬᠢᠶᠠᠨ ᠪᠠᠶᠢᠭᠤᠯᠵᠤ᠂ ︽4K ᠬᠡᠲᠦ ᠥᠨᠳᠥᠷ ᠲᠤᠳᠤᠷᠠᠴᠠ ᠲᠠᠢ ᠲᠧᠯᠸᠢᠰ ᠤᠨ ᠮᠡᠷᠭᠡᠵᠢᠯ ᠤᠨ ᠬᠡᠷᠡᠭᠯᠡᠭᠡᠨ ᠤ ᠬᠡᠷᠡᠭᠵᠢᠭᠦᠯᠬᠦ ᠵᠦᠭᠯᠡᠭᠦᠷ ︵2023 ᠬᠡᠪᠯᠡᠯ︶︾ ᠢ ᠪᠣᠶ ᠪᠣᠯᠭᠠᠪᠠ᠃ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃    ᠳᠠᠭᠠᠯᠳᠤᠭᠤᠯᠤᠯ᠄ 4K ᠬᠡᠲᠦ ᠥᠨᠳᠥᠷ ᠲᠤᠳᠤᠷᠠᠴᠠ  ᠲᠠᠢ ᠲᠧᠯᠸᠢᠰ ᠤᠨ ᠮᠡᠷᠭᠡᠵᠢᠯ ᠤᠨ ᠬᠡᠷᠡᠭᠯᠡᠭᠡᠨ ᠤ ᠬᠡᠷᠡᠭᠵᠢᠭᠦᠯᠬᠦ ᠵᠦᠭᠯᠡᠭᠦᠷ ︵2023 ᠬᠡᠪᠯᠡᠯ︶  

 

  

  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ

  2023 ᠣᠨ ᠤ 7 ᠳ᠋ᠤᠭᠠᠷ ᠰᠠᠷ᠎ᠠ ᠶᠢᠨ 19 ᠤ ᠡᠳᠦᠷ

 

ᠢᠷᠡᠯᠲᠡ᠄ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ
Baidu
map