ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ︽ᠠᠯᠲᠠᠨ ᠳᠠᠭᠤᠨ ᠱᠠᠩᠨᠠᠯ︾ ᠤᠨ ᠠᠩᠬ᠎ᠠ ᠰᠢᠯᠭᠠᠷᠠᠭᠤᠯᠤᠯᠲᠠ ᠳᠤ ᠣᠷᠣᠯᠴᠠᠬᠤ ᠬᠥᠮᠦᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠶᠢᠳᠡᠯᠡᠯ
ᠨᠡᠶᠢᠲᠡᠯᠡᠭᠰᠡᠨ ᠴᠠᠭ᠄
2023/8/28
  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠫᠷᠤᠭ᠍ᠷᠠᠮ ᠤᠨ ᠱᠠᠩᠨᠠᠯ · 2 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ︽ᠠᠯᠲᠠᠨ ᠳᠠᠭᠤᠨ ᠱᠠᠩᠨᠠᠯ︾ ᠤᠨ ᠰᠢᠯᠭᠠᠷᠠᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠣᠷᠣᠯᠴᠠᠬᠤ ᠲᠤᠬᠠᠶ ᠮᠡᠳᠡᠭᠳᠡᠯ︾ ︵ᠷᠠᠳᠢᠣ᠋ ᠲᠧᠯᠸᠢᠰ ᠠᠯᠪᠠᠨ ᠲᠠᠷᠬᠠᠭᠠᠭᠰᠠᠨ ﹇2023﹈ 192 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠯᠭᠠᠷᠠᠭᠤᠯᠤᠯᠲᠠ ᠳᠤ ᠣᠷᠣᠯᠴᠠᠭᠰᠠᠳ ᠤᠨ ᠪᠠᠶᠢᠭ᠎ᠠ ᠨᠢᠭᠡᠴᠢ ᠪᠠᠷ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠰᠤᠳᠤᠯᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠳᠣᠤᠷᠠᠬᠢ 4 ᠠᠩᠬ᠎ᠠ ᠰᠢᠯᠭᠠᠷᠠᠭᠤᠯᠤᠯᠲᠠ ᠳᠤ ᠰᠣᠩᠭᠤᠭᠳᠠᠭᠰᠠᠨ ᠬᠦᠮᠦᠨ ︵ᠷᠠᠳᠢᠣ᠋ ᠨᠡᠪᠲᠡᠷᠡᠭᠦᠯᠭᠡ ᠶᠢᠨ ᠲᠥᠷᠥᠯ ᠤᠨ 2 ᠨᠡᠷ᠎ᠡ᠂ ᠲᠧᠯᠸᠢᠰ ᠤᠨ ᠲᠥᠷᠥᠯ ᠤᠨ 2 ᠨᠡᠷ᠎ᠡ︶ ᠢ ᠲᠠᠨᠢᠯᠴᠠᠭᠤᠯᠬᠤ ᠪᠠᠷ ᠲᠥᠯᠥᠪᠯᠡᠵᠦ ᠪᠣᠶ᠂ ᠪᠣᠳᠠᠲᠠᠶ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠃  ᠷᠠᠳᠢᠣ᠋ ᠨᠡᠪᠲᠡᠷᠡᠭᠦᠯᠬᠡ ᠶᠢᠨ ᠲᠥᠷᠥᠯ᠄  ᠴᠧᠨ ᠶᠢᠩ ᠢ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠢᠭᠦᠮᠵᠢ ᠶᠢᠨ ᠬᠡᠯᠲᠡᠰ ᠤᠨ ᠳᠡᠳ᠋ ᠡᠷᠬᠢᠯᠡᠭᠴᠢ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ  ᠲᠠᠢ᠃  ᠳ᠋ᠤᠸᠠᠨ ᠶᠢᠩ᠂ ᠪᠠᠶᠠᠨᠨᠠᠭᠤᠷ ᠤᠨ ᠷᠠᠳᠢᠣ᠋ ᠲᠧᠯᠸᠢᠰ ᠬᠤᠷᠢᠶ᠎ᠠ ᠶᠢᠨ ᠡᠷᠬᠢᠯᠡᠭᠴᠢ᠂ ᠳᠤᠮᠳᠠ ᠵᠡᠷᠭᠡ ᠶᠢᠨ ᠮᠡᠷᠭᠡᠵᠢᠯ ᠤᠨ ᠴᠤᠯᠠ ᠲᠠᠢ᠃  ᠲᠧᠯᠸᠢᠰ ᠤᠨ ᠲᠥᠷᠥᠯ᠄  ᠸᠠᠩ ᠶᠦᠨ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠹᠢᠯᠢᠮ ᠦᠢᠯᠡᠳᠦᠭᠴᠢ ︵ᠵᠢᠩᠬᠢᠨᠢ ᠰᠠᠯᠠᠭ᠎ᠠ︶᠂ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ᠃  ᠨᠠᠬᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠬᠠᠮ ᠵᠠᠭᠤᠴᠢᠯᠠᠭᠤᠷ ᠤᠨ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠥᠪ ᠤᠨ ᠨᠡᠪᠲᠡᠷᠡᠭᠦᠯᠭᠡ ᠶᠢᠨ ᠬᠡᠯᠲᠡᠰ ᠤᠨ ᠡᠷᠬᠢᠯᠡᠭᠴᠢ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠲᠠᠢ᠃  ᠨᠡᠶᠢᠲᠡᠯᠡᠬᠦ ᠬᠤᠭᠤᠴᠠᠭᠠᠨ ᠳᠤ᠂ ᠠᠩᠬ᠎ᠠ ᠦᠨᠡᠯᠡᠬᠦ ᠳᠤ ᠰᠣᠩᠭᠤᠭᠳᠠᠭᠰᠠᠨ ᠬᠥᠮᠦᠰ ᠲᠤ ᠰᠡᠵᠢᠭᠲᠡᠶ ᠪᠠᠶᠢᠪᠠᠯ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠭᠠᠵᠠᠷ ᠲᠤ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠤ ᠦᠨᠡᠨ ᠪᠣᠳᠠᠲᠠᠶ ᠦᠨᠳᠦᠰᠦ ᠪᠠᠷᠢᠮᠲᠠ ᠲᠠᠢ ᠪᠠᠶᠢᠬᠤ ᠶᠢ ᠱᠠᠭᠠᠷᠳᠠᠬᠤ ᠶᠢᠨ ᠬᠠᠮᠲᠤ ᠪᠢᠴᠢᠭ ᠮᠠᠲ᠋ᠧᠷᠢᠶᠠᠯ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ ᠪᠠᠨ ᠳᠠᠭᠠᠯᠳᠤᠭᠤᠯᠵᠤ᠂ ᠲᠠᠷᠠᠭᠠᠴᠢ ᠶᠢᠨ ᠠᠯᠬᠤᠮ ᠳᠤ ᠬᠢᠨᠠᠨ ᠬᠠᠷᠭᠤᠭᠤᠯᠬᠤ ᠪᠠ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠳᠥᠭᠦᠮ ᠦᠵᠡᠭᠦᠯᠦᠭᠡᠷᠡᠢ᠃  ᠨᠡᠶᠢᠲᠡᠯᠡᠬᠦ ᠴᠠᠭ᠄ 2023 ᠣᠨ ᠤ 8 ᠳ᠋ᠤᠭᠠᠷ ᠰᠠᠷ᠎ᠠ ᠶᠢᠨ 28 ᠤ ᠡᠳᠦᠷ ᠠᠴᠠ 9 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ  ᠬᠦᠯᠢᠶᠡᠨ ᠠᠪᠴᠤ ᠰᠢᠢᠳᠪᠦᠷᠢᠯᠡᠬᠦ ᠬᠠᠶ᠋ᠢᠭ᠄ ᠬᠥᠬᠡᠬᠤᠲᠠ ᠶᠢᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠳ᠋ᠦ᠋ᠭᠡᠷ ᠨᠣᠮᠧᠷᠲᠤ A ᠰᠠᠭᠤᠳᠠᠯ ᠤᠨ 1717 ᠳ᠋ᠤᠭᠠᠷ ᠥᠷᠥᠭᠡ  ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 - 4590071 ︵ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶  0471 – 4590677 ︵ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ︶  0471 - 4590658 ︵ᠠᠵᠢᠯᠲᠠᠨ ᠤ ᠶᠠᠪᠤᠳᠠᠯ ᠤᠨ ᠭᠠᠵᠠᠷ︶      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ  2023 ᠣᠨ ᠤ 8 ᠳ᠋ᠤᠭᠠᠷ ᠰᠠᠷ᠎ᠠ ᠶᠢᠨ 28 ᠤ ᠡᠳᠦᠷ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map