2023 ᠣᠨ ᠤ ᠨᠢᠭᠡᠳᠦᠭᠡᠷ ᠤᠯᠠᠷᠢᠯ ᠤᠨ ᠰᠢᠯᠢᠳᠡᠭ ᠤᠯᠤᠰ ᠤᠨ ᠲᠧᠯᠸᠢᠰ ᠤᠨ ᠺᠠᠷᠲ᠋ᠣᠨ ᠺᠢᠨᠤ᠋ ᠶᠢ ᠲᠠᠨᠢᠯᠴᠠᠭᠤᠯᠬᠤ ᠲᠤᠬᠠᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/8/4
  ᠷᠠᠳᠢᠣ᠋ ᠲᠧᠯᠸᠢᠰ ᠠᠯᠪᠠᠨ ᠲᠠᠷᠬᠠᠭᠠᠭᠰᠠᠨ ﹇ 2023﹈ 214 ᠳ᠋ᠤᠭᠡᠷ ᠲᠣᠭᠠᠲᠤ   ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠣᠯᠤᠨ ᠵᠢᠭᠤᠯᠴᠢᠯᠠᠯ ᠤᠨ ᠲᠣᠪᠴᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ᠠᠯᠪᠠᠨ ᠲᠢᠩᠬᠢᠮ ᠳᠤ᠄  ᠤᠯᠤᠰ ᠤᠨ ᠲᠧᠯᠸᠢᠰ ᠤᠨ ᠺᠠᠷᠲ᠋ᠣᠨ ᠺᠢᠨᠤ᠋ ᠶᠢ ᠵᠣᠬᠢᠶᠠᠨ ᠪᠦᠲᠦᠭᠡᠬᠦ ᠶᠢ ᠴᠡᠴᠡᠭᠯᠡᠭᠦᠯᠦᠨ ᠬᠦᠭᠵᠢᠬᠦᠯᠵᠦ᠂ ᠤᠯᠤᠰ ᠤᠨ ᠲᠧᠯᠸᠢᠰ ᠤᠨ ᠺᠠᠷᠲ᠋ᠣᠨ ᠺᠢᠨᠣ᠋ ᠶᠢᠨ ᠰᠢᠯᠢᠳᠡᠭ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠮᠤᠵᠢ ᠶᠢᠨ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠲᠠᠨᠢᠯᠴᠠᠭᠤᠯᠭ᠎ᠠ ᠪᠠᠷ ᠳᠠᠮᠵᠢᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠰᠢᠯᠭᠠᠷᠠᠭᠤᠯᠵᠤ᠂ ︽ᠭᠡᠷ ᠲᠤ ᠵᠤᠤᠬᠠᠨ ᠤ ᠡᠵᠡᠨ ᠲᠠᠢ︾᠂ ︽ᠲᠣᠮᠣ ᠬᠥᠯᠲᠦ ᠠᠪᠤᠷᠭᠤ ᠬᠦᠷᠪᠡᠯ ᠤᠨ ᠭᠡᠷ ᠪᠦᠯᠢ ᠶᠢᠨ ᠨᠢᠭᠡᠳᠦᠭᠡᠷ ᠤᠯᠠᠷᠢᠯ︾ ᠵᠡᠷᠭᠡ 9 ᠪᠦᠲᠦᠭᠡᠯ ᠢ 2023 ᠣᠨ ᠤ ᠨᠢᠭᠡᠳᠦᠭᠡᠷ ᠤᠯᠠᠷᠢᠯ ᠤᠨ ᠰᠢᠯᠢᠳᠡᠭ ᠤᠯᠤᠰ ᠤᠨ ᠲᠧᠯᠸᠢᠰ ᠤᠨ ᠺᠠᠷᠲ᠋ᠣᠨ ᠺᠢᠨᠣ᠋ ᠪᠠᠷ ᠲᠤᠭᠳᠠᠭᠠᠪᠠ᠃ ᠡᠳᠡᠭᠡᠷ ᠪᠦᠲᠦᠭᠡᠯ ᠨᠢ ᠵᠥᠪ ᠤᠳᠤᠷᠢᠳᠤᠮᠵᠢ ᠪᠠ ᠦᠷᠳᠡᠭ ᠢᠶᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠯᠢᠶᠡᠳ ᠴᠢᠩᠭ᠎ᠠ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠣᠨᠢᠷᠬᠠᠯᠲᠤ ᠴᠢᠨᠠᠷ ᠲᠠᠢ ᠶᠤᠮ᠃ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠶᠠᠯᠠᠭᠳᠠᠵᠤ ᠪᠦᠬᠦᠢ ᠡᠯ᠎ᠡ ᠱᠠᠲᠤᠨ ᠤ ᠪᠠᠨ ᠲᠧᠯᠸᠢᠰ ᠬᠤᠷᠢᠶᠠᠨ ᠳᠤ ᠪᠦᠬᠦ ᠤᠯᠤᠰ ᠤᠨ ᠡᠯ᠎ᠡ ᠱᠠᠲᠤᠨ ᠤ ᠲᠧᠯᠸᠢᠰ ᠬᠤᠷᠢᠶ᠎ᠠ ᠣᠨᠴᠠᠭᠠᠶᠢᠯᠠᠨ ᠣᠳᠤᠨ ᠶᠡᠷᠦᠩᠬᠡᠶᠢᠯᠡᠭᠰᠡᠨ ᠰᠤᠪᠠᠭ᠂ ᠺᠠᠷᠲ᠋ᠣᠨ ᠺᠢᠨᠣ᠋ ᠶᠢᠨ ᠰᠤᠪᠠᠭ᠂ ᠪᠠᠭᠠᠴᠤᠳ ᠬᠡᠦᠬᠡᠳ ᠤᠨ ᠰᠤᠪᠠᠭ ᠢ ᠤᠷᠢᠳ ᠢᠶᠠᠷ ᠳᠣᠬᠢᠷᠠᠭᠤᠯᠤᠨ ᠨᠡᠪᠲᠡᠷᠡᠭᠦᠯᠵᠦ ᠪᠣᠯᠣᠨ᠎ᠠ ᠭᠡᠵᠦ ᠤᠯᠠᠮᠵᠢᠯᠠᠭᠠᠷᠠᠢ᠃  ᠣᠨᠴᠠᠭᠠᠶᠢᠯᠠᠨ ᠮᠡᠳᠡᠭᠳᠡᠪᠡ᠃    ᠳᠠᠭᠠᠯᠳᠤᠭᠤᠯᠤᠯ᠄ 2023 ᠣᠨ ᠤ ᠨᠢᠭᠡᠳᠦᠭᠡᠷ ᠤᠯᠠᠷᠢᠯ ᠤᠨ ᠰᠢᠯᠢᠳᠡᠭ ᠤᠯᠤᠰ ᠤᠨ ᠲᠧᠯᠸᠢᠰ ᠤᠨ ᠺᠠᠷᠲ᠋ᠣᠨ ᠺᠢᠨᠤ᠋      ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ  2023 ᠣᠨ ᠤ 8 ᠳ᠋ᠤᠭᠠᠷ ᠰᠠᠷ᠎ᠠ ᠶᠢᠨ 4 ᠤ ᠡᠳᠦᠷ 
ᠢᠷᠡᠯᠲᠡ᠄ ᠤᠬᠠᠭᠤᠯᠬᠤ ᠵᠤᠷᠭᠠᠨ
Baidu
map