︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/9/5
  ᠷᠠᠳᠢᠤ᠋ ᠲᠧᠯᠸᠢᠰ ᠲᠠᠷᠬᠠᠭᠠᠭᠰᠠᠨ ﹇ 2023﹈ 34 ᠳ᠋ᠤᠭᠡᠷ ᠲᠣᠭᠠᠲᠤ    ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠶᠡᠷᠦᠩᠬᠡᠢ ᠲᠣᠪᠴᠢᠶ᠎ᠠ ᠶᠢᠨ ᠰᠢᠭᠤᠳ ᠬᠠᠷᠢᠶ᠎ᠠ ᠡᠯ᠎ᠡ ᠨᠢᠭᠡᠴᠢ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠠᠯᠪᠠᠨ ᠲᠢᠩᠬᠢᠮ᠂ ᠡᠯ᠎ᠡ ᠬᠠᠮᠢᠶ᠎ᠠ ᠪᠦᠬᠦᠢ ᠨᠢᠭᠡᠴᠢ ᠳᠤ᠄  ︽ᠤᠯᠤᠰ ᠤᠨ ᠪᠠᠷᠢᠮᠵᠢᠶᠠᠵᠢᠭᠤᠯᠤᠯᠲᠠ ᠬᠥᠭᠵᠢᠯᠲᠡ ᠶᠢᠨ ᠬᠥᠲᠥᠯᠪᠦᠷᠢ︾ ᠶᠢ ᠭᠦᠨᠵᠡᠭᠡᠶ ᠲᠤᠭᠤᠰᠢᠯᠠᠭᠤᠯᠤᠨ ᠬᠡᠷᠡᠭᠵᠢᠭᠦᠯᠵᠦ᠂ ᠠᠵᠢᠯ ᠲᠥᠷᠥᠯ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤᠮᠳᠠᠬᠢ ᠪᠠᠷᠢᠮᠵᠢᠶᠠᠵᠢᠭᠤᠯᠤᠯᠲᠠ ᠶᠢᠨ ᠰᠠᠭᠤᠷᠢ ᠴᠢᠨᠠᠷᠲᠠᠶ᠂ ᠬᠥᠲᠥᠯᠦᠨ ᠳᠠᠭᠠᠭᠤᠯᠬᠤ ᠴᠢᠨᠠᠷᠲᠠᠶ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠤᠰᠠᠳᠠ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠳᠤ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠪᠠ᠂ ᠡᠳᠦᠭᠡ ᠳᠠᠷᠤᠮᠠᠯᠯᠠᠨ ᠲᠠᠷᠬᠠᠭᠠᠵᠤ᠂ ᠵᠢᠷᠤᠮᠯᠠᠨ ᠬᠡᠷᠡᠭᠵᠢᠭᠦᠯᠲᠦᠭᠡᠶ᠃  ᠲᠣᠰ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ 2021 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠤᠨ ᠨᠡᠶᠢᠲᠡᠯᠡᠭᠰᠡᠨ ︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ᠷᠠᠳᠢᠣ᠋ ᠲᠧᠯᠸᠢᠰ ᠲᠠᠷᠬᠠᠭᠠᠭᠰᠠᠨ ﹇ 2021﹈ 7 ᠳ᠋ᠤᠭᠠᠷ ᠲᠣᠭᠠᠲᠤ︶ ᠶᠢ ᠬᠦᠴᠦᠨ ᠥᠬᠡᠶ ᠪᠣᠯᠭᠠᠨ᠎ᠠ᠃    ᠳᠠᠭᠠᠯᠳᠤᠭᠤᠯᠤᠯ᠄ ︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ 

  ᠤᠯᠤᠰ ᠤᠨ ᠷᠠᠳᠢᠤ᠋ ᠲᠧᠯᠧᠢᠰ ᠤᠨ ᠶᠡᠷᠦᠩᠬᠡᠢ ᠲᠤᠪᠴᠢᠶ᠎ᠠ

  2023 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ

 

ᠢᠷᠡᠯᠲᠡ᠄ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ
Baidu
map