| | | | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠪᠣᠯᠬᠤ ᠥᠲᠡᠭᠦᠰ ᠤᠨ | ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ︽ᠪᠤᠭᠤᠷᠤᠯᠴᠤᠳ ᠤᠨ ᠠᠵᠢᠯᠯᠠᠭ᠎ᠠ︾ ᠶᠢᠨ ᠪᠤᠭᠤᠷᠤᠯ ᠰᠠᠶᠢᠨ ᠳᠤᠷᠠᠴᠤᠳ ᠤᠨ | ᠲᠥᠯᠥᠭᠡᠯᠡᠭᠴᠢ ᠳᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠳᠣᠲᠣᠨᠣ ᠪᠠᠷ ᠵᠣᠷᠢᠭᠵᠢᠭᠤᠯᠵᠤ᠂ ᠪᠥᠬᠦ ᠤᠯᠤᠰ ᠤᠨ ᠨᠠᠰᠤᠲᠠᠶᠢᠴᠤᠳ ᠲᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠪᠡ᠃ | ᠰᠢ ᠶᠢᠨ ᠫᠢᠩ᠂ ᠣᠯᠠᠨ ᠵᠢᠯ ᠤᠨ ᠲᠤᠷᠰᠢ᠂ ᠣᠯᠠᠨ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠥᠪᠡᠷ ᠤᠨ | ᠰᠣᠷᠣᠭᠰᠠᠨ ᠵᠦᠢᠯ ᠥᠪᠡᠷ ᠤᠨ ᠳᠠᠪᠠᠭᠤᠯᠢᠭ ᠢᠶᠠᠨ ᠠᠰᠢᠭᠯᠠᠨ ᠦᠨᠳᠦᠰᠦᠨ ᠱᠠᠲᠤᠨ ᠳᠤ ᠦᠢᠯᠡᠴᠢᠯᠡᠵᠦ᠂ ᠣᠯᠠᠨ ᠲᠦᠮᠡᠨ ᠳᠤ ᠦᠢᠯᠡᠴᠢᠯᠡᠵᠦ᠂ ᠨᠡᠶᠢᠭᠡᠮ ᠳᠤ ᠢᠳᠡᠪᠬᠢ | ᠬᠦᠴᠦᠨ ᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠨᠠᠰᠤᠲᠠᠶᠢᠴᠤᠳ ᠤᠨ ᠣᠶᠣᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠨᠠᠰᠤᠲᠠᠶᠢᠴᠤᠳ ᠪᠣᠯ ᠨᠠᠮ ᠪᠣᠯᠣᠨ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠃ ᠥᠷᠭᠡᠨ ᠣᠯᠠᠨ ᠨᠠᠰᠤᠲᠠᠶᠢᠴᠤᠳ ᠠᠭᠰᠢᠷᠠᠵᠤ | ᠪᠠᠶᠢᠪᠠᠴᠤ ᠠᠯᠤᠰ ᠤᠨ ᠬᠦᠰᠡᠯᠡᠩ ᠲᠠᠢ᠂ ᠬᠥᠭᠰᠢᠷᠡᠬᠦ ᠲᠤᠲᠤᠮ ᠬᠦᠴᠦ ᠲᠡᠩᠬᠡᠭᠡ ᠲᠠᠢ ᠪᠣᠯᠬᠤ ᠡᠷᠡᠭᠦᠯ ᠰᠠᠷᠠᠭᠤᠯ ᠣᠪᠣᠷ ᠪᠠᠶᠢᠳᠠᠯ ᠪᠠ ᠤᠷᠤᠭᠰᠢᠯᠠᠨ ᠳᠠᠪᠰᠢᠬᠤ ᠵᠣᠷᠢᠭ | ᠰᠠᠨᠠᠭ᠎ᠠ ᠶᠢ ᠪᠠᠷᠢᠮᠲᠠᠯᠠᠵᠤ᠂ ᠥᠲᠡᠯᠪᠡᠯ ᠬᠦᠷᠲᠡᠬᠦ ᠠᠰᠠᠷᠠᠮᠵᠢ ᠲᠠᠢ᠂ ᠥᠲᠡᠯᠦᠭᠡ ᠨᠠᠰᠤᠨ ᠤ ᠪᠠᠶᠠᠷ ᠪᠠᠶᠠᠰᠤᠯ ᠢ ᠡᠳ᠋ᠯᠡᠬᠦ ᠮᠥᠷᠲᠡᠭᠡᠨ ᠪᠠᠰᠠ ᠥᠲᠡᠯᠦᠭᠰᠡᠨ ᠴᠦ ᠬᠢᠬᠦ ᠠᠵᠢᠯ | ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ︽ᠪᠤᠭᠤᠷᠤᠯᠴᠤᠳ ᠤᠨ ᠬᠦᠴᠦᠨ ᠴᠢᠳᠠᠯ︾ ᠢᠶᠠᠨ ᠡᠷᠭᠦᠬᠦ ᠶᠢ ᠬᠦᠰᠡᠵᠦ | ᠪᠠᠶᠢᠨ᠎ᠠ᠃ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠰᠤᠲᠠᠶᠢᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠰᠤᠲᠠᠶᠢᠴᠤᠳ ᠤᠨ | ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ | ᠲᠡᠭᠦᠯᠳᠡᠷᠵᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠵᠤ᠂ ᠨᠠᠰᠤᠲᠠᠶᠢᠴᠤᠳ ᠤᠨ ᠠᠮᠢᠳᠤᠷᠠᠯ ᠢ ᠰᠠᠶᠢᠲᠤᠷ ᠪᠠᠲᠤᠯᠠᠵᠤ᠂ ᠦᠢᠯᠡᠳᠦᠯ ᠢ | ᠨᠢ ᠰᠠᠶᠢᠲᠤᠷ ᠪᠠᠳᠠᠷᠠᠭᠤᠯᠵᠤ᠂ ᠡᠷᠬᠡ ᠠᠰᠢᠭ ᠢ ᠨᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠪᠤᠭᠤᠷᠤᠯᠴᠤᠳ ᠤᠨ ᠠᠵᠢᠯᠯᠠᠭ᠎ᠠ︾ ᠪᠣᠯ ᠪᠥᠬᠦ ᠤᠯᠤᠰ ᠤᠨ ᠨᠠᠰᠤᠲᠠᠶᠢᠴᠤᠳ ᠤᠨ ᠵᠥᠪᠯᠡᠯ ᠠᠴᠠ 2003 ᠣᠨ ᠳᠤ ᠥᠷᠨᠢᠭᠦᠯᠦᠭᠰᠡᠨ ᠨᠠᠰᠤᠲᠠᠶᠢᠴᠤᠳ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠣᠯᠣᠨ᠎ᠠ᠂ ᠭᠤᠣᠯᠳᠠᠭᠤ ᠡᠯ᠎ᠡ ᠬᠦᠷᠢᠶᠡᠨ ᠤ ᠠᠬᠠᠮᠠᠳ ᠲᠤᠰᠬᠠᠢ ᠮᠡᠷᠭᠡᠵᠢᠯᠲᠡᠨ᠂ ᠠᠬᠠᠮᠠᠳ ᠫᠷᠣᠹᠧᠰᠰᠣᠷ ᠢ ᠵᠣᠬᠢᠶᠠᠨ | ᠪᠠᠶᠢᠭᠤᠯᠵᠤ ᠬᠥᠭᠵᠢᠭᠡᠳᠦᠢ ᠭᠠᠵᠠᠷ ᠣᠷᠣᠨ ᠢ ᠳᠡᠮᠵᠢᠭᠦᠯᠪᠡ᠃ ᠣᠳᠣᠬᠠᠨ ᠪᠣᠯᠲᠠᠯ᠎ᠠ᠂ ᠪᠥᠬᠦ ᠤᠯᠤᠰ ᠤᠨ ︽ᠪᠤᠭᠤᠷᠤᠯᠴᠤᠳ ᠤᠨ ᠠᠵᠢᠯᠯᠠᠭ᠎ᠠ︾ ᠳᠤ ᠣᠷᠣᠯᠴᠠᠭᠰᠠᠨ | ᠪᠤᠭᠤᠷᠤᠯ ᠰᠠᠶᠢᠨ ᠳᠤᠷᠠᠴᠤᠳ ᠨᠡᠶᠢᠲᠡ 700 ᠭᠠᠷᠤᠢ ᠲᠦᠮᠡᠨ ᠬᠥᠮᠥᠨ ᠤᠳᠠᠭ᠎ᠠ ᠳᠤ ᠬᠦᠷᠴᠦ᠂ 4000 ᠭᠠᠷᠤᠢ ᠲᠥᠷᠥᠯ ᠵᠦᠢᠯ ᠢ ᠲᠤᠰᠠᠯᠠᠨ ᠳᠡᠮᠵᠢᠬᠦ ᠠᠵᠢᠯ | ᠥᠷᠨᠢᠭᠦᠯᠵᠦ᠂ ︽ᠪᠤᠭᠤᠷᠤᠯᠴᠤᠳ ᠤᠨ ᠠᠵᠢᠯᠯᠠᠭ᠎ᠠ︾ ᠨᠢ ᠨᠢᠭᠡᠨᠲᠡ ᠨᠠᠰᠤᠲᠠᠶᠢᠴᠤᠳ ᠤᠨ ᠥᠲᠡᠯᠦᠭᠰᠡᠨ ᠴᠦ ᠬᠢᠬᠦ ᠠᠵᠢᠯ ᠲᠠᠢ ᠪᠠᠶᠢᠬᠤ ᠶᠢ ᠠᠬᠢᠭᠤᠯᠬᠤ ᠴᠢᠬᠤᠯᠠ | ᠲᠠᠪᠴᠠᠩ ᠤᠨ ᠨᠢᠭᠡ ᠪᠣᠯᠵᠠᠢ᠃ ᠣᠶᠢᠷ᠎ᠠ ᠳᠤ᠂ ︽ᠪᠤᠭᠤᠷᠤᠯᠴᠤᠳ ᠤᠨ ᠠᠵᠢᠯᠯᠠᠭ᠎ᠠ︾ ᠶᠢᠨ ᠪᠤᠭᠤᠷᠤᠯ ᠰᠠᠶᠢᠨ ᠳᠤᠷᠠᠴᠤᠳ ᠤᠨ ᠲᠥᠯᠥᠭᠡᠯᠡᠭᠴᠢ ᠶᠡᠷᠦᠩᠬᠡᠢ ᠱᠦᠵᠢ ᠰᠢ | ᠶᠢᠨ ᠫᠢᠩ ᠳᠤ ᠵᠠᠬᠢᠳᠠᠯ ᠪᠢᠴᠢᠵᠦ᠂ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠳᠠᠪᠠᠭᠤᠯᠢᠭ ᠢᠶᠠᠨ ᠦᠷᠭᠦᠯᠵᠢᠯᠡᠨ | ᠪᠠᠳᠠᠷᠠᠭᠤᠯᠵᠤ᠂ ᠨᠡᠶᠢᠭᠡᠮ ᠤᠨ ᠠᠴᠢ ᠶᠢ ᠬᠠᠷᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ | ᠵᠣᠷᠢᠭ ᠢᠶᠠᠨ ᠢᠯᠡᠳᠬᠡᠵᠡᠢ᠃ | | |