ᠬᠤᠨᠠᠨ ᠤ ᠷᠠᠳᠢᠣ᠋ ᠲᠧᠯᠸᠢᠰ ᠬᠤᠷᠢᠶ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠪᠦᠷᠢᠨ ᠵᠠᠭᠤᠴᠢ ᠶᠢᠨ ᠰᠢᠭᠤᠳ ᠨᠡᠪᠲᠡᠷᠡᠭᠦᠯᠭᠡ ᠶᠢ ᠨᠡᠶᠢᠲᠡᠯᠡᠵᠦ᠂ ︽ᠵᠠᠩ ᠵᠢᠶᠠ ᠵᠢᠶᠧ︾ ᠶᠢᠨ ︽ᠤᠷᠤᠰᠴᠠ ᠶᠢᠨ ᠨᠢᠭᠤᠴᠠ︾ ᠶᠢ ᠰᠠᠶᠢᠨ ᠰᠦᠪᠡᠭᠴᠢᠯᠡᠪᠡ
ᠨᠡᠶᠢᠲᠡᠯᠡᠭᠰᠡᠨ ᠴᠠᠭ᠄
2024/10/11
  ᠣᠶᠢᠷ᠎ᠠ ᠳᠤ᠂ ᠬᠤᠨᠠᠨ ᠤ ᠷᠠᠳᠢᠣ᠋ ᠲᠧᠯᠸᠢᠰ ᠬᠤᠷᠢᠶ᠎ᠠ ᠶᠢᠨ ᠷᠠᠳᠢᠣ᠋ ᠨᠡᠪᠲᠡᠷᠡᠭᠦᠯᠭᠡ ᠶᠢᠨ ᠵᠠᠭᠤᠴᠢᠯᠠᠭᠤᠷ ᠤᠨ ᠲᠥᠪ ᠨᠢ ᠵᠠᠩ ᠵᠢᠶᠠ ᠵᠢᠶᠧ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ᠂ ᠳᠡᠯᠡᠬᠡᠢ ᠶᠢᠨ ᠵᠢᠭᠤᠯᠴᠢᠯᠠᠯ ᠤᠨ ᠡᠳᠦᠷ ᠤᠨ ᠠᠵᠠ ᠲᠣᠬᠢᠶᠠᠯ ᠲᠠᠢ ᠤᠶᠠᠯᠳᠤᠭᠤᠯᠤᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠣᠯᠣᠩᠭᠤᠰ ᠬᠡᠯᠡᠨ ᠤ ᠬᠡᠯᠲᠡᠰ ᠤᠨ ᠭᠠᠳᠠᠭᠠᠳᠤ ᠷᠠᠳᠢᠣ᠋ ᠨᠡᠪᠲᠡᠷᠡᠭᠦᠯᠭᠡ᠂ ᠰᠢᠶᠠᠩᠭᠠᠩ ᠤᠨ ᠷᠠᠳᠢᠣ᠋ ᠬᠤᠷᠢᠶ᠎ᠠ᠂ ᠣᠣᠮᠧᠨ ᠤ ᠷᠠᠳᠢᠣ᠋ ᠬᠤᠷᠢᠶ᠎ᠠ ᠵᠢᠴᠢ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠠᠷᠪᠠᠨ ᠤᠯᠤᠰ ᠢ ᠬᠠᠮᠤᠷᠤᠭᠰᠠᠨ ᠤᠮᠠᠷᠠᠲᠤ ᠪᠤᠯᠤᠩ ᠤᠨ ᠳᠠᠭᠤᠨ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠵᠠᠭᠤᠴᠢᠯᠠᠭᠤᠷ ᠤᠨ ᠲᠠᠪᠴᠠᠩ ᠲᠠᠢ ᠬᠠᠮᠲᠤᠷᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠷᠢᠨ ᠵᠠᠭᠤᠴᠢᠯᠠᠭᠤᠷ ᠤᠨ ︽ᠰᠢᠭᠤᠳ ᠨᠡᠪᠲᠡᠷᠡᠭᠦᠯᠭᠡ ᠳᠠᠬᠢ ᠬᠤᠨᠠᠨ — ᠵᠠᠩ ᠵᠢᠶᠠ ᠵᠢᠶᠧ︾ ᠶᠢ ᠰᠢᠨ᠎ᠡ ᠪᠠᠷ ᠭᠠᠷᠭᠠᠵᠤ᠂ ᠵᠠᠩ ᠵᠢᠶᠠ ᠵᠢᠶᠧ ᠶᠢᠨ ᠳᠤ ᠵᠢᠭᠤᠯᠴᠢᠯᠠᠬᠤ ᠰᠢᠨ᠎ᠡ ᠬᠠᠨᠲᠤᠰᠢ ᠶᠢ ᠣᠯᠠᠨ ᠲᠠᠯ᠎ᠠ ᠠᠴᠠ ᠳᠡᠯᠭᠡᠨ ᠦᠵᠡᠭᠦᠯᠵᠦ᠂ ︽China Travel ᠶᠢᠨ ᠬᠠᠯᠠᠭᠤᠷᠠᠯ ︾ ᠤᠨ ᠵᠠᠩ ᠵᠢᠶᠠ ᠵᠢᠶᠧ ᠶᠢᠨ ᠦᠯᠢᠭᠡᠷ ᠬᠡᠪ ᠢ ᠵᠠᠳᠠᠯᠵᠤ᠂ ︽ ᠵᠠᠩ ᠵᠢᠶᠠ ᠵᠢᠶᠧ ︾ ᠳᠤ ᠣᠴᠢᠬᠤ ︽ ᠤᠷᠤᠰᠴᠠ ᠶᠢᠨ ᠨᠢᠭᠤᠴᠠ︾ ᠢ ᠬᠠᠶᠢᠨ ᠰᠦᠪᠡᠭᠴᠢᠯᠡᠪᠡ᠃  ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠨᠢ ᠵᠠᠩ ᠵᠢᠶᠠ ᠵᠢᠶᠧ ᠶᠢᠨ ᠳᠦᠷᠢ ᠲᠥᠷᠬᠦ ᠶᠢ ᠣᠯᠠᠨ ᠲᠠᠯ᠎ᠠ ᠠᠴᠠ ᠳᠡᠯᠭᠡᠨ ᠦᠵᠡᠭᠦᠯᠵᠦ᠂ ᠵᠠᠭᠤᠴᠢᠯᠠᠭᠤᠷ + ᠠᠶᠠᠯᠠᠯ ᠵᠢᠭᠤᠯᠴᠢᠯᠠᠯ᠂ ᠰᠢᠨ᠎ᠡ ᠶᠢ ᠡᠭᠦᠳᠴᠦ ᠳᠠᠮᠵᠢᠭᠤᠯᠬᠤ᠂ ᠳᠤᠮᠳᠠᠳᠤ ᠤᠯᠤᠰ ᠤᠨ ᠦᠯᠢᠭᠡᠷ ᠢ ᠠᠮᠢᠳᠤᠯᠢᠭ ᠢᠶᠠᠷ ᠬᠦᠦᠷᠨᠢᠬᠦ‍ ᠨᠢᠭᠡ ᠤᠳᠠᠭᠠᠨ ᠤ ᠠᠰᠢᠭᠲᠤ ᠲᠤᠷᠰᠢᠯᠲᠠ ᠪᠣᠯᠤᠨ᠎ᠠ᠃ ᠲᠤᠬᠠᠢ ᠶᠢᠨ ᠡᠳᠦᠷ ᠲᠤ᠂ ︽ᠵᠠᠩ ᠵᠢᠶᠠ ᠵᠢᠶᠧ ᠶᠢ ᠰᠣᠨᠣᠰᠬᠤᠢ — ᠵᠠᠩ ᠵᠢᠶᠠ ᠵᠢᠶᠧ ᠶᠢᠨ ᠳᠠᠭᠤᠨ ᠤ ᠨᠡᠷ᠎ᠡ ᠶᠢᠨ ᠬᠠᠭᠤᠳᠠᠰᠤ︾ ᠶᠢ ᠵᠢᠩᠬᠢᠨᠢ ᠪᠠᠷ ᠡᠬᠢᠯᠡᠵᠦ ᠰᠡᠭᠦᠳᠡᠷᠯᠡᠭᠰᠡᠨ ᠨᠢ ᠮᠥᠨ ᠴᠤ ᠪᠦᠬᠦ ᠪᠥᠮᠪᠥᠷᠴᠡᠭ ᠤᠨ ᠠᠩᠬᠠᠳᠠᠭᠴᠢ ᠦᠵᠡᠮᠵᠢ ᠶᠢᠨ ᠣᠷᠣᠨ ᠤ ᠲᠤᠰᠬᠠᠢ ᠨᠡᠷ᠎ᠡ ᠶᠢᠨ ᠬᠠᠭᠤᠳᠠᠰᠤ ᠪᠣᠯᠪᠠ᠃  ᠨᠢᠭᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮ ᠵᠠᠭᠤᠴᠢᠯᠠᠭᠤᠷ ᠤᠨ ᠬᠢᠨ ᠰᠢᠭᠤᠳ ᠨᠡᠪᠲᠡᠷᠡᠭᠦᠯᠵᠦ᠂ ᠠᠭᠤᠰᠤᠯᠴᠠᠨ ᠳᠠᠮᠵᠢᠭᠤᠯᠤᠭᠰᠠᠨ ᠲᠤᠰᠬᠠᠯ  ᠨᠢ ᠬᠥᠭᠵᠢᠶᠡᠨᠲᠡᠶ ᠪᠠᠶᠢᠪᠠ  ᠡᠨᠡ ᠵᠢᠯ ᠠᠴᠠ ᠨᠠᠭᠠᠰᠢ᠂ ︽144 ᠴᠠᠭ ᠤᠨ ᠭᠠᠳᠠᠭᠠᠳᠤ ᠬᠠᠷᠢᠶᠠᠲᠤ ᠬᠥᠮᠦᠰ ᠤᠨ ᠬᠢᠯᠢ ᠶᠢ ᠥᠩᠭᠡᠷᠡᠬᠦ ᠳᠤ ᠥᠯᠥ ᠸᠢᠰᠠᠯᠠᠬᠤ︾ ᠵᠡᠷᠭᠡ ᠳᠥᠭᠦᠮ ᠲᠥᠷᠥ ᠶᠢᠨ ᠪᠣᠳᠣᠯᠭ᠎ᠠ ᠶᠢ ᠭᠠᠷᠭᠠᠬᠤ ᠶᠢ ᠳᠠᠭᠠᠯᠳᠤᠨ᠂ ︽China Travel︾ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠰᠦᠯᠵᠢᠶᠡᠨ ᠳᠡᠭᠡᠷᠡᠬᠢ ᠬᠠᠯᠠᠮᠰᠢᠯ ᠦᠭᠡ ᠪᠣᠯᠵᠤ᠂ ᠳᠤᠮᠳᠠᠳᠤ ᠤᠯᠤᠰ ᠤᠨ ᠬᠢᠯᠢ ᠳᠤ ᠣᠷᠣᠵᠤ ᠵᠢᠭᠤᠯᠴᠢᠯᠠᠬᠤ ᠠᠵᠢᠯᠯᠠᠭ᠎ᠠ ᠶᠢ ᠳᠠᠶᠢᠴᠢᠯᠠᠪᠠ ᠃ ᠡᠭᠦᠨ ᠳᠤ ᠂ ᠵᠠᠩ ᠵᠢᠶᠠ ᠵᠢᠶᠧ ᠶᠢᠨ ᠭᠠᠳᠠᠭᠠᠳᠤ ᠶᠢᠨ ᠠᠶᠠᠨᠴᠢᠳ ᠤᠨ ᠢᠷᠡᠯᠲᠡ ᠶᠢᠨ ᠤᠯᠤᠰ ᠨᠢ 171 ᠤᠯᠤᠰ ᠪᠣᠯᠤᠨ ᠣᠷᠣᠨ ᠪᠣᠯᠵᠤ ᠨᠡᠮᠡᠭᠳᠡᠵᠦ᠂ ︽ᠺᠣᠷᠢᠶᠠ ᠶᠢᠨ ᠲᠦᠮᠡᠨ ᠵᠤᠭᠠᠴᠠᠭᠰᠠᠳ ᠵᠠᠩ ᠵᠢᠶᠠ ᠵᠢᠶᠧ ᠪᠠᠷ ᠠᠶᠠᠯᠠᠭᠰᠠᠨ︾ ᠥᠪᠡᠳᠡᠭᠰᠢ ᠪᠠᠶᠢᠳᠠᠯ ᠨᠢ ᠶᠠᠭ ᠵᠠᠩ ᠵᠢᠶᠠ ᠵᠢᠶᠧ ᠶᠢᠨ ᠬᠢᠯᠢ ᠳᠤ ᠣᠷᠤᠵᠤ ᠵᠢᠭᠤᠯᠴᠢᠯᠠᠬᠤ ᠵᠠᠬ᠎ᠠ ᠳᠡᠯᠭᠡᠭᠦᠷ ᠤᠨ ᠨᠢᠭᠡᠨ ᠣᠨᠴᠠᠭᠠᠢ ᠦᠵᠡᠭᠳᠡᠯ ᠪᠣᠯᠣᠭᠰᠠᠨ ᠪᠠᠶᠢᠨ᠎ᠠ᠃  ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠢ ︽ᠷᠠᠳᠢᠣ᠋ ᠨᠡᠪᠲᠡᠷᠡᠭᠦᠯᠭᠡ ᠪᠠᠷ ᠰᠢᠭᠤᠳ ᠨᠡᠪᠲᠡᠷᠡᠭᠦᠯᠬᠦ + ᠰᠢᠨ᠎ᠡ ᠵᠠᠭᠤᠴᠢᠯᠠᠭᠤᠷ ᠤᠨ ᠸᠢᠳᠢᠤ᠋ ᠪᠠᠷ ᠰᠢᠭᠤᠳ ᠨᠡᠪᠲᠡᠷᠡᠭᠦᠯᠬᠦ︾ ᠠᠭᠤᠰᠤᠯᠴᠠᠭᠤᠯᠤᠨ ᠳᠠᠮᠵᠢᠭᠤᠯᠬᠤ ᠬᠡᠯᠪᠡᠷᠢ ᠪᠠᠷ ᠭᠠᠷᠭᠠᠵᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠰᠣᠯᠣᠩᠭᠤᠰ ᠬᠡᠯᠡᠨ ᠤ ᠬᠡᠯᠲᠡᠰ ᠤᠨ ᠭᠠᠳᠠᠭᠰᠢ ᠨᠡᠪᠲᠡᠷᠡᠭᠦᠯᠦᠭᠰᠡᠨ᠂ ᠰᠢᠶᠠᠩᠭᠠᠩ ᠤᠨ ᠷᠠᠳᠢᠣ᠋ ᠬᠤᠷᠢᠶ᠎ᠠ᠂ ᠣᠣᠮᠧᠨ ᠤ ᠷᠠᠳᠢᠣ᠋ ᠬᠤᠷᠢᠶ᠎ᠠ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠠᠷᠪᠠᠨ ᠤᠯᠤᠰ ᠢ ᠬᠠᠮᠤᠷᠤᠭᠰᠠᠨ ᠤᠮᠠᠷᠠᠲᠤ ᠪᠤᠯᠤᠩ ᠤᠨ ᠳᠠᠭᠤᠨ ᠵᠢᠴᠢ ᠬᠤᠨᠠᠨ ᠤ ᠷᠠᠳᠢᠣ᠋ ᠬᠤᠷᠢᠶ᠎ᠠ ᠶᠢᠨ ᠵᠠᠮ ᠬᠠᠷᠢᠯᠴᠠᠭᠠᠨ ᠤ ᠰᠤᠪᠠᠭ᠂ ︽ᠮᠠ ᠯᠠᠨ ᠱᠠᠨ ᠤ ᠰᠣᠨᠢᠨ ᠮᠡᠳᠡᠭᠡ︾ ᠶᠢᠨ ᠸᠢᠳᠢᠣ᠋ ᠳ᠋ᠤᠭᠠᠷ᠂ ᠲᠢᠶᠧ ᠹᠧᠨ ᠱᠧᠩ ᠾᠦᠸᠧ APP᠂ ᠰᠢᠨ᠎ᠡ ᠬᠤᠨᠠᠨ᠂ ᠹᠧᠩ ᠮᠠᠩ᠂ ᠪᠧᠨ ᠱᠢ ᠫᠢᠨ ᠂ ᠱᠢ ᠺᠧ ᠰᠣᠨᠢᠨ ᠮᠡᠳᠡᠭᠡ᠂ ᠴᠧᠨ ᠱᠢ ᠫᠢᠨ᠂ ᠵᠠᠩ ᠵᠢᠶᠠ ᠵᠢᠶᠧ ᠬᠤᠲᠠ ᠶᠢᠨ ᠰᠢᠭᠤᠳ ᠬᠠᠷᠢᠶ᠎ᠠ ᠰᠢᠨ᠎ᠡ ᠵᠠᠭᠤᠴᠢᠯᠠᠭᠤᠷ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ᠂ ᠵᠡᠷᠭᠡ ᠪᠠᠷ ᠬᠠᠮ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠬᠢᠪᠡ᠃  ᠰᠢᠭᠤᠳ ᠨᠡᠪᠲᠡᠷᠡᠭᠦᠯᠭᠡ ᠶᠢᠨ ᠶᠠᠪᠤᠴᠠ ᠳᠤ ᠰᠦᠯᠵᠢᠶᠡᠨ ᠢᠷᠭᠡᠳ ᠬᠠᠯᠠᠭᠤᠨ ᠲᠤᠰᠬᠠᠯ ᠢᠶᠠᠷ ᠵᠠᠩ ᠵᠢᠶᠠ ᠵᠢᠶᠧ ᠶᠢ ᠮᠠᠭᠲᠠᠨ ᠰᠠᠶᠢᠰᠢᠶᠠᠪᠠ᠃ ︽ᠯᠠᠨ ᠬᠤᠸᠠ ᠶᠢᠨ ᠪᠠᠷᠢᠮᠳᠠᠯᠠᠯ︾ ᠬᠡᠮᠡᠬᠦ ᠰᠦᠯᠵᠢᠶᠡᠨ ᠢᠷᠭᠡᠨ ᠰᠤᠷᠪᠤᠯᠵᠢᠯᠠᠭᠴᠢ ᠶᠢᠨ ᠲᠢᠶᠠᠨ ᠮᠧᠨ ᠱᠠᠨ ᠤ ᠲᠤᠬᠠᠶ ᠶᠢᠨ ᠲᠠᠯᠠᠪᠤᠷ ᠤᠨ ᠮᠡᠳᠡᠭᠡᠯᠡᠯ ᠢ ᠦᠵᠡᠭᠰᠡᠨ ᠤ ᠳᠠᠷᠠᠭ᠎ᠠ ︽ᠪᠠᠶᠢᠭᠠᠯᠢ ᠶᠢᠨ ᠦᠵᠡᠮᠵᠢ ᠨᠢ ᠦᠨᠡᠬᠡᠷ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ︾ ᠭᠡᠵᠦ ᠢᠯᠡᠷᠬᠡᠶᠢᠯᠡᠵᠡᠢ᠃ ᠪᠠᠰᠠ ᠨᠢᠭᠡᠨ ᠰᠦᠯᠵᠢᠶᠡᠨ ᠢᠷᠭᠡᠨ ᠦᠭᠡ ᠦᠯᠡᠳᠡᠭᠡᠵᠦ ︽ᠲᠢᠶᠠᠨ ᠽᠢ ᠱᠠᠨ ᠠᠭᠤᠯᠠᠨ ᠤ ᠦᠵᠡᠮᠵᠢ ᠶᠢ ᠦᠭᠡ ᠪᠠᠷ ᠬᠡᠯᠡᠬᠦ ᠶᠢᠨ ᠠᠷᠭ᠎ᠠ ᠦᠭᠡᠢ︾ ᠰᠦᠯᠵᠢᠶᠡᠨ ᠢᠷᠭᠡᠨ ᠦᠭᠡ ᠦᠯᠡᠳᠡᠭᠡᠵᠦ᠂ ︽ᠵᠠᠩ ᠵᠢᠶᠠ ᠵᠢᠶᠧ ᠳᠤ ᠵᠠᠪᠠᠯ ᠨᠢᠭᠡ ᠤᠳᠠᠭ᠎ᠠ ᠣᠴᠢᠵᠤ ᠦᠵᠡᠨ᠎ᠡ︾ ᠭᠡᠪᠡ᠃  ᠬᠤᠨᠠᠨ ᠤ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡ ᠪᠠ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ᠂ ᠵᠠᠷ ᠮᠡᠳᠡᠭᠡᠨ ᠤ ᠰᠠᠯᠪᠤᠷᠢ ᠶᠢᠨ ᠡᠷᠬᠢᠯᠡᠭᠴᠢ ᠽᠧᠩ ᠴᠢᠶᠦ᠋ᠩ ᠢᠯᠡᠷᠬᠡᠶᠢᠯᠡᠬᠦ ᠳᠤ ᠪᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠭᠤᠴᠢᠯᠠᠭᠤᠷ ᠤᠨ ᠬᠤᠯᠪᠣᠭᠠᠯᠠᠨ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠩ ᠵᠢᠶᠠ ᠵᠢᠶᠧ ᠶᠢᠨ ᠬᠢᠯᠢ ᠪᠠᠷ ᠣᠷᠣᠵᠤ ᠵᠢᠭᠤᠯᠴᠢᠯᠠᠬᠤ ᠷᠢᠳᠢ ᠰᠢᠳᠢ ᠶᠢ ᠳᠡᠯᠭᠡᠨ ᠦᠵᠡᠭᠦᠯᠬᠦ ᠪᠣᠯ ᠲᠣᠰ ᠭᠠᠵᠠᠷ ᠤᠨ ᠰᠣᠶᠣᠯ ᠪᠠ ᠪᠠᠶᠢᠭᠠᠯᠢ ᠶᠢᠨ ᠥᠪ ᠢ ᠰᠢᠨ᠎ᠡ ᠶᠢ ᠡᠭᠦᠳᠦᠨ ᠳᠠᠮᠵᠢᠭᠤᠯᠬᠤ ᠶᠠᠪᠤᠳᠠᠯ ᠪᠣᠯᠬᠤ ᠪᠥᠭᠡᠳ ᠪᠠᠰᠠ ᠴᠤ ᠣᠲᠣ ᠦᠶ᠎ᠡ ᠶᠢᠨ ᠵᠢᠭᠤᠯᠴᠢᠯᠠᠯ ᠤᠨ ᠪᠡᠶᠡᠴᠢ ᠣᠶᠢᠯᠠᠭᠠᠯᠲᠠ ᠪᠠ ᠤᠯᠠᠮᠵᠢᠯᠠᠯᠲᠤ ᠰᠣᠶᠣᠯ ᠢ ᠢᠳᠡᠪᠬᠢᠲᠡᠶ ᠬᠠᠶᠢᠨ ᠰᠦᠪᠡᠭᠴᠢᠯᠡᠬᠦ ᠶᠠᠪᠤᠳᠠᠯ ᠪᠣᠯᠤᠨ᠎ᠠ᠂ ᠲᠣᠰ ᠭᠠᠵᠠᠷ ᠤᠨ ᠰᠣᠶᠣᠯ ᠤᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠬᠥᠭᠵᠢᠭᠡᠬᠦ ᠳᠤ ᠠᠰᠢᠭᠲᠠᠶ ᠪᠠᠶᠢᠵᠤ᠂ ᠨᠠᠩ ᠣᠯᠠᠨ ᠵᠢᠭᠤᠯᠴᠢᠯᠠᠭᠴᠢᠳ ᠢ ᠲᠠᠲᠠᠵᠤ ᠵᠠᠩ ᠵᠢᠶᠠ ᠵᠢᠶᠧ ᠶᠢᠨ ᠣᠯᠠᠨ ᠤᠯᠤᠰ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ ᠭᠡᠵᠡᠢ᠃  ᠵᠦᠩ ᠨᠠᠨ ᠶᠡᠭᠡ ᠰᠤᠷᠭᠠᠭᠤᠯᠢ ᠶᠢᠨ ᠬᠦᠮᠦᠨ ᠰᠣᠶᠣᠯ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠯᠢᠩ ᠵᠢᠩ ᠢᠯᠡᠷᠬᠡᠶᠢᠯᠡᠬᠦ ᠳᠤ ᠪᠠᠨ᠂ ᠲᠣᠰ ᠤᠳᠠᠭᠠᠨ ᠤ ᠰᠢᠭᠤᠳ ᠨᠡᠪᠲᠡᠷᠡᠭᠦᠯᠭᠡ ᠨᠢ ᠨᠢᠭᠡ ᠵᠦᠢᠯ ᠤᠨ ᠰᠢᠨ᠎ᠡ ᠶᠢ ᠡᠭᠦᠳᠦᠭᠰᠡᠨ ᠳᠠᠮᠵᠢᠭᠤᠯᠭ᠎ᠠ ᠶᠢᠨ ᠬᠠᠷᠠᠭᠠᠰᠤ ᠠᠴᠠ ᠲᠡᠭᠦᠨ ᠤ ᠬᠦᠦᠷᠨᠢᠯᠳᠡ ᠪᠠ ᠥᠪᠡᠷ ᠢ ᠪᠠᠨ ᠲᠣᠭᠠᠴᠢᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠡᠯᠡᠬᠡᠶ ᠳ᠋ᠠᠬᠢᠨ ᠳᠤ ᠨᠢᠭᠡᠨ ᠦᠨᠡᠨ ᠪᠣᠳᠠᠲᠠᠶ᠂ ᠪᠣᠰᠤᠭ᠎ᠠ ᠴᠣᠭᠴᠠᠲᠤ᠂ ᠣᠯᠠᠨ ᠡᠰᠢᠵᠢᠭᠰᠡᠨ᠂ ᠰᠡᠷᠡᠭᠳᠡᠯ ᠲᠠᠢ ᠵᠠᠩ ᠵᠢᠶᠠ ᠵᠢᠶᠧ ᠶᠢᠨ ᠳᠦᠷᠢ ᠲᠥᠷᠬᠦ ᠶᠢ ᠳᠡᠯᠭᠡᠨ ᠦᠵᠡᠭᠦᠯᠵᠡᠶ᠃ ᠳᠤᠮᠳᠠᠳᠤ ᠤᠯᠤᠰ ᠤᠨ ᠨᠡᠷ᠎ᠡ ᠶᠢᠨ ᠬᠠᠭᠤᠳᠠᠰᠤ ᠶᠢ ᠳᠡᠯᠭᠡᠨ ᠦᠵᠡᠭᠦᠯᠦᠭᠰᠡᠨ ᠮᠥᠷᠲᠡᠭᠡᠨ ᠪᠠᠰᠠ ᠳᠤᠮᠳᠠᠳᠤ ᠤᠯᠤᠰ ᠤᠨ ᠳᠠᠭᠤᠨ ᠢ ᠳᠠᠮᠵᠢᠭᠤᠯᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠢ ᠨᠡᠩ ᠢᠯᠡᠭᠦᠦ ᠤᠢᠢᠯᠠᠭᠠᠭᠤᠯᠵᠠᠢ ᠭᠡᠪᠡ᠃  ᠬᠤᠶᠠᠷ᠂ ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠤᠨ ᠬᠠᠷᠠᠭᠠᠰᠤ ᠣᠯᠠᠨ ᠡᠰᠢᠵᠢᠵᠦ᠂ ︽ᠵᠠᠩ ᠵᠢᠶᠠ ᠵᠢᠶᠧ ︾ ᠶᠢᠨ ᠥᠪᠡᠷᠮᠢᠴᠡ ᠷᠢᠳᠢ ᠰᠢᠳᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠪᠡ  ᠲᠤᠬᠠᠢ ᠶᠢᠨ ᠡᠳᠦᠷ ᠤᠨ ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠤᠯᠠᠨ ᠰᠤᠷᠪᠤᠯᠵᠢᠯᠠᠭᠴᠢ ᠵᠠᠩ ᠵᠢᠶᠠ ᠵᠢᠶᠧ ᠶᠢᠨ ᠡᠯ᠎ᠡ ᠲᠤᠮᠤ ᠵᠢᠭᠤᠯᠴᠢᠯᠠᠯ ᠤᠨ ᠦᠵᠡᠮᠵᠢ ᠶᠢᠨ ᠣᠷᠣᠨ᠂ ᠨᠢᠰᠬᠡᠯ ᠤᠨ ᠪᠠᠭᠤᠳᠠᠯ᠂ ᠲᠦᠷᠭᠡᠨ ᠤ ᠲᠡᠮᠦᠷ ᠵᠠᠮ ᠤᠨ ᠦᠷᠳᠡᠭᠡ᠂ ᠪᠠᠭᠤᠳᠠᠯ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠤᠬᠠᠢ ᠶᠢᠨ ᠲᠠᠯᠠᠪᠤᠷ ᠲᠤ ᠬᠠᠷᠢᠭᠤ ᠮᠡᠳᠡᠭᠡᠯᠡᠵᠦ᠂ ᠵᠠᠩ ᠵᠢᠶᠠ ᠵᠢᠶᠧ ᠶᠢᠨ ᠬᠢᠯᠢ ᠪᠠᠷ ᠣᠷᠣᠵᠤ ᠵᠢᠭᠤᠯᠴᠢᠯᠠᠭᠰᠠᠨ ᠦᠪᠡᠳᠡᠭᠰᠢ ᠪᠠᠶᠢᠳᠠᠯ ᠢ ᠭᠡᠷᠡᠴᠢᠯᠡᠪᠡ᠃ ᠡᠭᠦᠨ ᠳᠤ᠂ ᠰᠢᠶᠠᠩᠭᠠᠩ ᠤᠨ ᠷᠠᠳᠢᠣ᠋ ᠬᠤᠷᠢᠶᠠᠨ ᠤ ᠰᠤᠷᠪᠤᠯᠵᠢᠯᠠᠭᠴᠢ ᠰᠾᠢ ᠲᠤ ᠲᠢᠶᠠᠨ ᠯᠠᠶ ᠲᠤᠬᠠᠶ ᠶᠢᠨ ᠲᠠᠯᠠᠪᠠᠢ ᠳᠤ ᠤᠲᠠᠰᠤ ᠵᠠᠯᠭᠠᠨ ᠮᠡᠳᠡᠭᠡᠯᠡᠵᠦ᠂ ᠲᠡᠭᠦᠨ ᠤ ᠵᠠᠩ ᠵᠢᠶᠠ ᠵᠢᠶᠧ ᠶᠢᠨ ᠦᠵᠡᠵᠦ ᠰᠣᠨᠣᠰᠤᠭᠰᠠᠨ ᠪᠠᠶᠢᠳᠠᠯ ᠢᠶᠠᠨ ᠶᠠᠷᠢᠵᠤ᠂ ᠲᠡᠭᠦᠨ ᠤ ᠡᠨᠡ ᠵᠢᠯ ᠤᠨ 6 ᠳ᠋ᠤᠭᠠᠷ ᠰᠠᠷ᠎ᠠ ᠳᠤ ᠨᠡᠪᠲᠡᠷᠡᠭᠰᠡᠨ ᠵᠠᠩ ᠵᠢᠶᠠ ᠵᠢᠶᠧ ᠠᠴᠠ ᠰᠢᠶᠠᠩᠭᠠᠩ ᠤᠨ ᠰᠢ ᠵᠢᠦ ᠯᠦᠩ ᠲᠦᠷᠭᠡᠨ ᠤ ᠲᠡᠮᠦᠷ ᠵᠠᠮ ᠳᠤ ᠬᠦᠷᠴᠦ ᠵᠠᠩ ᠵᠢᠶᠠ ᠵᠢᠶᠧ ᠳᠤ ᠢᠷᠡᠭᠰᠡᠨ ᠲᠥᠷᠥᠭᠳᠡᠯ ᠢᠶᠠᠨ ᠬᠤᠪᠢᠶᠠᠯᠴᠠᠪᠠ᠃ ᠰᠢᠭᠤᠳ ᠨᠡᠪᠲᠡᠷᠡᠭᠦᠯᠭᠡ ᠨᠢ ᠪᠠᠰᠠ ᠵᠠᠩ ᠵᠢᠶᠠ ᠵᠢᠶᠧ ᠶᠢᠨ ᠶᠡᠭᠡ ᠬᠡᠮᠵᠢᠶᠡᠨ ᠤ ᠲᠠᠰᠢᠷᠠᠮ ᠢᠶᠠᠷ ᠰᠤᠷᠪᠤᠯᠵᠢᠯᠠᠬᠤ ᠪᠠᠷ ᠳᠠᠮᠵᠢᠭᠤᠯᠤᠨ᠂ ᠣᠯᠠᠨ ᠤᠯᠤᠰ ᠤᠨ ᠵᠢᠭᠤᠯᠴᠢᠯᠠᠭᠴᠢᠳ ᠤᠨ ᠮᠠᠭᠲᠠᠭᠠᠯ ᠰᠠᠶᠢᠰᠢᠶᠠᠯ ᠪᠠ ᠰᠣᠴᠢᠨ ᠪᠠᠶᠠᠷᠯᠠᠭᠤᠰᠢᠲᠠᠶ ᠵᠢᠴᠢ ᠲᠡᠳᠡᠨ ᠤ ᠨᠢᠳᠦᠨ ᠳᠤ ᠦᠵᠡᠭᠳᠡᠵᠦ᠂ ᠠᠮᠠᠨ ᠳᠠᠬᠢ ᠦᠨᠡᠨ ᠪᠣᠳᠠᠲᠠᠶ᠂ ᠬᠠᠶᠢᠷᠠᠯᠠᠯᠲᠠᠢ ︽ᠵᠠᠩ ᠵᠢᠶᠠ ᠵᠢᠶᠧ︾ ᠶᠢᠨ ᠳᠦᠷᠢ ᠲᠥᠷᠬᠦ ᠶᠢ ᠢᠯᠡᠷᠡᠭᠦᠯᠪᠡ᠃  ᠡᠭᠦᠨ ᠤ ᠬᠠᠮᠲᠤ᠂ ᠫᠷᠣᠭ᠍ᠷᠠᠮ ᠠᠴᠠ ᠪᠠᠰᠠ ᠵᠠᠩ ᠵᠢᠶᠠ ᠵᠢᠶᠧ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠲᠢᠶᠠᠨ ᠬᠤᠩ ᠮᠠᠨ᠂ ᠬᠤᠨᠠᠨ ᠤ ᠪᠠᠭᠰᠢ ᠶᠢᠨ ᠶᠡᠭᠡ ᠰᠤᠷᠭᠠᠭᠤᠯᠢ ᠶᠢᠨ ᠵᠢᠭᠤᠯᠴᠢᠯᠠᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠵᠧᠩ ᠴᠢᠶᠦ᠋ᠨ ᠮᠢᠩ᠂ ᠵᠠᠩ ᠵᠢᠶᠠ ᠵᠢᠶᠧ ᠬᠤᠲᠠ ᠶᠢᠨ ᠵᠢᠭᠤᠯᠴᠢᠯᠠᠯ ᠤᠨ ᠨᠡᠶᠢᠭᠡᠮᠯᠢᠭ ᠤᠨ ᠳᠠᠷᠤᠭ᠎ᠠ ᠳ᠋ᠢᠩ ᠶᠦᠨ ᠶᠦᠩ᠂ ᠵᠠᠩ ᠵᠢᠶᠠ ᠵᠢᠶᠧ ᠵᠢᠭᠤᠯᠴᠢᠯᠠᠯ ᠤᠨ ᠠᠵᠢᠯ ᠡᠷᠭᠢᠯᠡᠭᠰᠡᠳ ᠵᠡᠷᠭᠡ ᠬᠦᠨᠳᠦᠲᠦ ᠵᠣᠴᠢᠳ ᠢ ᠰᠢᠭᠤᠳ ᠨᠡᠪᠲᠡᠷᠡᠭᠦᠯᠭᠡ ᠶᠢᠨ ᠲᠠᠰᠤᠭ ᠲᠤ ᠤᠷᠢᠵᠤ᠂ ᠵᠢᠭᠤᠯᠴᠢᠯᠠᠯ ᠤᠨ ᠠᠵᠢᠯ ᠡᠷᠭᠢᠯᠡᠭᠰᠡᠳ ᠤᠨ ᠦᠯᠢᠭᠡᠷ ᠶᠠᠷᠢᠬᠤ ᠠᠷᠭ᠎ᠠ ᠬᠡᠯᠪᠡᠷᠢ ᠪᠠᠷ ᠵᠠᠩ ᠵᠢᠶᠠ ᠵᠢᠶᠧ ᠶᠢᠨ ᠬᠢᠯᠢ ᠳᠤ ᠣᠷᠣᠬᠤ ᠵᠢᠭᠤᠯᠴᠢᠯᠠᠯ ᠢ ᠬᠡᠷᠬᠢᠨ ᠰᠡᠳᠬᠢᠯ ᠲᠠᠯᠪᠢᠨ ᠰᠠᠶᠢᠲᠤᠷ ᠬᠢᠵᠦ᠂ ᠲᠤᠰᠬᠠᠶ ᠮᠡᠷᠭᠡᠵᠢᠯᠲᠡᠨ ᠤ ᠣᠯᠠᠨ ᠲᠠᠯ᠎ᠠ ᠠᠴᠠ ᠵᠠᠳᠠᠯᠤᠯᠲᠠ ᠬᠢᠵᠦ᠂ ᠫᠷᠤᠭ᠍ᠷᠠᠮ ᠤᠨ ᠦᠵᠡᠯ ᠰᠠᠨᠠᠭᠠᠨ ᠤ ᠭᠦᠨᠴᠡ ᠶᠢ ᠥᠷᠭᠡᠳᠬᠡᠵᠦ᠂ ᠵᠠᠩ ᠵᠢᠶᠠ ᠵᠢᠶᠧ ᠶᠢᠨ ᠬᠢᠯᠢ ᠳᠤ ᠣᠷᠣᠵᠤ ᠵᠢᠭᠤᠯᠴᠢᠯᠠᠬᠤ ᠰᠢᠨ᠎ᠡ ᠬᠠᠨᠳᠤᠰᠢ᠂ ᠰᠢᠨ᠎ᠡ ᠠᠷᠭ᠎ᠠ ᠬᠡᠮᠵᠢᠶ᠎ᠡ ᠵᠢᠴᠢ ︽ᠵᠠᠩ ᠵᠢᠶᠠ ᠵᠢᠶᠧ︾ ᠶᠢᠨ ᠥᠪᠡᠷᠮᠢᠴᠡ ᠭᠠᠶᠢᠬᠠᠮᠰᠢᠭ ᠤᠨ ᠬᠦᠴᠦᠨ᠂ ᠲᠠᠲᠠᠬᠤ ᠬᠦᠴᠦᠨ ᠢ ᠪᠦᠬᠦ ᠲᠠᠯ᠎ᠠ ᠪᠠᠷ ᠢᠯᠡᠷᠡᠭᠦᠯᠦᠭᠰᠡᠨ ᠪᠠᠶᠢᠨ᠎ᠠ᠃  ᠭᠤᠷᠪᠠ᠂ ᠪᠦᠬᠦ ᠶᠠᠪᠤᠴᠠ ᠶᠢᠨ ᠣᠯᠠᠨ ᠤᠯᠤᠰ ᠤᠨ ᠳᠠᠮᠵᠢᠭᠤᠯᠭ᠎ᠠ ᠬᠢᠵᠦ᠂ ᠵᠠᠩ ᠵᠢᠶᠠ ᠵᠢᠶᠧ ᠶᠢ ᠦᠷᠭᠦᠯᠵᠢᠯᠡᠨ ᠠᠮᠢᠳᠤᠯᠢᠭ ᠢᠶᠠᠷ ᠲᠠᠨᠢᠯᠴᠠᠭᠤᠯᠪᠠ  ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠢ ᠤᠯᠤᠰ ᠤᠨ ᠳᠣᠲᠣᠭᠠᠳᠤ ᠭᠠᠳᠠᠭᠠᠳᠤ ᠶᠢᠨ ᠵᠠᠭᠤᠴᠢᠯᠠᠭᠤᠷ ᠤᠨ ᠤᠷᠢᠳᠴᠢᠯᠠᠨ ᠮᠡᠳᠡᠭᠡᠯᠡᠬᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠠᠪᠴᠠᠩ ᠤᠨ ᠬᠤᠯᠪᠣᠭᠠᠯᠠᠨ ᠰᠢᠭᠤᠳ ᠨᠡᠪᠲᠡᠷᠡᠭᠦᠯᠬᠦ᠂ ᠪᠥᠬᠦ ᠪᠥᠮᠪᠥᠷᠴᠡᠭ ᠲᠤ ︽ᠳᠠᠭᠤᠨ ᠤ ᠨᠡᠷ᠎ᠡ ᠶᠢᠨ ᠬᠠᠭᠤᠳᠠᠰᠤ︾ ᠶᠢ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠭᠤᠳ ᠨᠡᠪᠲᠡᠷᠡᠭᠦᠯᠬᠦ ᠠᠴᠠ ᠡᠮᠦᠨ᠎ᠡ ᠬᠤᠶᠢᠨᠠᠬᠢ ᠪᠥᠬᠦ ᠶᠠᠪᠤᠴᠠ ᠶᠢᠨ ᠣᠯᠠᠨ ᠤᠯᠤᠰ ᠤᠨ ᠳᠠᠮᠵᠢᠭᠤᠯᠭ᠎ᠠ ᠶᠢ ᠪᠣᠶ ᠪᠣᠯᠭᠠᠪᠠ᠃  ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠨᠡᠪᠲᠡᠷᠡᠭᠦᠯᠬᠦ ᠠᠴᠠ ᠡᠮᠦᠨ᠎ᠡ᠂ ᠬᠤᠨᠠᠨ ᠤ ᠷᠠᠳᠢᠣ᠋ ᠲᠧᠯᠸᠢᠰ ᠬᠤᠷᠢᠶᠠᠨ ᠤ ᠷᠠᠳᠢᠣ᠋ ᠵᠠᠭᠤᠴᠢᠯᠠᠭᠤᠷ ᠤᠨ ᠲᠥᠪ ᠠᠴᠠ ᠵᠠᠩ ᠵᠢᠶᠠ ᠵᠢᠶᠧ ᠶᠢᠨ ᠣᠯᠠᠨ ᠦᠵᠡᠮᠵᠢ ᠶᠢᠨ ᠣᠷᠣᠨ ᠳᠤ ᠭᠦᠨᠵᠡᠭᠡᠶᠢᠷᠡᠨ᠂ ᠶᠡᠭᠡ ᠬᠡᠮᠵᠢᠶᠡᠨ ᠤ ᠨᠠᠷᠢᠯᠢᠭ ᠰᠠᠶᠢᠬᠠᠨ ᠠᠮᠢᠳᠤᠯᠢᠭ ᠵᠠᠷᠯᠠᠯ ᠪᠠ ᠣᠬᠤᠷ ᠸᠢᠳᠢᠣ᠋ ᠵᠣᠬᠢᠶᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠨᠡᠶᠢᠲᠡᠯᠡᠪᠡ᠂ ᠡᠭᠦᠨ ᠤ ᠬᠠᠮᠲᠤ ︽ᠳᠡᠯᠡᠬᠡᠢ ᠶᠢᠨ ᠵᠢᠭᠤᠯᠴᠢᠯᠠᠯ ᠤᠨ ᠡᠳᠦᠷ ᠢᠶᠠᠷ ᠵᠠᠩ ᠵᠢᠶᠠ ᠵᠢᠶᠧ ᠪᠠᠷ ᠲᠤᠭᠤᠷᠢᠬᠤᠢ︾ ᠡᠮᠦᠨᠡᠲᠦ ᠶᠢᠨ ᠠᠭᠠᠷ ᠠᠶᠠᠯᠠᠯ ᠤᠨ ᠭᠤᠣᠯ ᠰᠡᠳᠦᠪᠲᠦ ᠡᠭᠡᠯᠵᠢ ᠶᠢᠨ ᠨᠢᠰᠭᠡᠯ ᠭᠠᠷᠭᠠᠵᠤ᠂ ᠺᠣᠷᠢᠶᠠ ᠶᠢᠨ ᠵᠢᠭᠤᠯᠴᠢᠯᠠᠭᠴᠢᠳ ᠢ ᠲᠦᠮᠡᠨ ᠮᠧᠲᠷ ᠤᠨ ᠥᠨᠳᠥᠷ ᠣᠭᠲᠠᠷᠭᠤᠢ ᠠᠴᠠ ︽ᠵᠠᠩ ᠵᠢᠶᠠ ᠵᠢᠶᠧ︾ ᠶᠢᠨ ᠥᠪᠡᠷᠮᠢᠴᠡ ᠲᠠᠲᠠᠬᠤ ᠬᠦᠴᠦᠨ ᠢ ᠤᠷᠢᠳᠴᠢᠯᠠᠨ ᠣᠶᠢᠯᠠᠭᠠᠭᠤᠯᠵᠠᠢ᠃  ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠨᠢ ︽ᠳᠡᠯᠡᠬᠡᠢ ᠶᠢᠨ ᠵᠢᠭᠤᠯᠴᠢᠯᠠᠯ ᠤᠨ ᠡᠳᠦᠷ︾ ᠤᠨ ᠠᠵᠠ ᠲᠣᠬᠢᠶᠠᠯ ᠢᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠵᠢᠭᠤᠯᠴᠢᠯᠠᠯ ᠤᠨ ᠣᠷᠭᠢᠯ ᠦᠶ᠎ᠡ ᠬᠦᠷᠴᠦ ᠢᠷᠡᠬᠦ ᠭᠡᠵᠦ ᠪᠠᠶᠢᠭ᠎ᠠ ᠲᠠᠰᠢᠷᠠᠮ ᠳᠤ᠂ ︽ᠳᠤᠮᠳᠠᠳᠤ ᠤᠯᠤᠰ ᠤᠨ ᠬᠢᠯᠢ ᠳᠤ ᠣᠷᠣᠬᠤ ᠵᠢᠭᠤᠯᠴᠢᠯᠠᠯ ᠤᠨ ᠬᠠᠯᠠᠭᠤᠷᠠᠯ︾ ᠭᠡᠬᠦ ᠡᠨᠡ ᠬᠦ ᠬᠠᠯᠠᠮᠰᠢᠯ ᠶᠠᠷᠢᠶᠠᠨ ᠤ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ᠂ ᠵᠠᠩ ᠵᠢᠶᠠ ᠵᠢᠶᠧ ᠶᠢᠨ ᠬᠢᠯᠢ ᠳᠤ ᠣᠷᠣᠬᠤ ᠵᠢᠭᠤᠯᠴᠢᠯᠠᠯ ᠢᠶᠠᠷ ᠦᠯᠢᠭᠡᠷ ᠶᠠᠩᠵᠤ ᠪᠣᠯᠭᠠᠵᠤ᠂ ᠳᠡᠯᠡᠬᠡᠢ ᠶᠢᠨ ᠥᠷᠭᠡᠨ ᠬᠠᠷᠠᠭ᠎ᠠ ᠪᠠᠷ ᠴᠢᠬᠤᠯᠠ ᠶᠡᠭᠡ ᠭᠤᠣᠯ ᠰᠡᠳᠦᠪᠯᠡᠬᠦᠨ ᠪᠣᠯᠵᠤ᠂ ᠠᠩᠬᠠᠷᠤᠯ ᠢᠶᠠᠨ ᠬᠠᠨᠲᠤᠭᠤᠯᠵᠠᠢ᠃  ᠰᠢᠭᠤᠳ ᠨᠡᠪᠲᠡᠷᠡᠭᠦᠯᠦᠭᠰᠡᠨ ᠡᠳᠦᠷ᠂ ᠬᠤᠨᠠᠨ ᠤ ᠷᠠᠳᠢᠣ᠋ ᠲᠧᠯᠧᠢᠰ ᠤᠨ ᠷᠠᠳᠢᠣ᠋ ᠮᠡᠳᠡᠭᠡᠯᠡᠯ ᠤᠨ ᠲᠥᠪ᠂ ᠪᠥᠬᠦ ᠳᠡᠯᠡᠬᠡᠶ ᠶᠢᠨ ᠠᠩᠬᠠᠳᠠᠭᠴᠢ ᠦᠵᠡᠮᠵᠢ ᠶᠢᠨ ᠣᠷᠣᠨ ᠳᠤ ᠵᠠᠩ ᠵᠢᠶᠠ ᠵᠢᠶᠧ ᠤᠨ ᠨᠡᠷ᠎ᠡ ᠶᠢᠨ ᠬᠠᠭᠤᠳᠠᠰᠤ ᠶᠢ ᠰᠢᠩᠭᠡᠭᠡᠨ ᠦᠢᠯᠡᠳᠴᠦ ᠡᠬᠢᠯᠡᠪᠡ᠃ ᠵᠠᠯᠭᠠᠭᠠᠳ᠂ ᠬᠤᠨᠠᠨ ᠤ ᠷᠠᠳᠢᠣ᠋ ᠲᠧᠯᠸᠢᠰ ᠬᠤᠷᠢᠶᠠᠨ ᠤ ᠷᠠᠳᠢᠣ᠋ ᠨᠡᠪᠲᠡᠷᠡᠭᠦᠯᠭᠡ ᠶᠢᠨ ᠳᠠᠮᠵᠢᠭᠤᠯᠭ᠎ᠠ ᠶᠢᠨ ᠲᠥᠪ ᠠᠴᠠ ᠲᠤᠰᠬᠠᠶ ᠮᠡᠷᠭᠡᠵᠢᠯ ᠤᠨ ᠲᠠᠭᠤᠨ ᠤ ᠪᠦᠯᠬᠦᠮ ᠢ ᠲᠣᠮᠢᠯᠠᠵᠤ᠂ ᠵᠠᠩ ᠵᠢᠶᠠ ᠵᠢᠶᠧ ᠶᠢᠨ ᠭᠤᠴᠤ ᠳᠠᠭᠤᠨ ᠢ ᠴᠤᠭᠯᠠᠭᠤᠯᠵᠤ᠂ ᠲᠤᠰᠬᠠᠶᠢᠯᠠᠨ ᠵᠠᠩ ᠵᠢᠶᠠ ᠵᠢᠶᠧ ᠳᠤ ᠬᠠᠷᠢᠶᠠᠯᠠᠭᠳᠠᠬᠤ ᠲᠠᠭᠤᠨ ᠤ ᠰᠣᠶᠣᠯ ᠤᠨ ᠲᠡᠮᠳᠡᠭᠯᠡᠯ ᠤᠨ ᠨᠡᠷ᠎ᠡ ᠶᠢᠨ ᠬᠠᠭᠤᠳᠠᠰᠤ ᠶᠢ ᠪᠣᠶ ᠪᠣᠯᠭᠠᠬᠤ ᠶᠢᠨ ᠬᠠᠮᠲᠤ ᠰᠣᠯᠣᠩᠭᠤᠰ ᠬᠡᠯᠡ᠂ ᠠᠩᠭ᠍ᠯᠢ ᠬᠡᠯᠡ᠂ ᠣᠷᠣᠰ ᠬᠡᠯᠡ᠂ ᠹᠷᠠᠨᠼᠢ ᠬᠡᠯᠡ ᠵᠡᠷᠭᠡ ᠣᠯᠠᠨ ᠲᠦᠷᠦᠯ ᠤᠨ ᠭᠠᠳᠠᠭᠠᠳᠤ ᠬᠡᠯᠡᠨ ᠤ ᠬᠡᠪᠯᠡᠯ ᠢ ᠵᠣᠬᠢᠶᠠᠵᠤ᠂ ᠪᠥᠬᠦ ᠪᠥᠮᠪᠥᠷᠴᠡᠭ ᠲᠤ ᠬᠠᠨᠳᠤᠭᠤᠯᠤᠨ ᠵᠡᠷᠭᠡ ᠪᠠᠷ ᠨᠡᠶᠢᠲᠡᠯᠡᠬᠦ ᠪᠣᠯᠣᠨ᠎ᠠ᠃ ᠤᠯᠠᠨ ᠵᠦᠢᠯ ᠤᠨ ᠠᠷᠭ᠎ᠠ ᠵᠠᠮ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠯᠠᠨ ᠤᠯᠤᠰ ᠤᠨ ᠦᠭᠡ ᠬᠡᠯᠡ ᠪᠠᠷ ᠵᠠᠩ ᠵᠢᠶᠠ ᠵᠢᠶᠧ ᠶᠢ ᠦᠷᠭᠦᠯᠵᠢᠯᠡᠨ ᠠᠮᠢᠳᠤᠯᠢᠭ ᠢᠶᠠᠷ ᠳᠡᠯᠭᠡᠨ ᠦᠵᠡᠭᠦᠯᠬᠦ ᠪᠣᠯᠣᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map