ᠳᠠᠮᠵᠢᠭᠤᠯᠤᠨ ᠰᠠᠴᠤᠷᠠᠭᠤᠯᠬᠤ ᠲᠥᠪ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠴᠢᠬᠤᠯᠠ ᠪᠠᠲᠤᠯᠠᠭ᠎ᠠ ᠶᠢᠨ ᠬᠤᠭᠤᠴᠠᠭᠠᠨ ᠤ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/10/11
   ᠳᠠᠮᠵᠢᠭᠤᠯᠤᠨ ᠰᠠᠴᠤᠷᠠᠭᠤᠯᠬᠤ ᠲᠥᠪ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠥᠪᠡᠷᠲᠡᠭᠡᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ ᠪᠣᠳᠠᠲᠠᠶᠢᠵᠢᠭᠤᠯᠤᠨ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠵᠢᠵᠢᠭᠦᠷᠯᠡᠨ ᠰᠠᠬᠢᠬᠤ ᠶᠢ ᠴᠢᠩᠭᠠᠷᠠᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠴᠢᠬᠤᠯᠠ ᠪᠠᠲᠤᠯᠠᠭ᠎ᠠ ᠶᠢᠨ ᠬᠤᠭᠤᠴᠠᠭᠠᠨ ᠤ ᠠᠮᠤᠷ ᠲᠦᠪᠰᠢᠨ ᠨᠡᠪᠲᠡᠷᠡᠭᠦᠯᠭᠡ ᠶᠢ ᠪᠠᠲᠤᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃  ᠨᠢᠭᠡ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠲᠣᠬᠢᠷᠠᠭᠤᠯᠤᠨ ᠪᠠᠶᠢᠷᠢᠯᠠᠭᠤᠯᠪᠠ᠃ ᠪᠠᠲᠤᠯᠠᠭ᠎ᠠ ᠶᠢᠨ ᠬᠤᠭᠤᠴᠠᠭ᠎ᠠ ᠠᠴᠠ ᠡᠮᠦᠨ᠎ᠡ᠂ ᠲᠥᠪ ᠠᠴᠠ ᠠᠵᠢᠯ ᠤᠨ ᠬᠤᠷᠠᠯ ᠬᠤᠷᠠᠯᠳᠤᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠴᠢᠬᠤᠯᠠ ᠪᠠᠲᠤᠯᠠᠭ᠎ᠠ ᠶᠢᠨ ᠬᠤᠭᠤᠴᠠᠭᠠᠨ ᠤ ᠠᠮᠤᠷ ᠲᠦᠪᠰᠢᠨ ᠨᠡᠪᠲᠡᠷᠡᠭᠦᠯᠭᠡ ᠪᠠ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠰᠠᠯᠪᠤᠷᠢ ᠪᠠᠶᠢᠭᠤᠯᠤᠮᠵᠢ ᠨᠤᠭᠤᠳ ᠢᠳᠡᠪᠬᠢᠲᠡᠢ ᠬᠥᠳᠡᠯᠦᠯᠴᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠪᠠ᠃  ᠬᠤᠶᠠᠷ ᠲᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠲᠥᠪ ᠠᠴᠠ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠢ ᠳᠠᠶᠢᠴᠢᠯᠠᠨ ᠠᠮᠤᠷ ᠲᠦᠪᠰᠢᠨ ᠨᠡᠪᠲᠡᠷᠡᠭᠦᠯᠭᠡ ᠶᠢᠨ ᠳᠠᠯᠳᠠ ᠭᠡᠮ ᠢ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠪᠡ᠃ ᠳᠣᠯᠣᠭᠠᠨ ᠥᠪᠡᠷᠲᠡᠭᠡᠨ ᠪᠠᠶᠢᠴᠠᠭᠠᠬᠤ ᠳᠤᠭᠤᠶᠢᠯᠠᠩ ᠪᠠᠶᠢᠭᠤᠯᠤᠨ ᠲᠤᠬᠠᠶ ᠶᠢᠨ ᠭᠠᠵᠠᠷ ᠲᠤ ᠨᠢ ᠰᠢᠮᠳᠠᠭᠤᠯᠤᠨ ᠵᠢᠯᠣᠭᠤᠳᠴᠤ᠂ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ︔ ᠡᠯ᠎ᠡ ᠬᠤᠪᠢᠶᠠᠷᠢ ᠪᠠᠶᠢᠭᠤᠯᠤᠮᠵᠢ ᠨᠤᠭᠤᠳ ᠢ ᠵᠢᠯᠣᠭᠤᠳᠤᠨ ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠨᠡᠪᠲᠡᠷᠡᠭᠦᠯᠬᠦ ᠪᠠᠶᠢᠭᠤᠯᠤᠮᠵᠢ ᠳᠤ ᠮᠡᠷᠭᠡᠵᠢᠯ ᠤᠨ ᠳᠡᠮᠵᠢᠯᠭᠡ ᠬᠠᠩᠭᠠᠵᠤ᠂ ᠣᠷᠣᠨ ᠨᠤᠲᠤᠭ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢᠨ ᠬᠠᠮᠲᠤ᠂ ᠮᠡᠷᠭᠡᠵᠢᠯ ᠤᠨ ᠠᠵᠢᠯᠲᠠᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ ᠲᠠᠯ᠎ᠠ ᠪᠠᠷ ᠬᠢ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃  ᠭᠤᠷᠪᠠ ᠳᠤ᠂ ᠪᠣᠯᠪᠠᠰᠤᠷᠠᠯ ᠤᠬᠠᠭᠤᠯᠭ᠎ᠠ ᠶᠢ ᠴᠢᠩᠭᠠᠳᠬᠠᠵᠤ᠂ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ 2024 ᠣᠨ ᠤ ᠷᠠᠳᠢᠣ᠋ ᠲᠧᠯᠸᠢᠰ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠠᠮᠤᠷ ᠲᠦᠪᠰᠢᠨ ᠨᠡᠪᠲᠡᠷᠡᠭᠦᠯᠭᠡ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ᠂ ᠴᠠᠬᠢᠯᠭᠠᠨ ᠬᠠᠩᠭᠠᠵᠤ ᠲᠦᠭᠡᠭᠡᠬᠦ᠂ ᠰᠦᠯᠵᠢᠶᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠲᠠᠯ᠎ᠠ ᠪᠠᠷ ᠪᠣᠯᠪᠠᠰᠤᠷᠠᠯ ᠥᠷᠨᠢᠭᠦᠯᠵᠦ᠂ ᠨᠡᠶᠢᠲᠡ 48 ᠮᠡᠷᠭᠡᠵᠢᠯ ᠤᠨ ᠠᠵᠢᠯᠲᠠᠨ ᠣᠷᠣᠯᠴᠠᠵᠤ᠂ ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠤᠨ ᠮᠡᠷᠭᠡᠵᠢᠯ ᠤᠨ ᠠᠵᠢᠯᠲᠠᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠨᠡᠪᠲᠡᠷᠡᠭᠦᠯᠭᠡ ᠶᠢᠨ ᠠᠵᠢᠯ ᠳᠤ ᠪᠠᠲᠤ ᠪᠠᠬᠢ ᠮᠡᠷᠭᠡᠵᠢᠯ ᠤᠨ ᠪᠠᠲᠤᠯᠠᠭ᠎ᠠ ᠬᠠᠩᠭᠠᠪᠠ᠃  ᠳᠥᠷᠪᠡ ᠳᠤ᠂ ᠵᠢᠵᠢᠭᠦᠷᠯᠡᠨ ᠰᠠᠬᠢᠬᠤ ᠶᠢ ᠴᠢᠩᠭᠠᠷᠠᠭᠤᠯᠵᠤ᠂ ᠠᠮᠤᠷ ᠲᠦᠪᠰᠢᠨ ᠨᠡᠪᠲᠡᠷᠡᠭᠦᠯᠭᠡ ᠶᠢ ᠦᠨᠡᠨ ᠬᠦ ᠪᠠᠲᠤᠯᠠᠪᠠ᠃ ᠪᠠᠲᠤᠯᠠᠭ᠎ᠠ ᠶᠢᠨ ᠬᠤᠭᠤᠴᠠᠭᠠᠨ ᠳᠤ᠂ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠨ ᠰᠠᠬᠢᠬᠤ ᠶᠢ ᠪᠠᠲᠤᠯᠠᠵᠤ᠂ ︽ᠥᠴᠦᠬᠡᠨ ᠴᠦ ᠳᠡᠭᠡᠭᠰᠢ ᠮᠡᠳᠡᠭᠦᠯᠬᠦ ᠥᠬᠡᠶ︾ ᠲᠦᠷᠢᠮ ᠢ ᠴᠢᠩᠭ᠎ᠠ ᠬᠡᠷᠡᠭᠵᠢᠭᠦᠯᠵᠦ᠂ ᠬᠦᠨᠳᠦ ᠪᠠᠲᠤᠯᠠᠭ᠎ᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃︵ᠳᠠᠮᠵᠢᠭᠤᠯᠤᠨ ᠰᠠᠴᠤᠷᠠᠭᠤᠯᠬᠤ ᠲᠥᠪ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map