| | | | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠭᠢᠯᠭᠠᠨ ᠮᠡᠳᠡᠭᠡ | ︵2024 ᠣᠨ ᠤ 10 ᠰᠠᠷ᠎ᠠ ᠶᠢᠨ 11 ᠤ ᠡᠳᠦᠷ᠂ ᠪᠡᠭᠡᠵᠢᠩ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠡᠩ ᠲᠡᠷᠢᠭᠦᠨ ᠳᠤ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠨᠠᠶᠢᠵᠠ ᠨᠠᠷ ᠤᠨ | ᠳᠤᠮᠳᠠᠳᠤ ᠤᠯᠤᠰ ᠲᠤ ᠢᠷᠡᠵᠤ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ | ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠳᠤ | ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ︕ ᠡᠨᠡ ᠡᠳᠦᠷ ᠪᠣᠯ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠪᠤᠯᠬᠤ | ᠥᠲᠡᠭᠦᠰ ᠤᠨ ᠪᠠᠶᠠᠷ ᠪᠣᠯᠣᠨ᠎ᠠ᠃ ᠡᠨᠡ ᠪᠣᠯ ᠨᠠᠰᠤᠲᠠᠨ ᠢᠶᠠᠨ ᠬᠦᠨᠳᠦᠳᠬᠡᠬᠦ ᠪᠠ ᠭᠡᠷ ᠬᠤᠲᠠᠯᠠᠭᠠᠷ ᠢᠶᠠᠨ ᠴᠤᠭᠯᠠᠷᠠᠬᠤ ᠶᠢ ᠪᠡᠯᠭᠡᠳᠡᠭᠰᠡᠨ ᠪᠠᠶᠠᠷ ᠤᠨ ᠡᠳᠦᠷ ᠪᠣᠯᠣᠨ᠎ᠠ᠃ | ᠣᠯᠠᠨ ᠲᠠᠢ ᠨᠢᠭᠡ ᠲᠠᠩᠬᠢᠮ ᠳᠤ ᠴᠤᠭᠯᠠᠷᠠᠵᠤ᠂ ᠨᠥᠬᠦᠷᠯᠡᠯ ᠤᠨ ᠲᠤᠬᠠᠢ ᠶᠠᠷᠢᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ | ᠤᠯᠤᠰ ᠤᠨ ᠬᠤᠭᠤᠷᠣᠨᠳᠣᠭᠢ ᠬᠠᠷᠢᠯᠴᠠᠭ᠎ᠠ ᠨᠢ ᠠᠷᠠᠳ ᠤᠨ ᠬᠤᠭᠤᠷᠤᠨᠳᠤᠭᠢ ᠳᠣᠲᠣᠨᠣ ᠬᠠᠷᠢᠯᠴᠠᠭ᠎ᠠ ᠳᠤ ᠪᠠᠶᠢᠳᠠᠭ᠃ ᠠᠷᠠᠳ ᠲᠦᠮᠡᠨ ᠨᠥᠭᠦᠷᠰᠡᠭ ᠪᠠᠶᠢᠬᠤ ᠨᠢ | ᠤᠯᠠᠨ ᠤᠯᠤᠰ ᠤᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢᠨ ᠰᠠᠭᠤᠷᠢ ᠮᠥᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠶᠢᠨ | ᠳᠠᠭᠤᠰᠤᠰᠢ ᠦᠭᠡᠢ ᠬᠥᠳᠡᠯᠭᠡᠭᠴᠢ ᠬᠦᠴᠦᠨ ᠮᠥᠨ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢᠨ ᠦᠨᠳᠦᠰᠦᠨ ᠤᠷᠢᠲᠠᠯ ᠮᠥᠨ᠃ ᠠᠳᠡ | ᠰᠠᠭᠤᠵᠤ ᠪᠠᠶᠢᠭ᠎ᠠ ᠲᠠ ᠪᠦᠭᠦᠨ ᠤᠷᠳᠤ ᠬᠤᠭᠤᠴᠠᠭ᠎ᠠ ᠪᠠᠷ ᠳᠤᠮᠳᠠᠳᠤ ᠤᠯᠤᠰ ᠯᠤᠭ᠎ᠠ ᠨᠥᠭᠦᠷᠰᠡᠭ ᠦᠢᠯᠡᠰ ᠤᠨ ᠲᠥᠯᠥᠭᠡ ᠴᠢᠷᠮᠠᠶᠢᠵᠤ᠂ ᠳᠤᠮᠳᠠᠳᠤ ᠤᠯᠤᠰ ᠤᠨ ᠠᠷᠠᠳ | ᠲᠦᠮᠡᠨ ᠤ ᠰᠠᠶᠢᠨ ᠨᠠᠶᠢᠵᠠ᠂ ᠬᠠᠭᠤᠴᠢᠨ ᠨᠠᠶᠢᠵᠠ ᠪᠣᠯᠤᠭᠰᠠᠨ ᠶᠤᠮ᠃ ᠤᠯᠠᠨ ᠢᠶᠠᠷ ᠢᠶᠠᠨ ᠲᠦᠮᠡᠨ ᠭᠠᠵᠠᠷ ᠤᠨ ᠬᠤᠯᠠ ᠠᠴᠠ ᠠᠭᠤᠯᠠ ᠤᠰᠤ ᠶᠢ ᠳᠠᠪᠠᠵᠤ ᠠᠳᠡ | ᠢᠷᠡᠭᠰᠡᠨ ᠨᠢ ᠴᠥᠮ ᠨᠥᠬᠦᠷᠯᠡᠯ ᠭᠡᠬᠦ ᠡᠨᠡ ᠬᠦ ᠲᠣᠮᠣ ᠶᠠᠪᠤᠳᠠᠯ ᠤᠨ ᠲᠥᠯᠥᠭᠡ ᠶᠤᠮ᠂ ᠴᠥᠮ ᠠᠷᠠᠳ ᠲᠦᠮᠡᠨ ᠤ ᠨᠥᠬᠦᠷᠯᠡᠯ ᠤᠨ ᠠᠭᠤᠤ ᠶᠡᠭᠡ ᠦᠢᠯᠡᠰ ᠤᠨ ᠲᠥᠯᠥᠭᠡ | ᠶᠤᠮ᠂ ᠡᠭᠦᠨ ᠢ ᠪᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ | ᠣᠳᠣᠬᠠᠨ ᠤ ᠳᠡᠯᠡᠬᠡᠢ ᠶᠢᠷᠲᠢᠨᠴᠦ ᠲᠡᠦᠬᠡ ᠶᠢᠨ ᠲᠣᠨᠣᠯᠵᠢᠨ ᠵᠠᠮ ᠳᠤ ᠳᠠᠬᠢᠨᠲᠠ ᠵᠣᠭᠰᠣᠪᠠ᠃ ︽ ᠶᠠᠮᠠᠷ ᠶᠠᠩᠵᠤ ᠶᠢᠨ ᠳᠡᠯᠡᠬᠡᠢ ᠶᠢᠷᠲᠢᠨᠴᠦ ᠶᠢ ᠪᠠᠶᠢᠭᠤᠯᠬᠤ᠂ ᠡᠨᠡ | ᠬᠦ ᠳᠡᠯᠡᠬᠡᠢ ᠶᠢᠷᠲᠢᠨᠴᠦ ᠶᠢ ᠬᠡᠷᠬᠢᠨ ᠪᠠᠶᠢᠭᠤᠯᠬᠤ ︾ ᠡᠨᠡ ᠬᠦ ᠴᠠᠭ ᠦᠶ᠎ᠡ ᠶᠢᠨ ᠰᠡᠳᠦᠪ ᠤᠨ ᠡᠮᠦᠨ᠎ᠡ᠂ ᠪᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠭᠡᠬᠦ ᠳᠤᠮᠳᠠᠳᠤ ᠤᠯᠤᠰ ᠤᠨ ᠬᠠᠷᠢᠭᠤᠯᠲᠠ ᠶᠢ ᠳᠤᠷᠠᠳᠪᠠ᠃ ᠵᠠᠭᠤᠨ ᠵᠢᠯ ᠤᠨ ᠬᠤᠪᠢᠰᠤᠯᠲᠠ ᠶᠢᠨ ᠳᠣᠣᠷ᠎ᠠ᠂ ᠪᠦᠭᠦ ᠪᠥᠮᠪᠥᠷᠴᠡᠭ ᠢᠶᠠᠷ ᠢᠶᠠᠨ | ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠥᠮᠥᠨ ᠲᠥᠷᠥᠯᠬᠢᠲᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠳᠡᠯᠡᠬᠡᠢ ᠳ᠋ᠠᠬᠢᠨ ᠬᠡᠷᠬᠢᠨ ᠬᠥᠭᠵᠢᠬᠦ ᠭᠡᠳᠡᠭ ᠨᠢ ᠡᠯ᠎ᠡ | ᠤᠯᠤᠰ ᠤᠨ ᠠᠷᠠᠳ ᠲᠦᠮᠡᠨ ᠤ ᠰᠣᠩᠭᠤᠯᠲᠠ ᠪᠠᠷ ᠰᠢᠢᠳᠪᠦᠷᠢᠯᠡᠭᠳᠡᠨ᠎ᠡ᠃ | ᠨᠢᠭᠡᠨ ᠭᠠᠳᠠᠭᠠᠳᠤ ᠶᠢᠨ ᠨᠠᠶᠢᠵᠠ ᠨᠠᠳᠠ ᠳᠤ᠄ ︽ ᠨᠥᠬᠦᠷᠯᠡᠯ ᠪᠣᠯ ᠶᠡᠭᠡ ᠶᠠᠪᠤᠳᠠᠯ᠂ ᠨᠥᠬᠦᠷᠯᠡᠯ ᠲᠠᠢ ᠶᠢᠷᠲᠢᠨᠴᠦ ᠪᠣᠯ ᠰᠠᠶ᠋ᠢ ᠡᠩᠬᠡ ᠲᠠᠶᠢᠪᠤᠩ ᠶᠢᠷᠲᠢᠨᠴᠦ ᠪᠣᠯᠣᠨ᠎ᠠ ︾ | ᠭᠡᠵᠦ ᠬᠡᠯᠡᠵᠦ ᠥᠩᠭᠡᠷᠡᠪᠡ᠃ ᠠᠷᠠᠳ ᠲᠦᠮᠡᠨ ᠤ ᠨᠥᠬᠦᠷᠯᠡᠯ ᠤᠨ ᠤᠷᠤᠰᠬᠠᠯ ᠨᠢ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠ᠃ | ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠃ ᠠᠷᠪᠠᠨ ᠬᠡᠳᠦᠨ ᠡᠳᠦᠷ ᠤᠨ ᠡᠮᠦᠨ᠎ᠡ᠂ | ᠪᠢᠳᠡ ᠰᠠᠶ᠋ᠢᠬᠠᠨ ᠦᠪᠡᠳᠡᠭᠰᠢ ᠶᠡᠭᠡ ᠪᠡᠯᠭᠡᠯᠡᠬᠦ ᠠᠵᠢᠯᠯᠠᠭ᠎ᠠ ᠥᠷᠨᠢᠭᠦᠯᠪᠡ᠃ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠪᠡ᠃ ᠤᠷᠳᠤ | ᠬᠤᠭᠤᠴᠠᠭᠠᠨ ᠤ ᠲᠡᠮᠡᠴᠡᠯ ᠢᠶᠠᠷ ᠲᠡᠮᠵᠢᠨ᠂ ᠪᠢᠳᠡ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠳᠡᠯᠡᠬᠡᠢ | ᠳ᠋ᠠᠬᠢᠨ ᠤ ᠠᠩᠬᠠᠷᠤᠯ ᠢ ᠲᠠᠲᠠᠭᠰᠠᠨ ᠬᠥᠭᠵᠢᠯᠲᠡ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠵᠦ᠂ ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ | ᠦᠢᠯᠡᠳᠬᠦ ᠣᠳᠣᠬᠢᠴᠢᠯᠠᠯᠲᠠ ᠶᠢᠨ ᠵᠠᠮ ᠢᠶᠠᠷ ᠵᠠᠮᠨᠠᠭᠰᠠᠨ ᠶᠤᠮ᠃ | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠤᠯᠤᠰ ᠤᠨ ᠣᠯᠣᠭᠰᠠᠨ ᠡᠯ᠎ᠡ ᠲᠠᠯ᠎ᠠ ᠶᠢᠨ ᠠᠮᠵᠢᠯᠲᠠ ᠪᠦᠲᠦᠮᠵᠢ ᠴᠥᠮ ᠳᠡᠯᠡᠬᠡᠢ ᠶᠢᠨ ᠡᠯ᠎ᠡ ᠤᠯᠤᠰ ᠤᠨ ᠠᠷᠠᠳ | ᠲᠦᠮᠡᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠨᠢᠭᠡ ᠪᠦᠯᠦᠭ ᠤᠯᠠᠨ ᠤᠯᠤᠰ ᠤᠨ ᠨᠥᠭᠦᠷᠰᠡᠭ ᠬᠥᠮᠥᠰ ᠠᠯᠤᠰ ᠬᠤᠯᠠ ᠠᠴᠠ ᠳᠤᠮᠳᠠᠳᠤ ᠤᠯᠤᠰ ᠲᠤ | ᠢᠷᠡᠵᠤ᠂ ᠳᠤᠮᠳᠠᠳᠤ ᠤᠯᠤᠰ ᠤᠨ ᠠᠷᠠᠳ ᠲᠦᠮᠡᠨ ᠲᠠᠢ ᠰᠠᠯᠬᠢ ᠪᠣᠷᠣᠭᠠᠨ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠲᠤ ᠪᠠᠷ ᠲᠡᠮᠡᠴᠡᠵᠦ᠂ | ᠮᠠᠰᠢ ᠤᠯᠠᠨ ᠭᠠᠳᠠᠭᠠᠳᠤ ᠶᠢᠨ ᠠᠵᠤ ᠠᠬᠤᠶᠢᠯᠠᠯ᠂ ᠪᠠᠶᠢᠭᠤᠯᠤᠮᠵᠢ᠂ ᠬᠤᠪᠢ ᠬᠥᠮᠥᠨ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠯ᠎ᠡ ᠲᠠᠯ᠎ᠠ ᠶᠢᠨ ᠬᠢᠨ ᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ | ᠪᠠᠰᠠ ᠳᠤᠮᠳᠠᠳᠤ ᠭᠠᠳᠠᠭᠠᠳᠤ ᠶᠢᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠡᠳᠡᠨ ᠤ ᠳᠤᠮᠳᠠᠳᠤ | ᠤᠯᠤᠰ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠴᠢᠩ ᠦᠨᠡᠨᠴᠢ ᠨᠥᠬᠦᠷᠯᠡᠯ ᠢ ᠪᠢᠳᠡ | ᠢᠮᠠᠭᠲᠠ ᠪᠠᠲᠤ ᠴᠡᠭᠡᠵᠢᠯᠡᠨ᠎ᠡ᠃ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ | ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠭᠡᠳᠦᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠨᠥᠭᠦᠷᠰᠡᠭ | ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠭᠠᠳᠠᠭᠠᠳᠤ ᠬᠠᠷᠢᠯᠴᠠᠭᠠᠨ ᠤ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ | ᠨᠢᠭᠡ ᠳᠤ᠂ ︽ ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ ︾ ᠵᠣᠷᠢᠭ ᠰᠠᠨᠠᠭ᠎ᠠ ᠪᠠᠷ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠶ᠎ᠠ᠃ ᠡᠯ᠎ᠡ ᠤᠯᠤᠰ ᠤᠨ ᠠᠷᠠᠳ ᠲᠦᠮᠡᠨ ᠨᠢᠭᠡ ᠳᠡᠯᠡᠬᠡᠢ ᠶᠢᠨ | ᠪᠥᠮᠪᠥᠷᠴᠡᠭ ᠳᠡᠭᠡᠷ᠎ᠡ ᠠᠮᠢᠳᠤᠷᠠᠵᠤ᠂ ᠨᠢᠭᠡ ᠭᠡᠷ ᠤᠨ ᠬᠥᠮᠥᠨ ᠮᠥᠨ᠂ ᠦᠢᠮᠡᠭᠡᠨ ᠳᠡᠪᠵᠢᠶᠡᠨ ᠲᠠᠢ ᠳᠡᠯᠡᠬᠡᠢ ᠶᠢᠨ ᠪᠠᠶᠢᠳᠠᠯ ᠪᠣᠯᠣᠨ ᠲᠠᠰᠤᠷᠠᠯᠳᠠ ᠦᠭᠡᠢ ᠭᠠᠷᠴᠤ ᠪᠠᠶᠢᠭ᠎ᠠ | ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠪᠦᠯᠬᠦᠮᠳᠡᠨ ᠠᠷᠭᠠᠴᠠᠭᠠᠪᠠᠯ ᠵᠣᠬᠢᠨ᠎ᠠ᠃ ᠳᠤᠮᠳᠠᠳᠤ ᠤᠯᠤᠰ ᠤᠨ ᠡᠷᠲᠡᠨ ᠤ ᠬᠥᠮᠥᠰ ︽ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠤᠨ᠎ᠠ ︾ ᠭᠡᠵᠦ ᠭᠡᠯᠴᠡᠳᠡᠭ᠂ ᠤᠳᠤ ᠳᠡᠯᠡᠬᠡᠢ ᠨᠡᠶᠢᠭᠡᠮ ᠢᠶᠠᠷ ᠢᠶᠠᠨ ︽ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ ︾ ᠴᠢᠬᠤᠯᠠᠲᠠᠢ ᠪᠣᠯᠪᠠ᠃ | ᠬᠥᠮᠥᠨ ᠲᠥᠷᠥᠯᠬᠢᠲᠡᠨ ᠤ ᠬᠥᠭᠵᠢᠯᠲᠡ ᠳᠠᠪᠰᠢᠯᠲᠠ ᠶᠢᠨ ᠶᠡᠭᠡ ᠴᠢᠭᠯᠡᠯ ᠬᠤᠪᠢᠷᠠᠬᠤ ᠦᠭᠡᠢ᠂ ᠳᠡᠯᠡᠬᠡᠢ ᠶᠢᠨ ᠲᠡᠦᠬᠡ ᠲᠦᠪᠡᠭ ᠪᠤᠳᠤᠯᠢᠶᠠᠨᠲᠠᠢ ᠤᠷᠤᠭᠰᠢᠯᠠᠬᠤ ᠶᠡᠭᠡ ᠯᠣᠭᠢᠭ | ᠬᠤᠪᠢᠷᠠᠬᠤ ᠦᠭᠡᠢ᠂ ᠳᠡᠯᠡᠬᠡᠢ ᠨᠡᠶᠢᠭᠡᠮ ᠤᠨ ᠬᠤᠪᠢ ᠵᠠᠶᠠᠭ᠎ᠠ ᠪᠠᠨ ᠬᠠᠮᠲᠤᠳᠬᠠᠬᠤ ᠶᠡᠭᠡ ᠬᠠᠨᠳᠤᠰᠢ ᠬᠤᠪᠢᠷᠠᠬᠤ ᠦᠭᠡᠢ ᠭᠡᠳᠡᠭ ᠢ ᠳᠤᠮᠳᠠᠳᠤ ᠤᠯᠤᠰ ᠢᠮᠠᠭᠲᠠ ᠪᠠᠲᠤ | ᠢᠲᠡᠭᠡᠨ᠎ᠡ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ | ᠠᠷᠠᠳᠴᠢᠯᠠᠯ᠂ ᠡᠷᠬᠡ ᠴᠢᠯᠦᠭᠡ ᠪᠦᠬᠦᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ | ᠢᠲᠡᠭᠡᠯ ᠪᠢᠰᠢᠷᠡᠯ᠂ ᠠᠳᠠᠯᠢ ᠪᠤᠰᠤ ᠰᠣᠶᠣᠯ᠂ ᠠᠳᠠᠯᠢ ᠪᠤᠰᠤ ᠣᠷᠣᠨ ᠪᠦᠰᠡ ᠶᠢᠨ ᠠᠷᠠᠳ ᠲᠦᠮᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠷᠬᠡ ᠲᠡᠭᠰᠢ ᠡᠮᠬᠢ | ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠮᠠᠨ ᠤ | ᠬᠠᠮᠲᠤ ᠪᠠᠷ ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠢᠶᠠᠨ ᠡᠩᠬᠡ ᠲᠠᠶᠢᠪᠤᠩ᠂ ᠡᠪ ᠨᠠᠶᠢᠷᠠᠮᠳᠠᠭᠤ᠂ ᠡᠶ᠎ᠡ ᠵᠣᠬᠢᠴᠠᠯ ᠲᠠᠢ ᠲᠣᠮᠣ ᠭᠡᠷ ᠪᠦᠯᠢ ᠪᠣᠯᠭᠠᠨ ᠪᠦᠲᠦᠭᠡᠨ | ᠪᠠᠶᠢᠭᠤᠯᠤᠶ᠎ᠠ᠃ | ᠬᠤᠶᠠᠷ ᠲᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢᠶᠠᠷ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠶ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ | ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠠᠮ ᠮᠥᠨ᠂ ᠪᠠᠰᠠ ᠴᠤ ᠬᠥᠮᠥᠨ | ᠲᠥᠷᠥᠯᠬᠢᠲᠡᠨ ᠤ ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠴᠢᠷᠮᠠᠶᠢᠬᠤ ᠨᠠᠮ ᠮᠥᠨ᠃ ᠪᠢ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠵᠡᠷᠭᠡ ᠶᠢ ᠳᠤᠷᠠᠳᠤᠭᠰᠠᠨ ᠨᠢ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ | ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠭᠦᠳᠴᠦ ᠥᠭᠬᠦ ᠶᠢᠨ ᠲᠥᠯᠥᠭᠡ ᠶᠤᠮ᠃ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠳᠤᠷᠠᠳᠤᠭᠰᠠᠨ 10 ᠭᠠᠷᠤᠢ ᠵᠢᠯ ᠤᠨ ᠦᠢᠯᠡᠳᠦᠯᠭᠡ ᠨᠢ ᠮᠠᠰᠢ ᠤᠯᠠᠨ ᠰᠡᠩᠬᠡᠷᠡᠭᠦᠯᠦᠯ ᠢ | ᠠᠪᠴᠢᠷᠠᠵᠠᠢ᠂ ᠡᠭᠦᠨ ᠤ ᠳᠣᠲᠣᠷ᠎ᠠ ᠴᠢᠬᠤᠯᠠ ᠨᠢᠭᠡ ᠵᠦᠢᠯ ᠭᠡᠪᠡᠯ᠂ ᠭᠠᠭᠴᠠ ᠬᠦ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠪᠡᠯ ᠰᠠᠶ᠋ᠢ ᠤᠴᠢᠷ ᠶᠠᠪᠤᠳᠠᠯ ᠢ ᠪᠦᠲᠦᠭᠡᠵᠦ᠂ | ᠶᠠᠪᠤᠳᠠᠯ ᠢ ᠰᠠᠶᠢᠲᠤᠷ ᠪᠦᠲᠦᠭᠡᠵᠦ᠂ ᠶᠡᠭᠡ ᠶᠠᠪᠤᠳᠠᠯ ᠢ ᠪᠦᠲᠦᠭᠡᠵᠦ ᠴᠢᠳᠠᠨ᠎ᠠ᠃ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ | ᠣᠳᠣᠬᠢᠴᠢᠯᠠᠯᠲᠠ ᠶᠢ ᠬᠥᠭᠡᠭᠡᠴᠡᠯᠳᠦᠬᠦ ᠦᠭᠡᠢ ᠶᠤᠮ᠂ ᠨᠡᠩ ᠣᠯᠠᠨ ᠭᠠᠳᠠᠭᠠᠳᠤ ᠶᠢᠨ ᠨᠠᠶᠢᠵᠠ ᠨᠠᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠠᠬᠢᠴᠠ ᠳᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ | ᠣᠶᠢᠯᠠᠭᠠᠭᠳᠠᠬᠤᠨ ᠢᠶᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ | ᠲᠣᠭᠢᠶᠠᠯ ᠬᠠᠩᠭᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ | ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠴᠢᠷᠮᠠᠶᠢᠨ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃ | ᠭᠤᠷᠪᠠ ᠳᠤ᠂ ᠨᠡᠭᠡᠭᠡᠯᠲᠡᠲᠡᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠬᠤ ᠪᠣᠯᠪᠠᠰᠤᠨ ᠤ ᠬᠠᠭᠤᠳᠠᠰᠤ ᠶᠢ ᠵᠢᠷᠤᠭᠯᠠᠶ᠎ᠠ᠃ ︽ ᠲᠦᠮᠡᠨ ᠪᠣᠳᠠᠰ ᠬᠠᠮᠲᠤ ᠪᠠᠷ ᠪᠣᠶᠢᠵᠢᠬᠤᠢ ᠳᠤᠷ ᠨᠢᠭᠡᠨ ᠨᠢᠭᠡᠨ ᠢᠶᠠᠨ ᠦᠯᠦ ᠬᠤᠭᠢᠷᠠᠭᠤᠯᠤᠮᠤᠢ︔ ᠶᠣᠰᠣ | ᠰᠤᠷᠲᠠᠬᠤᠨ ᠵᠡᠷᠭᠡ ᠪᠠᠷ ᠣᠷᠣᠰᠢᠬᠤᠢ ᠳᠤᠷ ᠬᠠᠷᠢᠯᠴᠠᠨ ᠦᠯᠦ ᠬᠠᠷᠰᠢᠯᠳᠤᠮᠤᠢ ︾᠃ ᠡᠶ᠎ᠡ ᠲᠠᠢ ᠠᠳᠠᠯ᠎ᠠ ᠠᠳᠠᠯᠢ ᠪᠤᠰᠤ ᠪᠠᠶᠢᠳᠠᠭ ᠨᠢ ᠠᠯᠢᠪᠠ ᠬᠡᠷᠡᠭ ᠪᠣᠳᠠᠰ ᠤᠨ ᠡᠭᠦᠰᠴᠦ | ᠬᠥᠭᠵᠢᠬᠦ ᠵᠢᠮ᠎ᠡ ᠶᠣᠰᠣ ᠮᠥᠨ᠂ ᠪᠠᠰᠠ ᠴᠤ ᠬᠥᠮᠥᠨ ᠲᠥᠷᠥᠯᠬᠢᠲᠡᠨ ᠤ ᠪᠣᠯᠪᠠᠰᠤᠨ ᠤ ᠤᠯᠠᠮᠵᠢᠯᠠᠭᠳᠠᠨ ᠬᠥᠭᠵᠢᠬᠦ ᠶᠢᠨ ᠵᠢᠮ᠎ᠡ ᠶᠣᠰᠣ ᠮᠥᠨ᠃ ᠬᠠᠷᠢᠯᠴᠠᠨ ᠰᠣᠯᠢᠯᠴᠠᠵᠤ | ᠬᠠᠷᠢᠯᠴᠠᠨ ᠲᠣᠯᠢ ᠪᠤᠯᠭᠠᠬᠤ ᠪᠣᠯ ᠪᠣᠯᠪᠠᠰᠤᠨ ᠤ ᠬᠥᠭᠵᠢᠯᠲᠡ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠮᠥᠨ ᠴᠤ ᠬᠥᠮᠥᠨ ᠲᠥᠷᠥᠯᠬᠢᠲᠡᠨ ᠤ ᠪᠣᠯᠪᠠᠰᠤᠨ ᠤ | ᠳᠠᠪᠰᠢᠯᠲᠠ ᠪᠠ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠳᠤᠮᠳᠠᠳᠤ ᠶᠢᠨ ᠪᠣᠯᠪᠠᠰᠤᠨ ᠪᠣᠯ ᠪᠤᠰᠤᠳ | ᠪᠣᠯᠪᠠᠰᠤᠨ ᠲᠠᠢ ᠲᠠᠰᠤᠷᠠᠯᠳᠠ ᠦᠭᠡᠢ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠳᠤᠮᠳᠠ ᠪᠦᠷᠢᠯᠳᠦᠭᠰᠡᠨ ᠨᠡᠭᠡᠭᠡᠯᠲᠡᠲᠤ ᠰᠢᠰᠲ᠋ᠧᠮ ᠮᠥᠨ᠂ ᠲᠡᠷᠡ ᠨᠢ | ᠪᠦᠭᠦᠨ ᠢ ᠠᠪᠴᠤ ᠪᠠᠶᠢᠳᠠᠭ ᠢ ᠬᠠᠳᠠᠭᠠᠯᠠᠬᠤ ᠳᠤᠮᠳᠠ ᠶᠠᠪᠤᠬᠤ ᠲᠤᠳᠤᠮ ᠰᠢᠨᠡᠳᠴᠦ ᠪᠠᠶᠢᠳᠠᠭ᠃ ᠳᠤᠮᠳᠠᠳᠤ ᠶᠢᠨ ᠦᠨᠳᠦᠰᠦᠲᠡᠨ ᠪᠣᠯ ᠨᠡᠭᠡᠭᠡᠯᠲᠡᠲᠡᠢ ᠪᠠᠭᠲᠠᠭᠠᠮᠵᠢᠲᠠᠢ | ᠦᠨᠳᠦᠰᠦᠲᠡᠨ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠣᠯ ᠴᠠᠶᠢᠯᠭᠠᠨ ᠨᠥᠭᠦᠷᠰᠡᠭ ᠠᠷᠠᠳ ᠲᠦᠮᠡᠨ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ | ᠬᠢᠨ ᠲᠠᠢ ᠬᠠᠮᠲᠤ ᠪᠠᠷ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠡᠷᠬᠡ ᠲᠡᠭᠰᠢ᠂ ᠬᠠᠷᠢᠯᠴᠠᠨ ᠲᠣᠯᠢ ᠪᠤᠯᠭᠠᠬᠤ᠂ ᠶᠠᠷᠢᠯᠴᠠᠭ᠎ᠠ | ᠬᠢᠬᠦ᠂ ᠪᠠᠭᠲᠠᠭᠠᠮᠵᠢᠲᠠᠢ ᠪᠣᠯᠪᠠᠰᠤᠨ ᠤ ᠦᠵᠡᠯᠲᠡ ᠶᠢ ᠪᠠᠳᠠᠷᠠᠭᠤᠯᠵᠤ᠂ ᠴᠢᠩ ᠦᠨᠡᠨᠴᠢ ᠣᠯᠣᠯᠴᠠᠭ᠎ᠠ ᠪᠠᠷ ᠲᠠᠮᠵᠢᠨ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ | ᠨᠥᠬᠦᠷᠯᠡᠯ ᠢᠶᠠᠨ ᠵᠤᠵᠠᠭᠠᠳᠬᠠᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠢ ᠵᠠᠪᠰᠠᠷ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠᠷ | ᠪᠣᠯᠪᠠᠰᠤᠨ ᠤ ᠮᠥᠷᠭᠦᠯᠳᠦᠭᠡᠨ ᠢ ᠳᠠᠪᠠᠵᠤ᠂ ᠳᠡᠯᠡᠬᠡᠢ ᠳ᠋ᠠᠬᠢᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠨ᠎ᠠ᠃ | ᠠᠷᠠᠳ ᠤᠨ ᠬᠤᠭᠤᠷᠣᠨᠳᠣᠭᠢ ᠳᠣᠲᠣᠨᠣ ᠬᠠᠷᠢᠴᠠᠭ᠎ᠠ ᠨᠢ ᠰᠡᠳᠬᠢᠯ ᠤᠨ ᠨᠡᠪᠲᠡᠷᠡᠯᠴᠡᠭᠡ ᠳᠤ ᠪᠤᠢ᠃ ᠠᠷᠠᠳ ᠤᠨ ᠰᠡᠳᠬᠢᠯ ᠤᠨ ᠨᠡᠪᠲᠡᠷᠡᠯᠴᠡᠭᠡ ᠪᠣᠯ ᠬᠠᠮᠤᠭ ᠤᠨ | ᠰᠠᠭᠤᠷᠢ᠂ ᠬᠠᠮᠤᠭ ᠤᠨ ᠪᠠᠲᠤ ᠪᠠᠬᠢ᠂ ᠬᠠᠮᠤᠭ ᠤᠨ ᠤᠳᠠᠭᠠᠨ ᠳᠠᠭᠠᠭᠠᠮᠠᠭᠠᠢ ᠬᠤᠯᠪᠣᠯᠳᠤᠨ ᠨᠡᠪᠲᠡᠷᠡᠯᠴᠡᠬᠦ ᠶᠠᠪᠤᠳᠠᠯ ᠪᠣᠯᠣᠨ᠎ᠠ᠃ ᠳᠤᠮᠳᠠᠳᠤ ᠤᠯᠤᠰ ᠤᠨ ᠵᠠᠰᠠᠭ ᠤᠨ | ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠳᠤᠮᠳᠠᠳᠤ | ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠬᠥᠭᠵᠢᠭᠦᠯᠬᠦ᠂ ᠤᠯᠠᠨ ᠤᠯᠤᠰ ᠤᠨ ᠪᠣᠳᠠᠲᠠᠢ ᠶᠢ ᠡᠷᠭᠢᠮᠯᠡᠭᠦ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ | ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠠ᠃ ᠠᠷᠠᠳ ᠤᠨ ᠬᠤᠭᠤᠷᠣᠨᠳᠣᠭᠢ ᠶᠠᠪᠤᠯᠴᠠᠭ᠎ᠠ ᠶᠢᠨ ᠬᠥᠭᠦᠷᠭᠡ ᠶᠢ ᠨᠡᠩ ᠤᠯᠠᠨ ᠪᠠᠶᠢᠭᠤᠯᠵᠤ᠂ ᠡᠯ᠎ᠡ | ᠤᠯᠤᠰ ᠤᠨ ᠨᠠᠶᠢᠵᠠ ᠨᠠᠷ ᠲᠠᠢ ᠪᠦᠯᠬᠦᠮᠳᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠦᠢᠯᠡᠳᠦᠯᠭᠡᠵᠢᠭᠦᠯᠦᠭᠴᠢ | ᠪᠤᠯᠤᠨ᠎ᠠ︔ ᠨᠡᠩ ᠤᠯᠠᠨ ᠪᠣᠳᠠᠲᠠᠢ ᠶᠢ ᠡᠷᠭᠢᠮᠯᠡᠭᠦ ᠬᠠᠮᠲᠤᠷᠠᠯᠴᠠᠭ᠎ᠠ ᠶᠢᠨ ᠬᠥᠭᠦᠷᠭᠡ ᠶᠢ ᠴᠣᠭᠴᠠᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠠᠮᠲᠤ ᠪᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠯᠴᠠᠭᠴᠢ ᠪᠤᠯᠤᠨ᠎ᠠ︔ ᠨᠡᠩ ᠤᠯᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠬᠥᠭᠦᠷᠭᠡ ᠬᠤᠯᠪᠣᠭᠠᠰᠤ ᠶᠢ | ᠪᠠᠶᠢᠭᠤᠯᠵᠤ᠂ ᠡᠯ᠎ᠡ ᠤᠯᠤᠰ ᠤᠨ ᠠᠷᠠᠳ ᠤᠯᠠᠨ ᠤ ᠳᠤᠮᠳᠠᠳᠤ ᠭᠠᠳᠠᠭᠠᠳᠤ ᠶᠢᠨ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠ ᠠᠷᠠᠳ ᠤᠨ ᠰᠡᠳᠬᠢᠯ | ᠨᠡᠪᠲᠡᠷᠡᠯᠴᠡᠬᠦ ᠶᠢᠨ ᠠᠬᠢᠭᠤᠯᠤᠭᠴᠢ ᠪᠤᠯᠬᠤ ᠶᠢ ᠵᠣᠷᠢᠬᠵᠢᠭᠤᠯᠤᠨ᠎ᠠ︔ ᠨᠡᠩ ᠤᠯᠠᠨ ᠵᠠᠯᠠᠭᠤᠴᠤᠳ ᠪᠠᠭᠠᠴᠤᠳ ᠤᠨ ᠨᠥᠬᠦᠷᠯᠡᠯ ᠤᠨ ᠬᠥᠭᠦᠷᠭᠡ ᠶᠢ ᠴᠣᠭᠴᠠᠯᠠᠵᠤ᠂ ᠵᠠᠯᠠᠭᠤ | ᠨᠢᠭᠡ ᠦᠶ᠎ᠡ ᠶᠢᠨ ᠬᠢᠨ ᠢ ᠵᠣᠷᠢᠭᠵᠢᠭᠤᠯᠵᠤ᠂ ᠬᠠᠮᠲᠤ ᠪᠠᠷ ᠠᠷᠠᠳ ᠲᠦᠮᠡᠨ ᠤ ᠨᠥᠬᠦᠷᠯᠡᠯ ᠤᠨ ᠦᠢᠯᠡᠰ ᠤᠨ ᠵᠠᠯᠭᠠᠮᠵᠢᠯᠠᠭᠴᠢ ᠪᠣᠯᠭᠠᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯ ᠠᠷᠠᠳ | ᠲᠦᠮᠡᠨ ᠤ ᠵᠠᠰᠠᠭ ᠤᠨ ᠣᠷᠳᠣᠨ ᠮᠥᠨ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠭᠠᠳᠠᠭᠠᠳᠤ ᠬᠠᠷᠢᠯᠴᠠᠭ᠎ᠠ ᠮᠥᠨ᠃ ᠠᠷᠠᠳ ᠤᠨ | ᠬᠤᠭᠤᠷᠣᠨᠳᠣᠭᠢ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ᠂ ᠤᠯᠤᠰ ᠤᠨ ᠬᠤᠭᠤᠷᠣᠨᠳᠣᠭᠢ ᠬᠠᠷᠢᠯᠴᠠᠭᠠᠨ ᠤ ᠬᠥᠭᠵᠢᠯᠲᠡ ᠶᠢ | ᠠᠬᠢᠭᠤᠯᠬᠤ ᠰᠠᠭᠤᠷᠢᠯᠠᠬᠤ ᠴᠢᠨᠠᠷᠲᠠᠢ ᠠᠵᠢᠯ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠬᠠᠮᠲᠤ ᠪᠠᠷ᠂ ᠨᠥᠬᠦᠷᠯᠡᠯ ᠢᠶᠠᠷ ᠬᠥᠭᠦᠷᠭᠡ | ᠪᠤᠯᠭᠠᠵᠤ᠂ ᠰᠡᠳᠬᠢᠯ ᠢᠶᠠᠷ ᠢᠶᠠᠨ ᠶᠠᠪᠤᠯᠴᠠᠵᠤ᠂ ᠳᠤᠮᠳᠠᠳᠤ ᠭᠠᠳᠠᠭᠠᠳᠤ ᠶᠢᠨ ᠠᠷᠠᠳ ᠤᠨ ᠬᠤᠭᠤᠷᠣᠨᠳᠣᠭᠢ ᠨᠥᠬᠦᠷᠯᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠨ ᠤ | ᠦᠷ᠎ᠡ ᠬᠤᠶᠢᠴᠢᠰ ᠲᠠᠭᠠᠨ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠵᠤ ᠥᠭᠭᠦᠨ᠎ᠡ᠃ | | |