| | | | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠭᠢᠯᠭᠠᠨ ᠮᠡᠳᠡᠭᠡ 10 ᠰᠠᠷ᠎ᠠ ᠶᠢᠨ 11 ᠤ ᠦᠳᠡ ᠶᠢᠨ ᠡᠮᠦᠨ᠎ᠡ ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ | ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ | ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠭᠠᠳᠠᠭᠠᠳᠤ ᠶᠢᠨ ᠵᠣᠴᠢᠳ ᠲᠠᠢ ᠠᠭᠤᠯᠵᠠᠪᠠ ᠃ | | | | | | 10 ᠰᠠᠷ᠎ᠠ ᠶᠢᠨ 11 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ | ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠭᠠᠳᠠᠭᠠᠳᠤ ᠶᠢᠨ ᠵᠣᠴᠢᠳ ᠲᠠᠢ ᠬᠠᠮᠲᠤ ᠪᠠᠷ | ᠠᠭᠤᠯᠵᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | | ᠰᠢ ᠶᠢᠨ ᠫᠢᠩ ᠡᠩ ᠲᠡᠷᠢᠭᠦᠨ ᠳᠤ ᠳᠤᠮᠳᠠᠳᠤ ᠤᠯᠤᠰ ᠲᠤ ᠢᠷᠡᠵᠦ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ | ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ | ᠠᠵᠢᠯᠯᠠᠭ᠎ᠠ ᠳᠤ ᠣᠷᠣᠯᠴᠠᠬᠰᠠᠨ ᠬᠡᠰᠡᠭ ᠭᠠᠳᠠᠭᠠᠳᠤ ᠶᠢᠨ ᠵᠣᠴᠢᠳ ᠤᠨ ᠲᠥᠯᠥᠭᠡᠯᠡᠭᠴᠢ ᠲᠠᠢ ᠬᠠᠮᠲᠤ ᠭᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ ᠂ ᠤᠯᠠᠨ | ᠤᠯᠤᠰ ᠤᠨ ᠨᠥᠭᠦᠷᠰᠡᠭ ᠬᠥᠮᠥᠰ ᠤᠨ ᠳᠤᠮᠳᠠᠳᠤ ᠤᠯᠤᠰ ᠤᠨ ᠨᠥᠭᠦᠷᠰᠡᠭ ᠦᠢᠯᠡᠰ ᠲᠤ ᠤᠷᠳᠤ ᠬᠤᠭᠤᠴᠠᠭ᠎ᠠ ᠪᠠᠷ ᠵᠢᠳᠬᠦᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠵᠤ ᠪᠠᠶᠢᠬᠤ ᠪᠠᠨ ᠢᠯᠡᠳᠬᠡᠪᠡ ᠃ | ᠰᠢ ᠶᠢᠨ ᠫᠢᠩ᠂ ᠠᠷᠠᠳ ᠲᠦᠮᠡᠨ ᠨᠥᠭᠦᠷᠰᠡᠭ ᠪᠠᠶᠢᠬᠤ ᠪᠣᠯ ᠤᠯᠠᠨ ᠤᠯᠤᠰ ᠤᠨ ᠬᠠᠷᠢᠯᠴᠠᠭᠠᠨ ᠤ ᠯᠠᠪᠳᠠᠭᠤᠨ ᠢᠶᠠᠷ ᠬᠤᠯᠠ ᠠᠶᠠᠯᠠᠬᠤ ᠶᠢᠨ ᠰᠠᠭᠤᠷᠢ ᠮᠥᠨ ᠂ | ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠠᠭᠤᠰᠤᠰᠢ ᠦᠭᠡᠢ ᠬᠥᠳᠡᠯᠭᠡᠬᠦ ᠬᠦᠴᠦᠨ ᠮᠥᠨ ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠲᠤᠷᠰᠢ ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ | ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠬᠦ ᠣᠳᠣᠬᠢᠴᠢᠯᠠᠯᠲᠠ ᠶᠢᠨ ᠵᠠᠮ ᠢᠶᠠᠷ ᠵᠠᠮᠨᠠᠪᠠ ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ ᠂ | ᠳᠤᠮᠳᠠᠳᠤ ᠤᠯᠤᠰ ᠤᠨ ᠣᠯᠣᠭᠰᠠᠨ ᠡᠯ᠎ᠡ ᠲᠠᠯ᠎ᠠ ᠶᠢᠨ ᠠᠮᠵᠢᠯᠲᠠ ᠪᠦᠲᠦᠮᠵᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ | ᠶᠤᠮ ᠃ ᠨᠢᠭᠡ ᠪᠦᠯᠦᠭ ᠤᠯᠠᠨ ᠤᠯᠤᠰ ᠤᠨ ᠨᠥᠭᠦᠷᠰᠡᠭ ᠬᠥᠮᠥᠰ ᠳᠤᠮᠳᠠᠳᠤ ᠤᠯᠤᠰ ᠤᠨ ᠠᠷᠠᠳ ᠲᠦᠮᠡᠨ ᠲᠠᠢ ᠰᠠᠯᠬᠢ ᠪᠣᠷᠣᠭᠠᠨ ᠢ ᠬᠠᠮᠲᠤ ᠪᠠᠷ ᠲᠤᠭᠤᠯᠵᠤ ᠂ ᠵᠢᠷᠭᠠᠯ | ᠵᠣᠪᠠᠯᠠᠩ ᠢᠶᠠᠨ ᠬᠠᠮᠲᠤᠳᠬᠠᠵᠤ ᠂ ᠮᠠᠰᠢ ᠤᠯᠠᠨ ᠭᠠᠳᠠᠭᠠᠳᠤ ᠶᠢᠨ ᠠᠵᠤ ᠠᠬᠤᠶᠢᠯᠠᠯ ᠂ ᠪᠠᠶᠢᠭᠤᠯᠤᠮᠵᠢ ᠂ ᠬᠤᠪᠢ ᠬᠥᠮᠥᠨ ᠳᠤᠮᠳᠠᠳᠤ ᠤᠯᠤᠰ ᠤᠨ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠡᠯ᠎ᠡ ᠲᠠᠯ᠎ᠠ ᠶᠢᠨ ᠬᠢᠨ ᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠤᠮᠳᠠᠳᠤ ᠭᠠᠳᠠᠭᠠᠳᠤ ᠶᠢᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ ᠃ ᠲᠠ ᠤᠯᠠᠨ ᠤ ᠳᠤᠮᠳᠠᠳᠤ ᠤᠯᠤᠰ ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠴᠢᠩ | ᠦᠨᠡᠨᠴᠢ ᠨᠥᠬᠦᠷᠯᠡᠯ ᠢ ᠪᠢᠳᠡ ᠢᠮᠠᠭᠲᠠ ᠪᠠᠲᠤ ᠴᠡᠭᠡᠵᠢᠯᠡᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠲᠡᠦᠬᠡ ᠶᠢᠨ ᠲᠣᠨᠣᠯᠵᠢᠨ ᠵᠠᠮ ᠳᠡᠭᠡᠷ᠎ᠡ ᠳᠠᠬᠢᠨᠲᠠ ᠵᠣᠭᠰᠣᠪᠠ ᠃ ᠵᠠᠭᠤᠨ ᠵᠢᠯ ᠤᠨ ᠬᠤᠪᠢᠰᠤᠯᠲᠠ ᠳᠣᠣᠷ᠎ᠠ ᠂ | ᠪᠦᠭᠦ ᠪᠥᠮᠪᠥᠷᠴᠡᠭ ᠢᠶᠠᠷ ᠢᠶᠠᠨ ᠵᠢᠷᠭᠠᠯ ᠵᠣᠪᠠᠯᠠᠩ ᠢᠶᠠᠨ ᠬᠠᠮᠲᠤᠳᠬᠠᠵᠤ ᠂ ᠬᠥᠮᠥᠨ ᠲᠥᠷᠥᠯᠬᠢᠲᠡᠨ ᠬᠤᠪᠢ ᠵᠠᠶᠠᠭ᠎ᠠ ᠪᠠᠨ ᠬᠠᠮᠲᠤᠳᠬᠠᠵᠤ ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠭᠡᠳᠦᠢ ᠪᠣᠯᠣᠨ᠎ᠠ ᠃ ᠳᠤᠮᠳᠠᠳᠤ ᠤᠯᠤᠰ | ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠨᠥᠭᠦᠷᠰᠡᠭ ᠰᠣᠯᠢᠯᠴᠠᠭ᠎ᠠ ᠪᠠᠨ ᠴᠢᠩᠭᠠᠳᠬᠠᠵᠤ ᠂ ᠠᠷᠠᠳ ᠤᠨ ᠭᠠᠳᠠᠭᠠᠳᠤ ᠬᠠᠷᠢᠯᠴᠠᠭᠠᠨ ᠤ ᠥᠪᠡᠷᠮᠢᠴᠡ ᠦᠢᠯᠡᠳᠦᠯ ᠢ | ᠪᠠᠳᠠᠷᠠᠭᠤᠯᠵᠤ ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠃ | ᠨᠢᠭᠡ ᠳᠤ ᠂ ︽ ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ ︾ ᠵᠣᠷᠢᠭ ᠰᠠᠨᠠᠭ᠎ᠠ ᠪᠠᠷ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠶ᠎ᠠ ᠃ ᠡᠩᠬᠡ ᠲᠠᠶᠢᠪᠤᠩ ᠂ ᠬᠥᠭᠵᠢᠯᠲᠡ ᠂ ᠲᠥᠪ ᠭᠤᠣᠯᠴᠢ ᠂ | ᠰᠢᠳᠤᠷᠭᠤ ᠶᠣᠰᠣ ᠂ ᠠᠷᠠᠳᠴᠢᠯᠠᠯ ᠂ ᠡᠷᠬᠡ ᠴᠢᠯᠦᠭᠡ ᠪᠦᠬᠦᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠤᠯᠠᠨ ᠲᠤᠶᠢᠯᠵᠢᠯᠲᠡ ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ ᠂ ᠮᠠᠨ ᠤ ᠬᠠᠮᠲᠤ ᠪᠠᠷ | ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠢᠶᠠᠨ ᠡᠩᠬᠡ ᠲᠠᠶᠢᠪᠤᠩ ᠂ ᠡᠶ᠎ᠡ ᠵᠣᠬᠢᠴᠠᠯ ᠲᠠᠢ ᠲᠣᠮᠣ ᠭᠡᠷ ᠪᠦᠯᠢ ᠪᠣᠯᠭᠠᠨ ᠪᠦᠲᠦᠭᠡᠨ ᠪᠠᠶᠢᠭᠤᠯᠤᠶ᠎ᠠ ᠃ | ᠬᠤᠶᠠᠷ ᠲᠤ ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢᠶᠠᠷ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠶ᠎ᠠ ᠃ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ | ᠬᠠᠶᠢᠬᠤᠷᠬᠤ ᠦᠭᠡᠢ ᠣᠳᠣᠬᠢᠴᠢᠯᠠᠯᠲᠠ ᠶᠢ ᠬᠥᠭᠡᠭᠡᠴᠡᠯᠳᠦᠬᠦ ᠦᠭᠡᠢ ᠂ ᠨᠡᠩ ᠤᠯᠠᠨ ᠭᠠᠳᠠᠭᠠᠳᠤ ᠶᠢᠨ ᠨᠠᠶᠢᠵᠠ ᠨᠠᠷ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠂ ᠳᠤᠷᠠᠲᠠᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠵᠤ ᠂ ᠡᠩᠬᠡ ᠲᠠᠶᠢᠪᠤᠩ ᠬᠥᠭᠵᠢᠯᠲᠡ ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠵᠤ ᠂ ᠡᠯ᠎ᠡ ᠤᠯᠤᠰ ᠤᠨ ᠠᠷᠠᠳ ᠲᠦᠮᠡᠨ ᠳᠤ ᠨᠡᠩ | ᠰᠠᠶᠢᠨ ᠪᠤᠶᠠᠨ ᠦᠢᠯᠡᠳᠦᠨ᠎ᠡ ᠃ | ᠭᠤᠷᠪᠠ ᠳᠤ ᠂ ᠨᠡᠭᠡᠭᠡᠯᠲᠡᠲᠡᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠬᠤ ᠪᠣᠯᠪᠠᠰᠤᠨ ᠤ ᠬᠠᠭᠤᠳᠠᠰᠤ ᠶᠢ ᠵᠢᠷᠤᠭᠯᠠᠶ᠎ᠠ ᠃ ᠳᠤᠮᠳᠠᠳᠤ ᠶᠢᠨ ᠦᠨᠳᠦᠰᠦᠲᠡᠨ ᠪᠣᠯ ᠨᠡᠭᠡᠭᠡᠯᠲᠡᠲᠡᠢ ᠪᠠᠭᠲᠠᠭᠠᠮᠵᠢᠲᠠᠢ ᠦᠨᠳᠦᠰᠦᠲᠡᠨ ᠮᠥᠨ ᠂ ᠳᠤᠮᠳᠠᠳᠤ | ᠤᠯᠤᠰ ᠤᠨ ᠠᠷᠠᠳ ᠲᠦᠮᠡᠨ ᠪᠣᠯ ᠴᠠᠶᠢᠯᠭᠠᠨ ᠨᠥᠭᠦᠷᠰᠡᠭ ᠠᠷᠠᠳ ᠲᠦᠮᠡᠨ ᠮᠥᠨ ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ ᠂ ᠴᠢᠩ ᠦᠨᠡᠨᠴᠢ ᠣᠯᠣᠯᠴᠠᠭ᠎ᠠ ᠪᠠᠷ ᠲᠠᠮᠵᠢᠨ ᠣᠶᠢᠯᠠᠭᠠᠯᠴᠠᠭ᠎ᠠ ᠪᠠᠨ ᠨᠡᠮᠡᠭᠳᠡᠭᠦᠯᠵᠦ ᠂ | ᠨᠥᠬᠦᠷᠯᠡᠯ ᠢᠶᠠᠨ ᠵᠤᠵᠠᠭᠠᠳᠬᠠᠵᠤ ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠢ ᠵᠠᠪᠰᠠᠷ ᠢ ᠳᠠᠪᠠᠵᠤ ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠᠷ | ᠪᠣᠯᠪᠠᠰᠤᠨ ᠤ ᠮᠥᠷᠭᠦᠯᠳᠦᠭᠡᠨ ᠢ ᠳᠠᠪᠠᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ ᠂ ᠳᠤᠮᠳᠠᠳᠤ ᠤᠯᠤᠰ ᠤᠨ ᠵᠠᠰᠠᠭ ᠤᠨ ᠣᠷᠳᠣᠨ | ᠪᠣᠯ ᠠᠷᠠᠳ ᠲᠦᠮᠡᠨ ᠤ ᠵᠠᠰᠠᠭ ᠤᠨ ᠣᠷᠳᠣᠨ ᠮᠥᠨ ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠭᠠᠳᠠᠭᠠᠳᠤ ᠬᠠᠷᠢᠯᠴᠠᠭ᠎ᠠ ᠮᠥᠨ ᠃ | ᠳᠤᠮᠳᠠᠳᠤ ᠤᠯᠤᠰ ᠤᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ | ᠬᠠᠷᠢᠯᠴᠠᠬᠤ ᠨᠡᠶᠢᠭᠡᠮᠯᠢᠭ ᠤᠨ ᠳᠤᠮᠳᠠᠳᠤ ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠬᠥᠭᠵᠢᠭᠦᠯᠬᠦ ᠂ ᠤᠯᠠᠨ ᠤᠯᠤᠰ ᠤᠨ ᠪᠣᠳᠠᠲᠠᠢ ᠶᠢ ᠡᠷᠭᠢᠮᠯᠡᠭᠦ | ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ ᠂ ᠨᠥᠬᠦᠷᠯᠡᠯ ᠢᠶᠠᠷ ᠬᠥᠭᠦᠷᠭᠡ ᠪᠣᠯᠭᠠᠨ ᠂ | ᠰᠡᠳᠬᠢᠯ ᠢᠶᠠᠷ ᠢᠶᠠᠨ ᠨᠥᠬᠦᠷᠯᠡᠵᠦ ᠂ ᠳᠤᠮᠳᠠᠳᠤ ᠭᠠᠳᠠᠭᠠᠳᠤ ᠶᠢᠨ ᠠᠷᠠᠳ ᠤᠨ ᠬᠤᠭᠤᠷᠣᠨᠳᠣᠭᠢ ᠨᠥᠬᠦᠷᠯᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠂ ᠡᠯ᠎ᠡ ᠤᠯᠤᠰ ᠤᠨ | ᠨᠠᠶᠢᠵᠠ ᠨᠠᠷ ᠲᠠᠢ ᠪᠦᠯᠬᠦᠮᠳᠡᠵᠦ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠦᠢᠯᠡᠳᠦᠯᠭᠡᠵᠢᠭᠦᠯᠦᠭᠴᠢ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠣᠷᠣᠯᠴᠠᠭᠴᠢ ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠ ᠠᠷᠠᠳ ᠤᠨ ᠰᠡᠳᠬᠢᠯ ᠨᠡᠪᠲᠡᠷᠡᠯᠴᠡᠬᠦ ᠶᠢᠨ ᠠᠬᠢᠭᠤᠯᠤᠭᠴᠢ ᠪᠠ | ᠠᠷᠠᠳ ᠲᠦᠮᠡᠨ ᠤ ᠨᠥᠬᠦᠷᠯᠡᠯ ᠤᠨ ᠦᠢᠯᠡᠰ ᠤᠨ ᠵᠠᠯᠭᠠᠮᠵᠢᠯᠠᠭᠴᠢ ᠪᠣᠯᠣᠨ᠎ᠠ ᠭᠡᠵᠦ ᠴᠢᠬᠤᠯᠠᠴᠢᠯᠠᠪᠠ ᠃ | ᠨᠸᠭᠧᠷᠢᠶᠠ ᠶᠢᠨ ᠤᠤᠯ ᠤᠨ ᠶᠡᠷᠦᠩᠬᠡᠶᠢᠯᠡᠭᠴᠢ ᠤᠪᠠ ᠰᠠᠩᠴᠢᠶᠤᠤ ᠂ ᠲᠠᠢ ᠤᠯᠤᠰ ᠤᠨ ᠤᠯᠤᠰ ᠤᠨ ᠬᠤᠷᠠᠯ ᠤᠨ ᠤᠤᠯ ᠤᠨ ᠲᠡᠷᠢᠭᠦᠯᠡᠭᠴᠢ ᠫᠦᠸᠧᠴᠢᠨ ᠂ | ᠠᠮᠧᠷᠢᠺᠠ ᠶᠢᠨ ︽ ᠭᠦ᠋ ᠯᠢᠩ ᠤᠨ ᠨᠠᠶᠢᠵᠠ ︾ ᠶᠢᠨ ᠬᠤᠷᠠᠯᠳᠤᠭᠤᠯᠤᠭᠴᠢ ᠮᠦ ᠶᠠᠨ ᠯᠢᠩ ᠲᠤᠰ ᠲᠤᠰ ᠭᠠᠳᠠᠭᠠᠳᠤ ᠶᠢᠨ ᠲᠠᠯ᠎ᠠ ᠶᠢ ᠲᠥᠯᠥᠭᠡᠯᠡᠨ ᠦᠭᠡ ᠬᠡᠯᠡᠪᠡ ᠃ ᠲᠡᠳᠡ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ ᠂ ᠳᠤᠮᠳᠠᠳᠤ ᠤᠯᠤᠰ ᠤᠨ ᠠᠷᠠᠳ ᠲᠦᠮᠡᠨ ᠤ | ᠭᠠᠳᠠᠭᠠᠳᠤ ᠲᠠᠢ ᠨᠦᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠠᠷᠠᠳ ᠲᠦᠮᠡᠨ ᠤ ᠬᠤᠭᠤᠷᠣᠨᠳᠣᠭᠢ ᠭᠠᠳᠠᠭᠠᠳᠤ ᠬᠠᠷᠢᠯᠴᠠᠭ᠎ᠠ ᠶᠢ ᠠᠬᠢᠭᠤᠯᠬᠤ ᠂ ᠡᠯ᠎ᠡ ᠤᠯᠤᠰ ᠤᠨ | ᠠᠷᠠᠳ ᠲᠦᠮᠡᠨ ᠤ ᠣᠶᠢᠯᠠᠭᠠᠯᠴᠠᠭ᠎ᠠ ᠪᠣᠯᠣᠨ ᠨᠥᠬᠦᠷᠯᠡᠯ ᠢ ᠵᠤᠵᠠᠭᠠᠳᠬᠠᠬᠤ ᠲᠠᠯ᠎ᠠ ᠪᠠᠷ ᠦᠵᠡᠭᠦᠯᠦᠭᠰᠡᠨ ᠥᠪᠡᠷᠮᠢᠴᠡ ᠦᠢᠯᠡᠳᠦᠯ ᠢ ᠳᠡᠭᠡᠳᠦ ᠬᠡᠮᠵᠢᠶ᠎ᠡ ᠪᠠᠷ ᠦᠨᠡᠯᠡᠵᠦ ᠂ | ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠠᠮᠵᠢᠯᠲᠠ ᠲᠠᠢ ᠪᠠᠷ ᠶᠠᠳᠠᠭᠤ ᠠᠴᠠ ᠠᠩᠭᠢᠵᠢᠷᠠᠵᠤ ᠂ ᠲᠦᠷᠭᠡᠨ ᠬᠥᠭᠵᠢᠯᠲᠡ ᠶᠢ | ᠪᠡᠶᠡᠯᠡᠭᠦᠯᠵᠦ ᠂ ᠨᠢᠭᠡᠨᠲᠡ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠦᠰᠡᠯ ᠡᠷᠡᠮᠡᠯᠵᠡᠯ ᠤᠨ ᠴᠠᠮᠬᠠᠭ ᠪᠣᠯᠵᠠᠢ ᠃ ᠲᠡᠷᠢᠭᠦᠯᠡᠭᠴᠢ ᠰᠢ ᠶᠢᠨ ᠫᠢᠩ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠠ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ | ᠵᠡᠷᠭᠡ ᠰᠠᠨᠠᠭᠠᠴᠢᠯᠠᠭ᠎ᠠ ᠶᠢ ᠳᠤᠷᠠᠳᠤᠭᠰᠠᠨ ᠨᠢ ᠪᠦᠭᠦ ᠪᠥᠮᠪᠥᠷᠴᠡᠭ ᠤᠨ ᠵᠠᠰᠠᠯᠲᠠ ᠶᠢᠨ ᠲᠤᠬᠠᠢ ᠬᠤᠯᠠ ᠶᠢᠨ ᠬᠠᠷᠠᠴᠠ ᠬᠤᠷᠴᠠ ᠪᠣᠳᠣᠯᠭ᠎ᠠ ᠪᠠ ᠬᠠᠷᠢᠭᠤᠴᠠᠯᠭ᠎ᠠ ᠡᠭᠦᠷᠭᠡᠯᠡᠯ ᠢ | ᠢᠯᠡᠷᠡᠭᠦᠯᠵᠦ ᠂ ᠳᠡᠯᠡᠬᠡᠢ ᠶᠢᠨ ᠡᠯ᠎ᠡ ᠤᠯᠤᠰ ᠤᠨ ᠨᠢᠭᠲᠠ ᠬᠠᠮᠲᠤᠷᠠᠯᠴᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠳᠤ ᠴᠢᠭᠯᠡᠯ ᠢ ᠲᠣᠳᠣᠷᠬᠠᠢ ᠵᠢᠭᠠᠵᠤ ᠂ | ᠳᠤᠮᠳᠠᠳᠤ ᠤᠯᠤᠰ ᠤᠨ ᠬᠥᠭᠵᠢᠯ ᠴᠡᠴᠡᠭᠯᠡᠯ ᠯᠠᠪᠲᠠᠢ ᠳᠡᠯᠡᠬᠡᠢ ᠳ᠋ᠠᠬᠢᠨ ᠳᠤ ᠦᠷᠭᠦᠯᠵᠢᠯᠡᠨ ᠪᠤᠶᠠᠨ ᠦᠢᠯᠡᠳᠬᠦ ᠪᠣᠯᠣᠨ᠎ᠠ ᠃ ᠳᠤᠮᠳᠠᠳᠤ ᠤᠯᠤᠰ ᠯᠤᠭ᠎ᠠ ᠡᠯ᠎ᠡ ᠬᠦᠷᠢᠶ᠎ᠡ | ᠴᠠᠷᠠᠭ᠎ᠠ ᠳᠠᠬᠢ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠠᠷᠠᠳ ᠲᠦᠮᠡᠨ ᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠵᠤ ᠂ | ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠂ ᠬᠥᠭᠵᠢᠯ ᠴᠡᠴᠡᠭᠯᠡᠯ ᠳᠤ | ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ ᠃ | ᠭᠠᠳᠠᠭᠠᠳᠤ ᠶᠢᠨ ᠤᠤᠯ ᠤᠨ ᠤᠯᠤᠰ ᠲᠦᠷᠦ ᠶᠢᠨ ᠴᠢᠬᠤᠯᠠ ᠬᠥᠮᠥᠰ ᠂ ᠸᠠᠩ ᠤᠨ ᠣᠷᠳᠣᠨ ᠤ ᠪᠦᠷᠢᠯᠳᠦᠭᠦᠨ ᠂ ᠤᠯᠠᠨ ᠤᠯᠤᠰ ᠤᠨ ᠨᠥᠭᠦᠷᠰᠡᠭ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠂ ᠨᠥᠭᠦᠷᠰᠡᠭ ᠬᠥᠮᠥᠰ ᠵᠡᠷᠭᠡ 200 ᠰᠢᠬᠠᠮ ᠬᠥᠮᠥᠨ ᠣᠷᠣᠯᠴᠠᠪᠠ ᠃ | ᠼᠠᠢ ᠴᠢ ᠂ ᠬᠠᠨ ᠵᠧᠩ ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ ᠃ | | |