ᠦᠵᠡᠵᠦ ᠰᠣᠨᠣᠰᠬᠤ ᠲᠠᠪᠴᠠᠩ ᠢᠳᠡᠪᠬᠢᠲᠡᠢ ᠪᠠᠷ ︽ᠣᠩᠭᠤᠴᠠ ᠦᠢᠯᠡᠳᠴᠦ ᠳᠠᠯᠠᠢ ᠳᠤ ᠭᠠᠷᠬᠤ︾ ᠶᠠᠰᠤ ᠴᠢᠨᠠᠷ ᠤᠨ ᠰᠣᠳᠣᠨ ᠪᠦᠲᠦᠭᠡᠯ ᠨᠢ ᠣᠯᠠᠨ ᠤᠯᠤᠰ ᠤᠨ ᠮᠠᠭᠲᠠᠭᠠᠯ ᠰᠠᠶᠢᠰᠢᠶᠠᠯ ᠢ ᠣᠯᠪᠠ
ᠨᠡᠶᠢᠲᠡᠯᠡᠭᠰᠡᠨ ᠴᠠᠭ᠄
2024/10/12
  ᠷᠠᠳᠢᠣ᠋ ᠲᠧᠯᠸᠢᠰ ᠤᠨ ᠦᠵᠡᠵᠦ ᠰᠣᠨᠣᠰᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ 2024 ᠣᠨ ᠤ 3 ᠳ᠋ᠤᠭᠠᠷ ᠰᠠᠷ᠎ᠠ ᠳᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ︽ᠳᠤᠮᠳᠠᠳᠤ ᠤᠯᠤᠰ ᠤᠨ ᠦᠵᠡᠵᠦ ᠰᠣᠨᠣᠰᠬᠤ  ᠪᠦᠬᠦ ᠪᠥᠮᠪᠥᠷᠴᠡᠭ ᠤᠨ ᠨᠡᠪᠲᠡᠷᠡᠭᠦᠯᠭᠡ ︾ ᠠᠵᠢᠯᠯᠠᠭ᠎ᠠ ᠶᠢ ᠤᠬᠠᠭᠠᠯᠠᠨ ᠬᠡᠷᠡᠭᠵᠢᠭᠦᠯᠦᠭᠰᠡᠨ ᠠᠴᠠ ᠨᠠᠭᠠᠰᠢ᠂ ︽ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ︾᠂ ︽ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ︾᠂ ︽ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ︾᠂ ︽ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ︾᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ︾ ᠵᠡᠷᠭᠡ ᠲᠠᠪᠤᠨ ᠶᠡᠭᠡ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ 300 ᠪᠦᠯᠦᠭ ᠤᠳᠠᠭ᠎ᠠ ᠤᠯᠠᠨ ᠲᠥᠷᠥᠯ ᠤᠨ ᠳᠤᠮᠳᠠᠳᠤ ᠤᠯᠤᠰ ᠤᠨ ᠦᠵᠡᠵᠦ ᠰᠣᠨᠣᠰᠬᠤ ᠰᠣᠳᠣᠨ ᠫᠷᠤᠭ᠍ᠷᠠᠮ ᠢ ᠭᠠᠳᠠᠭᠠᠳᠤ ᠶᠢᠨ ᠭᠤᠣᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠲᠠᠪᠴᠠᠩ ᠳᠤ ᠨᠡᠪᠲᠡᠷᠡᠭᠦᠯᠬᠦ ᠶᠢ ᠲᠥᠰᠦᠪᠯᠡᠨ ᠠᠬᠢᠭᠤᠯᠪᠠ ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠲᠠᠰᠢᠷᠠᠮ ᠳᠤ᠂ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠥᠮᠥᠷᠭᠡ ᠶᠢᠨ ᠤᠯᠠᠨ ᠨᠡᠶᠢᠲᠡ ᠶᠢᠨ ᠳ᠋ᠤᠭᠠᠷ ᠲᠤ ︽ ᠳᠤᠮᠳᠠᠳᠤ ᠤᠯᠤᠰ ᠤᠨ ᠦᠵᠡᠵᠦ ᠰᠣᠨᠣᠰᠬᠤ  ᠪᠦᠬᠦ ᠪᠥᠮᠪᠥᠷᠴᠡᠭ ᠤᠨ ᠨᠡᠪᠲᠡᠷᠡᠭᠦᠯᠭᠡ ︾ ᠰᠢᠷᠢᠰ ᠵᠣᠬᠢᠶᠠᠯ ᠢ ᠨᠡᠶᠢᠲᠡᠯᠡᠵᠦ᠂ ᠳᠤᠮᠳᠠᠳᠤ ᠭᠠᠳᠠᠭᠠᠳᠤ ᠶᠢᠨ ᠰᠣᠶᠣᠯ ᠤᠨ ᠰᠣᠯᠢᠯᠴᠠᠭᠠᠨ ᠤ ᠦᠷ᠎ᠡ ᠪᠦᠲᠦᠭᠡᠯ ᠢ ᠬᠠᠮᠲᠤ ᠪᠠᠷ ᠰᠣᠨᠢᠷᠬᠠᠪᠠ᠃  ᠰᠢᠨ᠎ᠡ ᠵᠠᠭᠤᠴᠢᠯᠠᠭᠤᠷ ᠤᠨ ᠮᠡᠷᠭᠡᠵᠢᠯ ᠦᠳᠲᠡᠷ ᠲᠦᠷᠭᠡᠨ ᠬᠥᠭᠵᠢᠬᠦ ᠶᠢ ᠳᠠᠭᠠᠯᠳᠤᠨ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ ᠦᠷᠭᠦᠯᠵᠢᠯᠡᠨ ᠠᠭᠤᠯᠭ᠎ᠠ ᠶᠢᠨ ᠰᠢᠨ᠎ᠡ ᠡᠭᠦᠳᠦᠯᠲᠡ᠂ ᠨᠡᠭᠡᠭᠡᠯᠲᠡ ᠶᠢᠨ ᠬᠠᠮᠲᠤᠷᠠᠯᠴᠠᠭᠠᠨ ᠤ ᠠᠷᠭ᠎ᠠ ᠪᠣᠳᠣᠯᠭ᠎ᠠ᠂ ᠣᠯᠠᠨ ᠡᠰᠢᠲᠦ ᠨᠡᠪᠲᠡᠷᠡᠭᠦᠯᠭᠡ ᠶᠢᠨ ᠠᠷᠭ᠎ᠠ ᠵᠠᠮ ᠢᠶᠠᠷ ᠠᠭᠠᠵᠢᠮ ᠢᠶᠠᠷ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠦᠵᠡᠵᠦ ᠰᠣᠨᠣᠰᠬᠤ ᠰᠢᠨ᠎ᠡ ᠬᠦᠴᠦᠨ ᠪᠣᠯᠵᠣ᠂ ᠳᠤᠮᠳᠠᠳᠤ ᠶᠢᠨ ᠰᠣᠶᠣᠯ ᠢ ᠳᠠᠮᠵᠢᠭᠤᠯᠬᠤ ᠂ ᠳᠤᠮᠳᠠᠳᠤ ᠭᠠᠳᠠᠭᠠᠳᠤ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠬᠤ ᠳᠤᠮᠳᠠ ᠡᠳᠦᠷ ᠢᠷᠡᠬᠦᠶ᠎ᠡ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠡᠨᠡ ᠵᠢᠯ ᠠᠴᠠ ᠨᠠᠭᠠᠰᠢ᠂ ︽ ᠳᠤᠮᠳᠠᠳᠤ ᠤᠯᠤᠰ ᠤᠨ ᠦᠵᠡᠵᠦ ᠰᠣᠨᠣᠰᠬᠤ   ᠪᠦᠬᠦ ᠪᠥᠮᠪᠥᠷᠴᠡᠭ ᠤᠨ ᠨᠡᠪᠲᠡᠷᠡᠭᠦᠯᠭᠡ ︾ ᠠᠵᠢᠯᠯᠠᠭ᠎ᠠ ᠶᠢᠨ ᠳᠠᠭᠠᠭᠤᠯᠭ᠎ᠠ ᠳᠣᠤᠷ᠎ᠠ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠠᠵᠤ ᠠᠬᠤᠶᠢᠯᠠᠯ ᠳᠤᠮᠳᠠᠳᠤ ᠭᠠᠳᠠᠭᠠᠳᠤ ᠶᠢᠨ ᠦᠵᠡᠵᠦ ᠰᠣᠨᠣᠰᠬᠤ ᠰᠣᠯᠢᠯᠴᠠᠭ᠎ᠠ᠂ ᠳᠠᠮᠵᠢᠭᠤᠯᠬᠤ ᠪᠠ ᠠᠷᠠᠯᠵᠢᠶᠠᠯᠠᠬᠤ ᠶᠢ ᠢᠳᠡᠪᠬᠢᠲᠡᠶ ᠠᠬᠢᠭᠤᠯᠵᠤ᠂ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢᠨ ᠪᠥᠬᠦ ᠪᠥᠮᠪᠥᠷᠴᠡᠭ ᠤᠨ ᠨᠥᠯᠥᠭᠡ ᠶᠢ ᠬᠦᠴᠦᠲᠡᠶ ᠳᠡᠭᠡᠭᠰᠢᠯᠡᠭᠦᠯᠪᠡ᠃ ᠰᠦᠯᠵᠢᠶᠡᠨ ᠳᠡᠭᠡᠷᠡᠬᠢ ᠦᠵᠡᠵᠦ ᠰᠣᠨᠣᠰᠬᠤ ᠲᠠᠪᠴᠠᠩ ᠤᠨ ᠲᠥᠯᠥᠭᠡᠯᠡᠭᠴᠢ ᠶᠢᠨ ᠨᠢᠭᠡ ᠪᠣᠯᠤᠭᠰᠠᠨ ᠤ ᠬᠤᠪᠢ ᠳᠤ᠂ ᠠᠢ ᠴᠢ ᠢ ᠣᠯᠠᠨ ᠪᠦᠯᠦᠭ ᠦᠵᠡᠵᠦ ᠰᠣᠨᠣᠰᠬᠤ ᠪᠦᠲᠦᠭᠡᠯ ᠢ ᠣᠯᠠᠨ ᠤᠯᠤᠰ ᠤᠨ ᠬᠡᠪᠯᠡᠯ ᠤᠨ ᠰᠦᠯᠵᠢᠶ᠎ᠡ ᠵᠢᠴᠢ App᠂ ᠭᠠᠳᠠᠭᠠᠳᠤ ᠶᠢᠨ ᠲᠧᠯᠸᠢᠰ ᠬᠤᠷᠢᠶ᠎ᠠ ᠵᠢᠴᠢ ᠴᠤᠪᠤᠷᠠᠯ ᠵᠠᠭᠤᠴᠢᠯᠠᠭᠤᠷ ᠤᠨ ᠲᠠᠪᠴᠠᠩ ᠵᠡᠷᠭᠡ ᠪᠠᠷ ᠳᠠᠮᠵᠢᠭᠤᠯᠤᠨ ᠭᠠᠳᠠᠭᠠᠳᠤ ᠳᠤ ᠨᠡᠪᠲᠡᠷᠡᠭᠦᠯᠪᠡ ᠃ ᠠᠢ ᠴᠢ ᠢ ᠣᠯᠠᠨ ᠤᠯᠤᠰ ᠤᠨ ᠬᠡᠪᠯᠡᠯ ᠡᠨᠡ ᠵᠢᠯ ᠠᠴᠠ ᠨᠠᠭᠠᠰᠢ ᠭᠠᠳᠠᠭᠠᠳᠤ ᠶᠢᠨ ᠵᠠᠬ᠎ᠠ ᠳᠡᠯᠭᠡᠭᠦᠷ ᠲᠤ ᠨᠢᠭᠡᠨᠲᠡ 200 ᠰᠢᠬᠠᠮ ᠴᠣ ᠰᠢᠨ᠎ᠡ ᠬᠢᠲᠠᠳ ᠬᠡᠯᠡᠨ ᠤ ᠠᠭᠤᠯᠭ᠎ᠠ ᠭᠠᠷᠭᠠᠵᠠᠢ᠂ ᠲᠡᠭᠦᠨ ᠤ ᠳᠣᠲᠣᠷᠠᠬᠢ ᠣᠯᠠᠨ ᠰᠣᠳᠣᠨ ᠠᠭᠤᠯᠭ᠎ᠠ ᠨᠢ ︽ ᠳᠤᠮᠳᠠᠳᠤ ᠤᠯᠤᠰ ᠤᠨ ᠦᠵᠡᠵᠦ ᠰᠣᠨᠣᠰᠬᠤ  ᠪᠦᠬᠦ ᠪᠥᠮᠪᠥᠷᠴᠡᠭ ᠤᠨ ᠨᠡᠪᠲᠡᠷᠡᠭᠦᠯᠭᠡ ︾ ᠳᠤ ᠣᠷᠣᠯᠴᠠᠵᠤ᠂ ᠭᠠᠳᠠᠭᠠᠳᠤ ᠶᠢᠨ ᠦᠵᠡᠭᠴᠢᠳ ᠤᠨ ᠠᠩᠬᠠᠷᠤᠯ ᠪᠠ ᠬᠠᠶᠢᠷ᠎ᠠ ᠶᠢ ᠲᠠᠲᠠᠵᠠᠢ ᠃  ᠵᠢᠵᠢᠭ ᠵᠦᠴᠦᠭᠡ ᠶᠢᠨ ᠪᠠᠶᠢᠳᠠᠯ ᠤᠨ ᠰᠢᠨ᠎ᠡ ᠡᠭᠦᠳᠦᠯᠲᠡ᠄ ︽ ᠠᠯᠲᠠᠢ ᠮᠢᠨᠢ︾  3 ᠳ᠋ᠤᠭᠠᠷ ᠰᠠᠷ᠎ᠠ ᠳᠤ ᠹᠷᠠᠨᠼᠢ ᠶᠢᠨ ᠭᠠᠨᠠ ᠶᠢᠨ ᠲᠧᠯᠸᠢᠰ ᠵᠦᠴᠦᠭᠡ ᠶᠢᠨ ᠭᠤᠣᠯ ᠤᠷᠤᠯᠳᠤᠭᠠᠨ ᠤ ᠨᠢᠭᠡᠴᠢ ᠳᠤ ᠣᠷᠣᠭᠰᠠᠨ ᠠᠴᠠ ᠨᠠᠭᠠᠰᠢ ᠂ ︽ᠠᠯᠳᠠᠢ ᠮᠢᠨᠢ︾ ᠭᠠᠳᠠᠭᠠᠳᠤ ᠶᠢᠨ ᠬᠢᠨ ᠤ ᠠᠩᠬᠠᠷᠤᠯ ᠢ ᠦᠷᠭᠦᠯᠵᠢᠯᠡᠨ ᠲᠠᠲᠠᠵᠠᠢ᠃ ᠭᠠᠨᠠ ᠶᠢᠨ ᠲᠧᠯᠸᠢᠰ ᠵᠦᠴᠦᠭᠡ ᠶᠢᠨ ᠨᠠᠶᠢᠷ  ᠤᠨ ᠵᠣᠬᠢᠶᠠᠨ ᠪᠠᠶᠢᠭᠤᠯᠬᠤ ᠵᠥᠪᠯᠡᠯ ᠠᠴᠠ ︽ ᠬᠥᠮᠦᠨ ᠢ ᠭᠦᠨ ᠰᠡᠳᠭᠢᠭᠳᠡᠭᠦᠯᠬᠦ ᠦᠯᠢᠭᠡᠷ ︾ ᠭᠡᠵᠦ ᠨᠡᠷᠡᠯᠡᠪᠡ᠃ 4 ᠳ᠋ᠦ᠋ᠭᠡᠷ ᠰᠠᠷ᠎ᠠ ᠳᠤ ᠭᠠᠨᠠ ᠳᠤ ᠶᠠᠪᠤᠭᠳᠠᠭᠰᠠᠨ ᠪᠦᠬᠦ ᠳᠡᠯᠡᠬᠡᠢ ᠶᠢᠨ ᠠᠩᠬᠠᠨ ᠤ ᠦᠵᠡᠭᠦᠯᠭᠡ ᠶᠢᠨ ᠬᠤᠷᠠᠯ ᠳᠡᠭᠡᠷ᠎ᠡ᠂ ᠦᠵᠡᠭᠴᠢᠳ ᠲᠤᠰ ᠺᠢᠨᠣ᠋ ᠳᠤ ᠬᠠᠯᠠᠭᠤᠨ ᠠᠯᠠᠭ᠎ᠠ ᠲᠠᠰᠢᠯᠲᠠ ᠪᠠᠷ ᠤᠯᠠᠨ ᠤᠯᠤᠰ ᠤᠨ ᠵᠠᠭᠤᠴᠢᠯᠠᠭᠤᠷ ᠤᠨ ᠬᠢᠨ ᠲᠤᠰ ᠵᠦᠴᠦᠭᠡ ᠶᠢ ᠢᠳᠡᠪᠬᠢᠲᠡᠢ ᠦᠨᠡᠯᠡᠵᠦ᠂ ᠵᠠᠷᠢᠮ ᠵᠠᠭᠤᠴᠢᠯᠠᠭᠤᠷ ᠤᠨ ᠬᠢᠨ ︽ᠲᠤᠰ ᠵᠦᠴᠦᠭᠡ ᠨᠢ ᠬᠥᠮᠦᠰ ᠤᠨ ᠠᠩᠬᠠᠷᠤᠯ ᠢ ᠲᠠᠲᠠᠭᠰᠠᠨ ᠦᠯᠢᠭᠡᠷ ᠪᠣᠯᠤᠨ᠎ᠠ᠂ ᠲᠡᠷᠡ ᠪᠢᠳᠡᠨ ᠢ ᠰᠢᠨᠵᠢᠶᠠᠩ ᠣᠷᠣᠨ ᠳᠤ ᠳᠠᠭᠠᠭᠤᠯᠪᠠ᠂ ᠡᠨᠡ ᠵᠦᠴᠦᠭᠡ ᠶᠢᠨ ᠰᠠᠶᠢᠬᠠᠨ᠂ ᠱᠤᠭ ᠶᠦᠮᠦᠷᠯᠢᠭ᠂ ᠬᠤᠪᠢᠷᠠᠯ ᠤᠨ ᠠᠶᠢᠵᠠᠮ ᠵᠢᠴᠢ ᠳᠣᠲᠣᠭᠠᠳᠤ ᠴᠥᠮ᠎ᠡ ᠶᠢᠨ ᠰᠢᠯᠦᠭ ᠤᠨ ᠰᠠᠨᠠᠭ᠎ᠠ ᠨᠢ ᠲᠠᠨ ᠢ ᠰᠣᠴᠢᠭᠠᠮ᠎ᠠ ᠪᠠᠶᠢᠨ᠎ᠠ︾ ᠭᠡᠵᠡᠢ᠃ 5 ᠳ᠋ᠤᠭᠠᠷ ᠰᠠᠷ᠎ᠠ ᠶᠢᠨ 27 ᠤ ᠡᠳᠦᠷ᠂ ᠠᠢ ᠴᠢ ᠢ ᠤᠷᠠᠯᠢᠭ ᠪᠠ ᠺᠠᠽᠠᠭᠰᠲ᠋ᠠᠨ ᠤ 7 ᠰᠤᠪᠠᠭ ︵tv7︶ ︽ ᠠᠯᠳᠠᠢ ᠮᠢᠨᠢ︾ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠭᠠᠷ ᠤᠨ ᠦᠰᠦᠭ ᠵᠢᠷᠤᠬᠤ ᠶᠣᠰᠣᠯᠠᠯ ᠤᠨ ᠠᠬᠤᠶ ᠲᠠᠯᠠᠪᠠᠶ ᠳᠤ᠂ ᠺᠠᠽᠠᠭᠰᠲ᠋ᠠᠨ ᠤ 7 ᠳ᠋ᠤᠭᠠᠷ ᠰᠤᠪᠠᠭ ᠤᠨ ᠶᠡᠷᠦᠩᠬᠡᠶ ᠵᠠᠬᠢᠷᠤᠭᠴᠢ ᠢᠷᠬᠠᠮ • ᠡᠮᠪᠦᠷᠡᠭ᠄ ︽ ︿ᠠᠯᠲᠠᠢ ᠮᠢᠨᠢ ﹀ ᠳᠤ ᠦᠨᠳᠦᠰᠦᠲᠡᠨ ᠤ ᠢᠯᠡ ᠲᠣᠳᠣ ᠬᠡᠪ ᠨᠠᠮᠪᠠ ᠲᠠᠢ᠂ ᠪᠦᠲᠦᠭᠡᠯ ᠤᠨ ᠶᠠᠷᠢᠭᠰᠠᠨ ᠦᠯᠢᠭᠡᠷ ᠪᠠ ᠢᠯᠡᠷᠡᠭᠦᠯᠦᠭᠰᠡᠨ ᠰᠣᠶᠣᠯ ᠤᠨ ᠬᠠᠮᠲᠤ ᠶᠢᠨ ᠴᠢᠨᠠᠷ ᠢ ᠲᠤᠬᠠᠶ ᠶᠢᠨ ᠭᠠᠵᠠᠷ ᠤᠨ ᠦᠵᠡᠭᠴᠢᠳ ᠲᠤ ᠮᠠᠰᠢ ᠶᠡᠭᠡ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ᠂ ᠡᠨᠡ ᠨᠢ ᠪᠠᠰᠠ ᠳᠤᠮᠳᠠᠳᠤ ᠺᠠᠽᠠᠭᠰᠲ᠋ᠠᠨ ᠬᠤᠶᠠᠷ ᠤᠯᠤᠰ ᠤᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ ︾ ᠭᠡᠪᠡ ᠃ 7 ᠳ᠋ᠤᠭᠠᠷ ᠰᠠᠷ᠎ᠠ ᠳᠤ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭᠠᠨ ᠤ ᠬᠤᠷᠠᠯ ᠳᠤ ᠤᠷᠢᠯᠭ᠎ᠠ ᠪᠠᠷ ᠺᠠᠽᠠᠭᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠲᠠᠰᠢᠷᠠᠮ ᠢᠶᠠᠷ᠂ ᠲᠤᠰ ᠵᠦᠴᠦᠭᠡ ᠶᠢ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠺᠠᠽᠠᠭᠰᠲ᠋ᠠᠨ ᠤ 7 ᠰᠤᠪᠠᠭ ᠲᠤ ᠵᠢᠩᠬᠢᠨᠢ ᠪᠠᠷ ᠨᠡᠪᠲᠡᠷᠡᠭᠦᠯᠪᠡ᠃ ᠲᠤᠬᠠᠢ ᠶᠢᠨ ᠭᠠᠵᠠᠷ ᠤᠨ ᠦᠵᠡᠭᠴᠢᠳ ︽︿ ᠠᠯᠳᠠᠢ ᠮᠢᠨᠢ﹀ ᠶᠠᠭ ᠨᠠᠶᠢᠷᠠᠭᠤᠯᠤᠯ ᠰᠢᠭ᠋ ᠰᠠᠶᠢᠬᠠᠨ ᠨᠠᠶᠢᠷᠠᠭᠤᠯᠤᠬᠰᠠᠨ ᠨᠠᠶᠢᠷᠠᠭᠤᠯᠤᠯ ᠤᠨ ᠵᠣᠬᠢᠶᠠᠯ ︾᠂ ︽ᠵᠦᠴᠦᠬᠡ ᠶᠢᠨ ᠳᠤᠳᠤᠷᠠᠬᠢ ᠳᠡᠷᠡ ᠬᠦ ᠰᠠᠯᠤᠨ ᠤᠶᠠᠷᠠᠨ ᠭᠤᠨᠢᠵᠤ ᠪᠠᠶᠢᠬᠤ ᠠᠮᠳᠠ ᠨᠢ ᠮᠢᠨᠦ ᠰᠡᠳᠬᠢᠯ ᠢ ᠴᠢᠩᠭ᠎ᠠ ᠲᠠᠲᠠᠪᠠ ︾᠂ ︽ᠪᠢ ᠬᠠᠰᠠᠭ ᠦᠨᠳᠤᠰᠤᠳᠡᠨ ᠪᠤᠯᠤᠨ ᠬᠢᠳᠠᠳ ᠦᠨᠳᠦᠰᠦᠳᠡᠨ ᠤ ᠰᠤᠶᠤᠯ ᠤᠨ ᠮᠥᠷᠭᠦᠯᠳᠦᠯ ᠪᠠ ᠠᠭᠤᠰᠤᠯᠴᠠᠯ ᠢ ᠤᠯᠵᠤ ᠬᠠᠷᠠᠪᠠ︾ ᠭᠡᠵᠡᠭᠡᠪᠡ᠃  ᠡᠭᠦᠨ ᠠᠴᠠ ᠭᠠᠲᠠᠨ᠎ᠠ᠂ ︽ᠠᠯᠲᠠᠢ ᠮᠢᠨᠢ ︾ ᠪᠷᠠᠽᠢᠯ ᠤᠨ ᠷᠢᠦ᠋ ᠳᠢ ᠿᠧᠨ᠋ᠸᠢ ᠢᠷᠦ᠋ ᠶᠢᠨ ᠪᠦᠲᠦᠭᠡᠯᠴᠢ ᠰᠡᠳᠭᠢᠮᠵᠢ ᠶᠢᠨ ᠶᠡᠭᠡ ᠬᠤᠷᠠᠯ ᠪᠣᠯᠤᠨ ᠠᠷᠠᠪ ᠤᠨ ᠷᠠᠳᠢᠣ᠋ ᠲᠧᠯᠸᠢᠰ ᠤᠨ ᠨᠠᠶᠢᠷ ᠲᠤ ᠳᠡᠯᠭᠡᠨ ᠦᠵᠡᠭᠦᠯᠵᠦ ᠲᠠᠨᠢᠯᠴᠠᠭᠤᠯᠤᠨ᠂ ᠭᠠᠳᠠᠭᠠᠳᠤ ᠶᠢᠨ ᠠᠵᠢᠯ ᠨᠢᠭᠡᠲᠡᠨ ᠤ ᠠᠩᠬᠠᠷᠤᠯ ᠢ ᠲᠠᠲᠠᠪᠠ ᠃ ᠪᠷᠠᠽᠢᠯ ᠤᠨ ᠺᠢᠨᠣ᠋ ᠲᠧᠯᠸᠢᠰ ᠬᠢᠳᠡᠭ ᠬᠤᠳᠠᠯᠳᠤᠭᠠᠴᠢᠨ ᠭᠦᠰᠲ᠋ᠠᠸᠣ • ᠬᠤᠸᠠᠶᠢᠲ ᠠᠶᠢᠯᠴᠢᠯᠠᠯᠲᠠ ᠳᠤ ᠪᠠᠨ ︽ᠮᠠᠰᠢ ᠭᠦᠨ ᠰᠠᠭᠤᠭᠳᠠᠯ ᠦᠯᠡᠳᠡᠪᠡ᠂ ᠹᠷᠠᠮ ᠨᠢᠭᠡ ᠪᠦᠷᠢ ᠨᠢ ᠪᠦᠷ ᠦᠵᠡᠮᠵᠢ ᠪᠠᠶᠢᠯ᠎ᠠ ︾ ᠭᠡᠵᠡᠢ᠃ ᠣᠶᠢᠷ᠎ᠠ ᠳᠤ ᠂ ᠲᠤᠰ ᠵᠦᠴᠦᠭᠡ ᠳᠠᠬᠢᠨᠲᠠ ᠣᠯᠠᠨ ᠤᠯᠤᠰ ᠤᠨ ᠱᠠᠩᠨᠠᠯ — 29 ᠳ᠋ᠦ᠋ᠭᠡᠷ ᠬᠤᠭᠤᠴᠠᠭᠠᠨ ᠤ ᠹᠦ᠋ ᠱᠠᠨ ᠤ ᠣᠯᠠᠨ ᠤᠯᠤᠰ ᠤᠨ ᠺᠢᠨᠣ᠋ ᠶᠢᠨ ᠨᠠᠶᠢᠷ ᠤᠨ ︽ᠠᠽᠢᠶ᠎ᠠ ᠲᠢᠪ ᠤᠨ ᠠᠭᠤᠯᠭ᠎ᠠ ᠶᠢᠨ ᠶᠡᠭᠡ ᠱᠠᠩᠨᠠᠯ ᠬᠢᠭᠡᠳ ᠪᠦᠬᠦ ᠪᠥᠮᠪᠥᠷᠴᠡᠭ ᠤᠨ ᠤᠷᠤᠰᠬᠠᠯ ᠵᠠᠭᠤᠴᠢᠯᠠᠭᠤᠷ ᠤᠨ ᠶᠡᠭᠡ ᠱᠠᠩᠨᠠᠯ︾ ᠤᠨ ᠠᠽᠢᠶ᠎ᠠ ᠲᠢᠪ ᠤᠨ ᠬᠠᠮᠤᠭ ᠰᠢᠯᠢᠳᠡᠭ ᠠᠭᠤᠯᠭ᠎ᠠ ᠶᠢᠨ ᠱᠠᠩᠨᠠᠯ ᠢ ᠬᠦᠷᠲᠡᠪᠡ᠃  ᠨᠡᠶᠢᠭᠡᠮ ᠤᠨ ᠵᠥᠪᠯᠡᠬᠦ ᠰᠡᠳᠦᠪ ᠢ ᠭᠦᠨᠵᠡᠭᠡᠶ ᠰᠤᠳᠤᠯᠤᠨ ᠶᠠᠷᠢᠯᠴᠠᠯᠭ᠎ᠠ ᠄ ︽ᠪᠦᠷᠢᠨ ᠪᠤᠰᠤ ᠬᠤᠬᠢᠷᠠᠯ ᠠᠮᠰᠠᠭᠴᠢ︾  8 ᠳ᠋ᠤᠭᠠᠷ ᠰᠠᠷ᠎ᠠ ᠶᠢᠨ 30 ᠤ ᠡᠳᠦᠷ᠂ 29 ᠳ᠋ᠦ᠋ᠭᠡᠷ ᠬᠤᠭᠤᠴᠠᠭᠠᠨ ᠤ ᠹᠦ᠋ ᠱᠠᠨ ᠤ ᠣᠯᠠᠨ ᠤᠯᠤᠰ ᠤᠨ ᠺᠢᠨᠣ᠋ ᠶᠢᠨ ᠨᠠᠶᠢᠷ ︽ᠠᠽᠢᠶ᠎ᠠ ᠲᠢᠪ ᠤᠨ ᠠᠭᠤᠯᠭ᠎ᠠ ᠶᠢᠨ ᠲᠣᠮᠣ ᠱᠠᠩᠨᠠᠯ ᠪᠣᠯᠤᠨ ᠪᠦᠬᠦ ᠪᠥᠮᠪᠥᠷᠴᠡᠭ ᠤᠨ ᠤᠷᠤᠰᠬᠠᠯ ᠵᠠᠭᠤᠴᠢᠯᠠᠭᠤᠷ ᠤᠨ ᠲᠣᠮᠣ ᠱᠠᠩᠨᠠᠯ︾ ᠨᠡᠷᠡᠰ ᠲᠤ  ᠣᠷᠣᠭᠰᠠᠨ ᠨᠡᠷᠡᠰ ᠢ ᠨᠡᠶᠢᠲᠡᠯᠡᠵᠦ ᠂ ︽ᠪᠦᠷᠢᠨ ᠪᠤᠰᠤ ᠬᠤᠬᠢᠷᠠᠯ ᠠᠮᠰᠠᠭᠴᠢ︾ ᠬᠠᠮᠤᠭ ᠰᠢᠯᠢᠳᠡᠭ ᠠᠽᠢᠶ᠎ᠠ ᠲᠢᠪ ᠤᠨ ᠠᠭᠤᠯᠭ᠎ᠠ ᠶᠢᠨ ᠱᠠᠩᠨᠠᠯ ᠢ ᠬᠦᠷᠲᠡᠵᠦ ᠂ ᠲᠣᠭᠯᠠᠭᠴᠢ ᠵᠸᠦ ᠰᠢᠶᠦ᠋ᠨ ᠬᠠᠮᠤᠭ ᠤᠨ ᠰᠢᠯᠢᠳᠡᠭ ᠡᠮᠡᠭᠲᠡᠢ ᠲᠣᠭᠯᠠᠭᠴᠢ ᠪᠠᠷ ᠰᠢᠯᠠᠭᠠᠷᠭᠤᠯᠪᠠ ᠃  ᠲᠤᠰ ᠵᠦᠴᠦᠭᠡ ᠶᠢᠨ ᠰᠡᠳᠦᠪ ᠨᠢ ᠰᠢᠨ᠎ᠡ ᠰᠡᠪᠡᠭᠦᠨ᠂ ᠤᠷᠠᠯᠢᠭ ᠤᠨ ᠬᠡᠪ ᠨᠠᠮᠪᠠ ᠨᠢ ᠳᠣᠪᠤᠶᠢᠮ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠭᠴᠢᠳ ᠤᠨ ᠬᠦᠷᠢᠶᠡᠯᠡᠯ ᠢ ᠣᠯᠵᠠᠶ᠃ ︽ᠪᠦᠷᠢᠨ ᠪᠤᠰᠤ ᠬᠤᠬᠢᠷᠠᠯ ᠠᠮᠰᠠᠭᠴᠢ︾ ᠨᠢ ᠤᠯᠤᠰ ᠤᠨ ᠳᠣᠲᠣᠭᠠᠳᠤ ᠳᠤ ᠬᠤᠪᠣᠷ ᠲᠣᠬᠢᠶᠠᠯᠳᠤᠭᠰᠠᠨ ᠰᠡᠳᠦᠪ ᠤᠨ ᠲᠥᠷᠥᠯ ᠬᠡᠯᠪᠡᠷᠢ ᠪᠠᠷ ᠠᠵᠢᠯ ᠤᠨ ᠭᠠᠵᠠᠷ ᠤᠨ ᠴᠢᠨᠠᠷᠲᠠᠶ ᠲᠦᠢᠪᠡᠭᠡᠯᠭᠡ᠂ ᠬᠡᠷ ᠪᠦᠯᠢ ᠶᠢᠨ ᠬᠦᠴᠦᠷᠬᠡᠭᠯᠡᠯ ᠵᠡᠷᠭᠡ ᠨᠡᠶᠢᠭᠡᠮ ᠤᠨ ᠵᠥᠪᠯᠡᠬᠦ ᠰᠡᠳᠦᠪ ᠢ ᠭᠦᠨᠵᠡᠭᠡᠶ ᠢᠯᠡᠷᠡᠭᠦᠯᠵᠦ᠂ ᠡᠨᠡ ᠵᠢᠯ ᠤᠨ ᠬᠤᠷᠢ ᠶᠢᠰᠦᠳᠦᠭᠡᠷ ᠬᠤᠭᠤᠴᠠᠭᠠᠨ ᠤ ᠪᠠᠶ ᠢᠦᠶ ᠯᠠᠨ ᠱᠠᠩᠨᠠᠯ ᠳᠤ ᠣᠯᠠᠨ ᠵᠦᠢᠯ ᠤᠨ ᠢᠷᠠᠭᠤ ᠠᠯᠳᠠᠷ ᠭᠥᠷᠳᠡᠪᠡ᠃ ᠲᠤᠰ ᠵᠦᠴᠦᠭᠡ ᠨᠢ ᠠᠢ ᠴᠢ ᠢ ᠶᠢᠨ ᠣᠯᠠᠨ ᠤᠯᠤᠰ ᠤᠨ ᠬᠡᠪᠯᠡᠯ ᠳᠤ ᠠᠩᠭ᠍ᠯᠢ ᠬᠡᠯᠡ᠂  ᠸᠢᠶᠧᠲᠨᠠᠮ ᠬᠡᠯᠡ᠂ ᠮᠠᠯᠠᠢ ᠬᠡᠯᠡ ᠵᠡᠷᠭᠡ ᠣᠯᠠᠨ ᠬᠡᠯᠡ ᠪᠠᠷ ᠰᠦᠯᠵᠢᠶᠡᠨ ᠳᠤ ᠭᠠᠷᠤᠭᠰᠠᠨ ᠢᠶᠠᠷ ᠪᠠᠷᠠᠬᠤ ᠦᠭᠡᠢ᠂ ᠠᠽᠢᠶ᠎ᠠ ᠲᠢᠪ᠂ ᠤᠮᠠᠷᠠᠲᠤ ᠠᠮᠧᠷᠢᠺᠠ ᠵᠡᠷᠭᠡ ᠣᠯᠠᠨ ᠤᠯᠤᠰ ᠪᠠ ᠭᠠᠵᠠᠷ ᠣᠷᠣᠨ ᠲᠠᠢ ᠨᠡᠩ ᠣᠯᠠᠨ ᠲᠠᠷᠬᠠᠭᠠᠬᠤ ᠠᠷᠭ᠎ᠠ ᠵᠠᠮ ᠢᠶᠠᠷ ᠨᠡᠩ ᠥᠷᠭᠡᠨ ᠳᠡᠯᠭᠡᠷ ᠦᠵᠡᠭᠴᠢᠳ ᠲᠠᠢ ᠵᠣᠯᠭᠠᠬᠤ ᠪᠣᠯᠤᠨ᠎ᠠ᠃ ᠭᠠᠳᠠᠭᠠᠳᠤ ᠶᠢᠨ ᠦᠵᠡᠭᠴᠢᠳ ᠡᠭᠦᠨ ᠢ ᠦᠨᠡᠯᠡᠬᠦ ᠳᠤ ᠪᠠᠨ ᠄ ︽ᠡᠨᠡ ᠪᠣᠯ ᠮᠢᠨᠦ ᠣᠶᠢᠷ᠎ᠠ ᠳᠤ ᠦᠵᠡᠵᠦ ᠥᠩᠭᠡᠷᠡᠭᠰᠡᠨ ᠬᠠᠮᠤᠭ ᠤᠨ ᠰᠠᠶᠢᠨ ᠲᠧᠯᠸᠢᠰ ᠵᠦᠴᠦᠭᠡ︾᠂ ︽ᠡᠨᠡ ᠵᠦᠴᠦᠭᠡ ᠨᠢ ᠨᠡᠶᠢᠭᠡᠮ ᠤᠨ ᠵᠥᠪᠯᠡᠬᠦ ᠰᠡᠳᠦᠪ ᠢ ᠭᠦᠨᠵᠡᠭᠡᠶ ᠰᠤᠳᠤᠯᠵᠤ᠂  ᠰᠠᠶᠢᠬᠠᠨ ᠪᠠᠶᠢᠨ᠎ᠠ︕︾ ᠭᠡᠪᠡ᠃  ᠫᠷᠦᠭᠷᠡᠮ ᠤᠨ ᠬᠡᠪ ᠵᠠᠭᠪᠤᠷ ᠤᠨ ᠭᠠᠳᠠᠭᠠᠳᠤ ᠬᠠᠶᠢᠯᠲᠠ ᠄ ︽ᠲᠠᠷᠢᠶ᠎ᠠ ᠲᠠᠷᠢᠶ᠎ᠠ︾  9 ᠳ᠋ᠦ᠋ᠭᠡᠷ ᠰᠠᠷ᠎ᠠ ᠳᠤ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠵᠦ ᠰᠣᠨᠣᠰᠬᠤ ᠦᠶᠡᠯᠡᠯ ᠤᠨ ᠬᠤᠭᠤᠴᠠᠭᠠᠨ ᠳᠤ᠂ 2024 ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠠᠨ ᠤᠯᠤᠰ ᠤᠨ ᠳᠠᠮᠵᠢᠭᠤᠯᠭ᠎ᠠ ᠶᠢᠨ ᠰᠢᠯᠢᠳᠡᠭ ᠠᠵᠢᠯᠯᠠᠭ᠎ᠠ ᠶᠢ ᠲᠠᠨᠢᠯᠴᠠᠭᠤᠯᠬᠤ ᠦᠵᠡᠵᠦ ᠰᠣᠨᠣᠰᠬᠤ ᠠᠵᠢᠯᠯᠠᠭ᠎ᠠ ᠳᠤᠮᠳᠠ᠂ ︽ᠲᠠᠷᠢᠶ᠎ᠠ ᠲᠠᠷᠢᠶ᠎ᠠ ︾ ᠬᠠᠮᠤᠭ ᠤᠨ ᠰᠠᠶᠢᠨ ᠬᠡᠷᠡᠭ ᠤᠨ ᠵᠢᠱᠢᠶ᠎ᠡ ᠪᠣᠯᠤᠭᠰᠠᠨ ᠪᠥᠭᠡᠳ 2024 ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠠᠵᠤ ᠦᠢᠯᠡᠰ ᠤᠨ ᠪᠡᠯᠡ ᠣᠷᠣᠭᠤᠯᠤᠭᠴᠢᠳ ᠤᠨ ᠶᠡᠭᠡ ᠬᠤᠷᠠᠯ ᠳᠤ ᠫᠷᠤᠭ᠍ᠷᠠᠮ ᠤᠨ ᠬᠡᠪ ᠵᠠᠭᠪᠤᠷ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠯ ᠵᠦᠢᠯ ᠤᠨ ᠲᠣᠭᠯᠠᠯᠲᠠ ᠭᠠᠷᠭᠠᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠷᠠᠯ ᠳᠤ ᠣᠷᠣᠯᠴᠠᠬᠤ ᠲᠥᠯᠥᠭᠡᠯᠡᠭᠴᠢᠳ ᠤᠨ ᠠᠩᠬᠠᠷᠤᠯ ᠢ ᠲᠠᠲᠠᠪᠠ᠃  ᠡᠨᠡ ᠪᠣᠯ ᠬᠥᠳᠡᠯᠮᠦᠷᠢ ᠶᠢᠨ ᠪᠣᠳᠠᠲᠤ ᠲᠡᠮᠳᠡᠭᠯᠡᠯ ᠤᠨ ᠬᠠᠷᠢᠯᠴᠠᠨ ᠤᠶᠠᠯᠳᠤᠭᠰᠠᠨ ᠲᠣᠭᠯᠠᠯᠲᠠ ᠪᠣᠯᠤᠨ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠯᠠᠭᠤ ᠦᠵᠡᠭᠴᠢᠳ ᠤᠨ ᠪᠠᠭ᠋ᠠᠷᠬᠠᠯ ᠢ ᠤᠯᠪᠠ᠃ ᠲᠡᠷᠡ ᠨᠢ ᠦᠵᠡᠭᠴᠢᠳ ᠲᠤ ᠲᠠᠷᠢᠶᠠᠯᠠᠩ ᠤᠨ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠦᠭᠡᠢ ᠪᠠᠰᠠ ︽ᠲᠠᠷᠢᠶ᠎ᠠ ᠲᠠᠷᠢᠬᠤ︾ ᠶᠢ ᠵᠠᠯᠠᠭᠤᠴᠤᠳ ᠤᠨ ᠰᠡᠳᠬᠢᠯ ᠳᠠᠬᠢ ︽ᠰᠢᠨ᠎ᠡ ᠤᠷᠤᠰᠬᠠᠯ︾ ᠪᠣᠯᠭᠠᠵᠤ᠂ ᠰᠢᠨ᠎ᠡ ᠨᠢᠭᠡ ᠦᠶ᠎ᠡ ᠶᠢᠨ ᠵᠠᠯᠠᠭᠤᠴᠤᠳ ᠲᠤ ᠭᠠᠵᠠᠷ ᠰᠢᠷᠣᠢ ᠶᠢᠨ ᠬᠦᠴᠦᠨ ᠢ ᠪᠡᠶ᠎ᠡ ᠪᠠᠷ ᠢᠶᠠᠨ ᠮᠡᠳᠡᠷᠡᠭᠦᠯᠵᠦ᠂ ᠨᠡᠩ ᠤᠯᠠᠨ ᠵᠠᠯᠠᠭᠤᠴᠤᠳ ᠢ ︽ᠰᠢᠨ᠎ᠡ ᠲᠠᠷᠢᠶᠠᠴᠢᠨ︾ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠪᠠ᠃ ᠨᠡᠪᠲᠡᠷᠡᠭᠦᠯᠭᠡ ᠨᠢ ᠠᠢ ᠴᠢ ᠢ ᠶᠢᠨ ᠣᠯᠠᠨ ᠤᠯᠤᠰ ᠤᠨ ᠬᠡᠪᠯᠡᠯ ᠳᠡᠭᠡᠷ᠎ᠡ ᠭᠠᠷᠤᠭᠰᠠᠨ ᠤ ᠳᠠᠷᠠᠭ᠎ᠠ᠂ ᠭᠠᠳᠠᠭᠠᠳᠤ ᠶᠢᠨ ᠣᠯᠠᠨ ᠭᠠᠵᠠᠷ ᠣᠷᠣᠨ ᠳᠤ ᠶᠡᠷᠦᠩᠬᠡᠶᠢᠯᠡᠭᠰᠡᠨ ᠤᠷᠠᠯᠢᠭ ᠤᠨ ᠫᠷᠣᠭ᠍ᠷᠠᠮ ᠳᠤ ᠡᠮᠦᠨ᠎ᠡ ᠠᠷᠪᠠᠨ ᠨᠡᠷᠡᠰ ᠲᠤ ᠵᠢᠭᠰᠠᠭᠠᠭᠳᠠᠵᠤ ᠂ ᠪᠠᠰᠠ ᠮᠠᠯᠠᠶᠢᠰᠢᠶ᠎ᠠ ᠶᠢᠨ ASTRO ᠲᠧᠯᠸᠢᠰ ᠬᠤᠷᠢᠶ᠎ᠠ ᠪᠠᠷ ᠳᠠᠮᠵᠢᠨ ᠵᠡᠭᠦᠨ ᠡᠮᠦᠨᠡᠲᠦ ᠠᠽᠢᠶ᠎ᠠ ᠶᠢᠨ ᠦᠵᠡᠭᠴᠢᠳ ᠲᠤ ᠬᠠᠨᠳᠤᠭᠤᠯᠤᠨ ᠨᠡᠪᠲᠡᠷᠡᠭᠦᠯᠵᠦ᠂ 2023 ᠣᠨ ᠤ ᠠᠽᠢᠶ᠎ᠠ ᠲᠢᠪ ᠤᠨ ᠳᠡᠭᠡᠳᠦ ᠰᠤᠷᠭᠠᠭᠤᠯᠢ ᠶᠢᠨ ᠡᠭᠦᠳᠦᠨ ᠪᠦᠲᠦᠭᠡᠯᠲᠡ ᠶᠢᠨ ᠱᠠᠩᠨᠠᠯ ᠤᠨ ᠬᠠᠮᠤᠭ ᠰᠠᠶᠢᠨ ᠠᠮᠢᠳᠤᠷᠠᠯ ᠤᠨ ᠠᠷᠭ᠎ᠠ ᠮᠠᠶ᠋ᠢᠭ ᠤᠨ ᠫᠷᠤᠭ᠍ᠷᠠᠮ᠂ 2023 ᠳᠤᠮᠳᠠᠳᠤ ᠠᠮᠧᠷᠢᠺᠠ ᠶᠢᠨ ᠲᠧᠯᠸᠢᠰ ᠤᠨ ᠨᠠᠶᠢᠷᠠᠭᠤᠯᠤᠭᠴᠢ ᠶᠢᠨ ᠣᠨ ᠤ ᠬᠠᠮᠤᠭ ᠰᠠᠶᠢᠨ ᠰᠣᠶᠣᠯ ᠤᠨ ᠶᠡᠷᠦᠩᠬᠡᠶᠢᠯᠡᠭᠰᠡᠨ ᠤᠷᠠᠯᠢᠭ ᠤᠨ ᠫᠷᠣᠭ᠍ᠷᠠᠮ ᠳᠤ ᠱᠠᠩᠨᠠᠯ ᠬᠦᠷᠲᠡᠵᠦ ᠥᠩᠭᠡᠷᠡᠵᠡᠢ᠃   ᠤᠯᠤᠰ ᠤᠨ ᠺᠠᠷᠲ᠋ᠣᠨ ᠵᠢᠷᠤᠭ ᠤᠨ ᠥᠪᠡᠷᠮᠢᠴᠡ ᠬᠡᠪ ᠨᠠᠮᠪᠠ ᠶᠢᠨ ᠰᠢᠪᠲᠤᠯᠤᠯᠲᠠ ᠄ ︽ᠮᠠᠭᠤᠬᠠᠢ ᠰᠤᠷᠲᠠᠯ︾  ᠡᠨᠡ ᠵᠢᠯ ᠤᠨ ᠵᠤᠨ ᠤ ᠠᠮᠠᠷᠠᠯᠲᠠ ᠶᠢᠨ ᠬᠤᠭᠤᠴᠠᠭᠠᠨ ᠳᠤ᠂ ᠠᠢ ᠴᠢ ᠢ ᠶᠢᠨ ᠭᠠᠷᠭᠠᠭᠰᠠᠨ ᠺᠠᠷᠲ᠋ᠣᠨ ᠵᠢᠷᠤᠭ ︽ᠮᠠᠭᠤᠬᠠᠢ ᠰᠤᠷᠲᠠᠯ︾ ᠨᠢ ᠵᠠᠯᠠᠭᠤ ᠦᠵᠡᠭᠴᠢᠳ ᠤᠨ ᠥᠷᠭᠡᠨ ᠬᠦᠷᠢᠶᠡᠯᠡᠯ ᠢ ᠣᠯᠵᠤ᠂ ᠣᠯᠠᠨ ᠤᠯᠤᠰ ᠤᠨ ᠬᠡᠪᠯᠡᠯ ᠤᠨ ᠨᠡᠪᠲᠡᠷᠡᠭᠦᠯᠦᠭᠰᠡᠨ  ᠤ ᠳᠠᠷᠠᠭ᠎ᠠ ᠭᠠᠭᠴᠠ ᠡᠳᠦᠷ ᠤᠨ ᠨᠡᠪᠲᠡᠷᠡᠭᠦᠯᠭᠡ ᠶᠢᠨ ᠬᠡᠮᠵᠢᠶ᠎ᠡ ᠨᠢ ᠭᠠᠳᠠᠭᠠᠳᠤ ᠶᠢᠨ ᠰᠦᠯᠵᠢᠶᠡᠨ ᠤ ᠥᠪᠡᠷᠲᠡᠭᠡᠨ ᠦᠢᠯᠡᠳᠦᠭᠰᠡᠨ ᠤᠯᠤᠰ ᠤᠨ ᠦᠷᠭᠦᠯᠵᠢᠯᠡᠭᠰᠡᠨ ᠲᠡᠦᠬᠡ ᠶᠢᠨ ᠬᠠᠮᠤᠭ ᠥᠨᠳᠥᠷ ᠬᠡᠮᠵᠢᠶᠡᠨ ᠳᠤ ᠬᠦᠷᠴᠦ᠂ ᠰᠦᠯᠵᠢᠶᠡᠨ ᠳᠡᠭᠡᠷ᠎ᠡ ᠨᠡᠪᠲᠡᠷᠡᠭᠦᠯᠦᠭᠰᠡᠨ ᠬᠡᠮᠵᠢᠶ᠎ᠡ ᠨᠢ ᠠᠮᠧᠷᠢᠺᠠ᠂ ᠺᠣᠷᠢᠶᠠ᠂ ᠰᠢᠩᠭᠠᠫᠤᠷ ᠵᠡᠷᠭᠡ ᠣᠯᠠᠨ ᠭᠠᠵᠠᠷ ᠣᠷᠣᠨ ᠤ ᠺᠠᠷᠲ᠋ᠣᠨ ᠵᠢᠷᠤᠭ ᠤᠨ ᠲᠥᠷᠥᠯ ᠵᠦᠢᠯ ᠤᠨ ᠲᠡᠷᠢᠭᠦᠨ ᠳᠤ ᠵᠢᠭᠰᠠᠭᠠᠭᠳᠠᠪᠠ᠃  ᠡᠨᠡ ᠬᠦ ᠪᠦᠲᠦᠭᠡᠯ ᠨᠢ ᠭᠠᠳᠠᠭᠠᠳᠤ ᠶᠢᠨ ᠨᠡᠶᠢᠭᠡᠮ ᠤᠨ ᠬᠠᠷᠢᠯᠴᠠᠭᠠᠨ ᠤ ᠲᠠᠪᠴᠠᠩ ᠳᠤ ᠬᠠᠯᠠᠭᠤᠷᠠᠵᠤ᠂ ᠭᠠᠳᠠᠭᠠᠳᠤ ᠶᠢᠨ ᠰᠦᠯᠵᠢᠶᠡᠨ ᠤ ᠢᠷᠭᠡᠳ ᠦᠨᠡᠯᠡᠯᠲᠡ ᠶᠢᠨ ᠲᠣᠭᠤᠷᠢᠭ ᠲᠤ ᠦᠨᠡᠨ ᠰᠡᠳᠬᠢᠯᠭᠡ ᠲᠠᠢ ᠪᠠᠷ ᠵᠦᠴᠦᠭᠡ ᠶᠢᠨ ᠴᠤᠭᠯᠠᠷᠠᠯ ᠤᠨ ᠬᠠᠨᠳᠤᠰᠢ᠂ ᠰᠦᠯᠵᠢᠶᠡᠨ ᠳᠡᠭᠡᠷ᠎ᠡ ᠰᠢᠨᠡᠴᠢᠯᠡᠬᠦ ᠶᠢ ᠱᠠᠭᠠᠷᠳᠠᠵᠤ ᠂ ᠵᠠᠷᠢᠮ ᠨᠢ ᠪᠠᠰᠠ ︽︿ᠮᠠᠭᠤᠬᠠᠢ ᠰᠤᠷᠲᠠᠯ ﹀ ᠢ ᠦᠵᠡᠵᠦ ᠪᠠᠷᠠᠭᠰᠠᠨ ᠤ ᠳᠠᠷᠠᠭ᠎ᠠ ᠳᠤᠮᠳᠠᠳᠤ ᠤᠯᠤᠰ ᠤᠨ ᠺᠠᠷᠲ᠋ᠣᠨ ᠺᠢᠨᠣ᠋ ᠳᠤ ᠣᠨᠳᠣᠤ ᠦᠵᠡᠯᠲᠡ ᠲᠠᠢ ᠪᠣᠯᠵᠠᠢ ︾ ᠭᠡᠵᠦ ᠰᠢᠭᠤᠳ ᠶᠠᠷᠢᠪᠠ᠃ ᠲᠡᠭᠦᠨ ᠤ ᠬᠠᠯᠠᠭᠤᠷᠠᠯ ᠤᠨ ᠬᠡᠮᠵᠢᠶ᠎ᠡ᠂ ᠬᠦᠯᠢᠶᠡᠨ ᠠᠪᠤᠯᠲᠠ ᠵᠡᠷᠭᠡ ᠲᠤᠭ᠎ᠠ ᠪᠠᠷᠢᠮᠲᠠ ᠨᠢ ᠰᠢᠨ᠎ᠡ ᠥᠨᠳᠥᠷ ᠢ ᠡᠭᠦᠳᠴᠦ᠂ ᠭᠠᠳᠠᠭᠠᠳᠤ ᠶᠢᠨ ᠣᠯᠠᠨ ᠭᠠᠵᠠᠷ ᠣᠷᠣᠨ ᠳᠤ ᠨᠡᠪᠲᠡᠷᠡᠭᠦᠯᠦᠭᠰᠡᠨ ᠬᠡᠮᠵᠢᠶ᠎ᠡ ᠵᠢᠴᠢ ᠬᠦᠯᠢᠶᠡᠨ ᠠᠪᠤᠯᠲᠠ ᠶᠢᠨ ᠢᠯᠡᠷᠡᠯ ᠨᠢ ᠪᠠᠰᠠ ᠶᠠᠫᠤᠨ ᠤ ᠲᠤᠯᠤᠭᠠᠶᠢᠯᠠᠭᠴᠢ ᠺᠠᠷᠲ᠋ᠣᠨ ᠵᠢᠷᠤᠭ ᠠᠴᠠ ᠳᠠᠪᠠᠵᠤ ᠂ ᠤᠯᠤᠰ ᠤᠨ ᠳᠣᠲᠣᠭᠠᠳᠤ ᠭᠠᠳᠠᠭᠠᠳᠤ ᠳᠤ ᠬᠠᠮᠲᠤ ᠪᠠᠷ ᠬᠡᠪᠴᠢᠶ᠎ᠡ ᠶᠢᠨ ᠳᠡᠪᠡᠯᠲᠡ ᠶᠢ ᠪᠡᠶᠡᠯᠡᠭᠦᠯᠪᠡ ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map