| | | | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠭᠢᠯᠭᠠᠨ ᠮᠡᠳᠡᠭᠡ 10 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠶᠧᠲᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠪᠠᠶᠢᠩᠭᠤ ᠶᠢᠨ ᠱᠦᠵᠢ ᠯᠢᠶᠠᠩ ᠴᠢᠶᠠᠩ ᠲᠠᠢ | ᠠᠭᠤᠯᠵᠠᠪᠠ᠃ | | | | | ᠰᠢ ᠶᠢᠨ ᠫᠢᠩ᠂ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠬᠤ ᠪᠣᠯ ᠳᠤᠮᠳᠠᠳᠤ ᠸᠢᠶᠧᠲᠨᠠᠮ ᠬᠤᠶᠠᠷ ᠤᠯᠤᠰ ᠤᠨ | ᠬᠠᠮᠤᠭ ᠤᠨ ᠮᠥᠨ ᠴᠢᠨᠠᠷ ᠤᠨ ᠣᠨᠴᠠᠯᠢᠭ ᠮᠥᠨ᠂ ᠪᠠᠰᠠ ᠴᠤ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢ ᠬᠥᠭᠵᠢᠭᠦᠯᠬᠦ ᠬᠠᠮᠤᠭ ᠤᠨ ᠪᠠᠲᠤ ᠪᠠᠬᠢ ᠤᠯᠤᠰ ᠲᠦᠷᠦ ᠶᠢᠨ | ᠰᠠᠭᠤᠷᠢ ᠮᠥᠨ᠃ ᠳᠤᠮᠳᠠᠳᠤ ᠤᠯᠤᠰ ᠸᠢᠶᠧᠲᠨᠠᠮ ᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠲᠡᠷᠢᠭᠦᠨ ᠴᠢᠭᠯᠡᠯ ᠪᠤᠯᠭᠠᠵᠤ᠂ ᠳᠤᠷᠠᠲᠠᠶ᠎ᠠ ᠸᠢᠶᠧᠲᠨᠠᠮ ᠤᠨ | ᠬᠢᠨ ᠲᠠᠢ ᠬᠠᠮᠲᠤ ᠪᠠᠷ᠂ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ | ᠠᠬᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠴᠦ ᠪᠠᠶᠢᠭ᠎ᠠ ᠪᠠᠶᠢᠳᠠᠯ ᠳᠣᠣᠷ᠎ᠠ᠂ ᠳᠤᠮᠳᠠᠳᠤ ᠸᠢᠶᠧᠲᠨᠠᠮ | ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠸᠢᠶᠧᠲᠨᠠᠮ ᠤᠨ | ᠬᠠᠷᠢᠯᠴᠠᠭ᠎ᠠ ᠶᠢ ᠡᠵᠡᠮᠳᠡᠬᠦ ᠶᠢ ᠪᠠᠷᠢᠮᠲᠠᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠵᠥᠪ ᠵᠠᠮ ᠢᠶᠠᠷ ᠲᠠᠰᠤᠷᠠᠯᠳᠠ ᠦᠭᠡᠢ ᠤᠷᠤᠭᠰᠢ ᠬᠥᠭᠵᠢᠬᠦ ᠶᠢ ᠪᠠᠲᠤᠯᠠᠶ᠎ᠠ᠃ ᠦᠵᠡᠯ | ᠰᠠᠨᠠᠭ᠎ᠠ ᠣᠶᠢᠯᠠᠭᠠᠭᠳᠠᠬᠤᠨ ᠤ ᠰᠣᠯᠢᠯᠴᠠᠭ᠎ᠠ ᠪᠠᠨ ᠴᠢᠩᠭᠠᠳᠬᠠᠵᠤ᠂ ᠤᠨᠤᠯ ᠤᠨ ᠰᠤᠳᠤᠯᠤᠨ ᠶᠠᠷᠢᠯᠴᠠᠭ᠎ᠠ᠂ ᠺᠠᠳ᠋ᠷ ᠤᠨ ᠪᠣᠯᠪᠠᠰᠤᠷᠠᠯ ᠵᠡᠷᠭᠡ ᠲᠣᠭᠲᠠᠴᠠ ᠶᠢᠨ ᠲᠠᠪᠴᠠᠩ ᠢ | ᠰᠠᠶᠢᠲᠤᠷ ᠬᠡᠷᠡᠭᠯᠡᠵᠦ᠂ ᠨᠠᠮ ᠢᠶᠠᠨ ᠵᠠᠰᠠᠵᠤ ᠲᠦᠷᠦ ᠪᠠᠨ ᠵᠠᠰᠠᠬᠤ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠶᠢ ᠴᠢᠩᠭᠠᠳᠬᠠᠵᠤ᠂ ᠲᠦᠷᠦ ᠪᠠᠷᠢᠬᠤ | ᠴᠢᠳᠠᠪᠤᠷᠢ ᠪᠠᠨ ᠬᠠᠮᠲᠤ ᠪᠠᠷ ᠳᠡᠭᠡᠭᠰᠢᠯᠡᠭᠦᠯᠵᠦ᠂ ᠲᠦᠷᠦ ᠪᠠᠷᠢᠬᠤ ᠬᠦᠴᠢᠷ ᠠᠰᠠᠭᠤᠳᠠᠯ ᠢ ᠬᠠᠮᠲᠤ ᠪᠠᠷ ᠰᠢᠢᠳᠪᠦᠷᠢᠯᠡᠶ᠎ᠡ᠃ ᠬᠠᠮᠲᠤ ᠪᠠᠷ ᠠᠰᠢᠭ ᠭᠦᠷᠳᠡᠭᠦ ᠪᠠᠶᠢᠷᠢᠰᠢᠯ ᠢ | ᠪᠠᠶᠢᠭᠤᠯᠵᠤ᠂ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠ ᠬᠤᠯᠪᠣᠯᠳᠤᠨ ᠨᠡᠪᠲᠡᠷᠡᠯᠴᠡᠬᠦ ᠶᠢ | ᠪᠦᠭᠦ ᠲᠠᠯ᠎ᠠ ᠪᠠᠷ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠷᠠᠯᠲᠠ ᠶᠢ ᠴᠢᠷᠮᠠᠶᠢᠨ ᠪᠡᠶᠡᠯᠡᠭᠦᠯᠦᠶ᠎ᠡ᠃ | ᠠᠷᠠᠳ ᠤᠨ ᠬᠤᠭᠤᠷᠣᠨᠳᠣᠭᠢ ᠨᠥᠬᠦᠷᠯᠡᠯ ᠢ ᠪᠣᠶᠢᠵᠢᠭᠤᠯᠵᠤ᠂ ᠢᠷᠡᠬᠦ ᠵᠢᠯ ᠤᠨ ᠳᠤᠮᠳᠠᠳᠤ ᠸᠢᠶᠧᠲᠨᠠᠮ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ | ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ᠤ ᠠᠵᠠ ᠲᠣᠭᠢᠶᠠᠯ ᠢ ᠰᠠᠶᠢᠲᠤᠷ ᠠᠰᠢᠭᠯᠠᠵᠤ᠂ ᠤᠯᠠᠮᠵᠢᠯᠠᠯᠲᠤ ᠨᠥᠬᠦᠷᠯᠡᠯ ᠤᠨ ᠬᠥᠮᠦᠵᠢᠯ | ᠪᠣᠯᠣᠨ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭᠠᠨ ᠤ ᠠᠯᠤᠰ ᠭᠡᠳᠤ ᠶᠢᠨ ᠬᠥᠭᠵᠢᠯᠲᠡ ᠳᠤ ᠠᠷᠠᠳ ᠤᠨ ᠰᠠᠨᠠᠭᠠᠨ ᠤ | ᠰᠠᠭᠤᠷᠢ ᠶᠢ ᠪᠠᠬᠢᠵᠢᠭᠦᠯᠦᠶ᠎ᠡ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠡᠨᠡ ᠵᠢᠯ ᠤᠨ 7 ᠰᠠᠷ᠎ᠠ ᠳᠤ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠲᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠵᠠᠢ᠃ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠨᠢ ᠲᠤᠰ ᠪᠡᠶ᠎ᠡ ᠶᠢᠨ ᠬᠥᠭᠵᠢᠯᠲᠡ ᠳᠡᠭᠡᠨ ᠥᠷᠭᠡᠨ ᠠᠭᠤᠳᠠᠮ ᠠᠯᠤᠰ | ᠢᠷᠡᠭᠡᠳᠦᠢ ᠶᠢ ᠨᠡᠭᠡᠭᠡᠬᠦ ᠪᠠᠷ ᠪᠠᠷᠠᠬᠤ ᠦᠭᠡᠢ ᠪᠠᠰᠠ ᠸᠢᠶᠧᠲᠨᠠᠮ ᠵᠢᠴᠢ ᠳᠡᠯᠡᠬᠡᠢ ᠶᠢᠨ ᠡᠯ᠎ᠡ ᠤᠯᠤᠰ ᠤᠨ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ᠂ ᠰᠢᠨ᠎ᠡ ᠠᠵᠠ | ᠲᠣᠭᠢᠶᠠᠯ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠷ ᠬᠤᠯᠪᠣᠯᠴᠠᠨ | ᠥᠭᠡᠷᠡᠴᠢᠯᠡᠯᠲᠡ ᠶᠢᠨ ᠵᠠᠮ ᠳᠡᠭᠡᠷᠡᠬᠢ ᠬᠠᠮᠲᠤ ᠠᠶᠠᠯᠠᠭᠴᠢ᠂ ᠣᠳᠣᠬᠢᠴᠢᠯᠠᠯᠲᠠ ᠶᠢᠨ ᠵᠠᠮ ᠳᠡᠭᠡᠷᠡᠬᠢ ᠰᠠᠶᠢᠨ ᠬᠠᠨᠢᠲᠠᠨ ᠪᠣᠯᠣᠯᠴᠠᠨᠠ᠃ ᠶᠡᠷᠦᠩᠬᠡᠢ ᠱᠦᠵᠢ ᠰᠦᠯᠢᠨ ᠢᠶᠠᠷ | ᠲᠣᠯᠣᠭᠠᠶᠢᠯᠠᠭᠤᠯᠤᠭᠰᠠᠨ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠸᠢᠶᠧᠲᠨᠠᠮ ᠤᠨ ᠪᠦᠭᠦ ᠨᠠᠮ ᠪᠦᠭᠦ ᠴᠡᠷᠢᠭ ᠪᠦᠭᠦ ᠠᠷᠠᠳ | ᠲᠦᠮᠡᠨ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠨᠠᠮ | ᠪᠠᠶᠢᠭᠤᠯᠤᠭᠰᠠᠨ ᠤᠯᠤᠰ ᠪᠠᠶᠢᠭᠤᠯᠤᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠪᠠᠨ ᠯᠠᠪᠳᠠᠭᠤᠨ ᠢᠶᠠᠷ ᠤᠷᠤᠭᠰᠢᠯᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ | | | | | | | ᠯᠢᠶᠠᠩ ᠴᠢᠶᠠᠩ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ᠂ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠣᠯᠣᠭᠰᠠᠨ | ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ ᠯᠠᠪᠲᠠᠢ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ᠂ ᠲᠣᠭᠲᠠᠭᠤᠨ ᠪᠠ ᠬᠥᠭᠵᠢᠯ ᠴᠡᠴᠡᠭᠯᠡᠯ ᠳᠤ ᠨᠠᠩ | ᠶᠡᠭᠡ ᠬᠤᠪᠢ ᠨᠡᠮᠡᠷᠢ ᠦᠵᠡᠭᠦᠯᠭᠦ ᠶᠢ ᠸᠢᠶᠧᠲᠨᠠᠮ ᠤᠨ ᠬᠢᠨ ᠪᠠᠲᠤ ᠢᠲᠡᠭᠡᠵᠦ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠦᠢᠯᠡᠰ ᠲᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ᠂ | ᠸᠢᠶᠧᠲᠨᠠᠮ ᠵᠡᠷᠭᠡ ᠨᠡᠶᠢᠭᠡᠮ ᠵᠢᠷᠤᠮᠲᠤ ᠤᠯᠤᠰ ᠵᠢᠴᠢ ᠳᠡᠯᠡᠬᠡᠢ ᠨᠡᠶᠢᠭᠡᠮ ᠳᠤ ᠴᠦ ᠴᠢᠬᠤᠯᠠ ᠶᠡᠭᠡ ᠦᠨ᠎ᠡ ᠦᠷᠳᠡᠭ ᠲᠠᠢ ᠶᠤᠮ᠃ ᠸᠢᠶᠧᠲᠨᠠᠮ ᠳᠤᠮᠳᠠᠳᠤ ᠪᠣᠯ ᠠᠭᠤᠯᠠ | ᠤᠰᠤ ᠪᠠᠷ ᠢᠶᠠᠨ ᠵᠠᠯᠭᠠᠯᠳᠤᠭᠰᠠᠨ ᠨᠡᠶᠢᠭᠡᠮ ᠵᠢᠷᠤᠮᠲᠤ ᠬᠥᠷᠰᠢ ᠤᠯᠤᠰ ᠮᠥᠨ᠂ ᠸᠢᠶᠧᠲᠨᠠᠮ ᠤᠨ ᠦᠨᠳᠦᠰᠦᠲᠡᠨ ᠤ ᠲᠤᠰᠠᠭᠠᠷ ᠲᠣᠭᠲᠠᠨᠢᠯ ᠴᠢᠯᠦᠭᠡᠯᠡᠯᠲᠡ ᠶᠢᠨ ᠴᠠᠭ ᠦᠶ᠎ᠡ | ᠪᠣᠯᠣᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤᠮᠳᠠ ᠳᠤᠮᠳᠠᠳᠤ ᠤᠯᠤᠰ ᠠᠴᠠ ᠸᠢᠶᠧᠲᠨᠠᠮ ᠳᠤ ᠬᠠᠩᠭᠠᠭᠰᠠᠨ ᠡᠷᠬᠢᠮ ᠨᠠᠨᠳᠢᠨ ᠳᠡᠮᠵᠢᠯᠭᠡ ᠶᠢ | ᠸᠢᠶᠧᠲᠨᠠᠮ ᠤᠨ ᠬᠢᠨ ᠲᠤᠶᠢᠯ ᠢᠶᠠᠷ ᠨᠠᠨᠳᠢᠩᠨᠠᠵᠤ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠢᠮᠠᠭᠲᠠ ᠸᠢᠶᠧᠲᠨᠠᠮ ᠤᠨ ᠶᠡᠷᠦᠩᠬᠡᠢ ᠭᠠᠳᠠᠭᠠᠳᠤ | ᠬᠠᠷᠢᠯᠴᠠᠭᠠᠨ ᠤ ᠪᠤᠰᠤᠳᠴᠢ ᠬᠡᠷᠡᠭᠴᠡᠭᠡ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠵᠦᠢᠯ ᠪᠣᠯᠭᠠᠭᠰᠠᠭᠠᠷ ᠢᠷᠡᠵᠠᠢ᠃ ᠣᠳᠣᠬᠠᠨ ᠳᠤ ᠬᠤᠶᠠᠷ | ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠴᠢᠩᠭ᠎ᠠ ᠬᠦᠴᠦᠲᠡᠢ ᠪᠠᠶᠢᠨ᠎ᠠ᠂ ᠸᠢᠶᠧᠲᠨᠠᠮ ᠦᠷᠭᠦᠯᠵᠢᠯᠡᠨ ᠳᠤᠮᠳᠠᠳᠤ ᠤᠯᠤᠰ ᠲᠠᠢ ᠬᠠᠮᠲᠤ ᠪᠠᠷ ᠣᠶᠢᠷ᠎ᠠ ᠶᠢᠨ | ᠵᠢᠯ ᠤᠨ ᠲᠤᠷᠰᠢᠬᠢ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠰ ᠤᠨ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠶᠠᠪᠤᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠵᠥᠷᠢᠯᠳᠦᠭᠡᠨ ᠢ ᠨᠡᠩ ᠰᠠᠶᠢᠲᠤᠷ ᠬᠠᠮᠢᠶᠠᠷᠤᠨ ᠰᠢᠢᠳᠪᠦᠷᠢᠯᠡᠵᠦ᠂ ︽ ᠨᠥᠬᠦᠷ ᠪᠥᠭᠡᠳ ᠠᠬ᠎ᠠ ᠳᠡᠭᠦᠦ ︾ | ᠶᠢᠨ ᠵᠣᠷᠢᠭ ᠰᠠᠨᠠᠭ᠎ᠠ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠸᠢᠶᠧᠲᠨᠠᠮ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠪᠣᠯᠣᠨ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠰᠢᠨ᠎ᠡ ᠠᠮᠵᠢᠯᠲᠠ | ᠪᠦᠲᠦᠮᠵᠢ ᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ ᠠᠭᠤᠯᠵᠠᠯᠲᠠ ᠳᠤ ᠣᠷᠣᠯᠴᠠᠵᠠᠢ᠃ | |