ᠠᠭᠤᠤ ᠶᠡᠭᠡ ᠴᠠᠭ ᠦᠶ᠎ᠡ ᠶᠢ ᠪᠢᠴᠢᠭᠯᠡᠵᠦ᠂ ᠠᠷᠠᠳ ᠲᠦᠮᠡᠨ ᠳᠤ ᠰᠣᠳᠣᠨ ᠪᠦᠲᠦᠭᠡᠯ ᠢᠶᠠᠨ ᠡᠷᠭᠦᠬᠦ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠡᠭᠡ ᠬᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2024/10/14
  10 ᠳ᠋ᠤᠭᠠᠷ ᠰᠠᠷ᠎ᠠ ᠶᠢᠨ 11 ᠤ ᠦᠳᠡ ᠶᠢᠨ ᠡᠮᠦᠨ᠎ᠡ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠪᠠ ᠭᠤᠣᠯ ᠶᠠᠷᠢᠶᠠᠨ ᠤ ᠲᠠᠪᠴᠠᠩ ᠪᠡᠭᠡᠵᠢᠩ ᠤᠨ ᠱᠸᠦ ᠴᠤᠸᠠᠩ ᠯᠠᠩ ᠶᠤᠸᠠᠨ Station ᠳᠤ ᠶᠠᠪᠤᠭᠳᠠᠪᠠ᠃ ᠲᠥᠪ ᠤᠨ ᠤᠬᠠᠭᠤᠯᠭ᠎ᠠ ᠶᠢᠨ ᠬᠡᠰᠡᠭ ᠡᠳᠦᠷ ᠲᠤᠳᠤᠮ ᠤᠨ ᠠᠵᠢᠯ ᠢ ᠬᠠᠮᠢᠶᠠᠷᠴᠤ ᠪᠦᠬᠦᠢ ᠳᠡᠳ᠋ ᠳᠠᠷᠤᠭ᠎ᠠ ᠬᠤ᠋ ᠾᠧ ᠫᠢᠩ᠂ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ᠂ ᠪᠡᠭᠡᠵᠢᠩ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠢᠨ ᠶᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ᠂ ᠱᠦᠵᠢ ᠶᠢᠨ ᠭᠠᠵᠠᠷ ᠤᠨ ᠱᠦᠵᠢ ᠯᠢ ᠢ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ᠂ ᠱᠦᠵᠢ ᠶᠢᠨ ᠭᠠᠵᠠᠷ ᠤᠨ ᠱᠦᠵᠢ ᠵᠠᠩ ᠬᠤᠩ ᠰᠧᠨ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠤᠯᠤᠰ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ ᠨᠢᠦ ᠢ ᠪᠢᠩ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ᠂ ᠶᠠᠩ ᠭᠦᠸᠧ ᠷᠦᠢ᠂ ᠠᠷᠠᠳ ᠤᠨ ᠡᠳᠦᠷ ᠤᠨ ᠰᠣᠨᠢᠨ ᠤ ᠬᠤᠷᠢᠶᠠᠨ ᠤ ᠳᠡᠳ᠋ ᠶᠡᠷᠦᠩᠬᠡᠢ ᠨᠠᠶᠢᠷᠠᠭᠤᠯᠤᠭᠴᠢ ᠰᠢᠤᠢ ᠯᠢ ᠵᠢᠩ᠂ ᠰᠢᠨᠬᠤᠸᠠ ᠬᠤᠷᠢᠶᠠᠨ ᠤ ᠳᠡᠳ᠋ ᠶᠡᠷᠦᠩᠬᠡᠢ ᠨᠠᠶᠢᠷᠠᠭᠤᠯᠤᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠷᠧᠨ ᠸᠧᠢ ᠳ᠋ᠦᠩ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠶᠡᠷᠦᠩᠬᠡᠢ ᠨᠠᠶᠢᠷᠠᠭᠤᠯᠤᠭᠴᠢ ᠹᠠᠨ ᠶᠦᠨ᠂ ᠪᠡᠭᠡᠵᠢᠩ ᠬᠤᠳᠠ ᠶᠢᠨ ᠳᠡᠳ᠋ ᠳᠠᠷᠤᠭ᠎ᠠ ᠰᠾᠢ ᠮᠠ ᠬᠤᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃  2024 ᠣᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶᠠᠨ ᠤ ᠠᠷᠪᠠᠨ ᠵᠢᠯ ᠤᠨ ᠤᠢ ᠪᠣᠯᠤᠨ᠎ᠠ᠂ ᠮᠥᠨ ᠴᠤ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠩᠬᠢᠨᠢ ᠪᠠᠷ ᠰᠢ ᠶᠢᠨ ᠫᠢᠩ ᠤᠨ ᠰᠣᠶᠣᠯ ᠦᠵᠡᠯ ᠰᠠᠨᠠᠭ᠎ᠠ ᠶᠢ ᠳᠤᠷᠠᠳᠤᠭᠰᠠᠨ ᠨᠢᠭᠡ ᠵᠢᠯ ᠤᠨ ᠤᠢ ᠪᠣᠯᠤᠨ᠎ᠠ᠃ ᠲᠣᠰ ᠬᠤᠭᠤᠴᠠᠭᠠᠨ ᠤ ᠶᠡᠭᠡ ᠬᠤᠷᠠᠯ ᠨᠢ ︽ᠠᠭᠤᠤ ᠶᠡᠭᠡ ᠴᠠᠭ ᠦᠶ᠎ᠡ ᠶᠢ ᠪᠢᠴᠢᠭᠯᠡᠵᠦ᠂ ᠠᠷᠠᠳ ᠲᠦᠮᠡᠨ ᠳᠤ ᠰᠣᠳᠣᠨ ᠪᠦᠲᠦᠭᠡᠯ ᠢᠶᠠᠨ ᠡᠷᠭᠦᠬᠦ︾ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠷᠠᠳᠢᠣ᠋ ᠲᠧᠯᠸᠢᠰ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠭᠰᠡᠨ ᠡᠯᠪᠡᠭ ᠪᠠᠶᠠᠯᠢᠭ ᠦᠷ᠎ᠡ ᠪᠦᠲᠦᠭᠡᠯ ᠪᠣᠯᠤᠨ ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠵᠦ᠂ ᠪᠥᠬᠦ ᠤᠯᠤᠰ ᠤᠨ ᠷᠠᠳᠢᠣ᠋ ᠲᠧᠯᠸᠢᠰ ᠤᠨ ᠠᠵᠢᠯ ᠲᠥᠷᠥᠯ ᠤᠨ ︽ᠰᠢᠨ᠎ᠡ ᠴᠠᠭ ᠦᠶ᠎ᠡ ᠶᠢᠨ ᠰᠣᠳᠣᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠬᠦ ᠪᠠ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠪᠠ᠃ ᠶᠡᠭᠡ ᠬᠤᠷᠠᠯ ᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠨᠠᠮ ᠤᠨ ᠬᠤᠷᠢᠶᠠᠨ ᠤ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠪᠡ᠃  ᠶᠡᠭᠡ ᠬᠤᠷᠠᠯ ᠠᠴᠠ᠂ ᠷᠠᠳᠢᠣ᠋ ᠲᠧᠯᠸᠢᠰ ᠤᠨ ᠠᠵᠢᠯᠲᠠᠳ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠶᠢ ᠡᠭᠦᠳᠦᠭᠰᠡᠨ ᠪᠦᠲᠦᠭᠡᠯ ᠢ ᠨᠡᠩ ᠰᠠᠶᠢᠨ ᠳᠠᠮᠵᠢᠭᠤᠯᠬᠤ ᠬᠡᠷᠡᠭᠲᠡᠢ︔ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠴᠢᠩ ᠦᠨᠡᠨᠴᠢ ᠪᠦᠲᠦᠭᠡᠯ ᠢ ᠨᠡᠩ ᠤᠯᠠᠨ ᠭᠠᠷᠭᠠᠬᠤ ᠬᠡᠷᠡᠭᠲᠡᠢ︔ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠤᠳᠤ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠬᠦ ᠰᠣᠩᠭᠤᠳᠠᠭ ᠪᠦᠲᠦᠭᠡᠯ ᠢ ᠪᠦᠬᠦ ᠪᠥᠮᠪᠥᠷᠴᠡᠭ ᠤᠨ ᠬᠠᠷᠠᠭᠠᠰᠤ ᠶᠢ ᠪᠤᠢ ᠪᠣᠯᠭᠠᠵᠤ᠂ ᠳᠤᠮᠳᠠᠳᠤ ᠶᠢᠨ ᠪᠣᠯᠪᠠᠰᠤᠨ ᠤ ᠳᠠᠮᠵᠢᠭᠤᠯᠭ᠎ᠠ ᠶᠢᠨ ᠬᠦᠴᠦᠨ ᠤ ᠨᠥᠯᠥᠭᠡᠯᠡᠬᠦ ᠬᠦᠴᠦᠨ ᠢ ᠨᠡᠩ ᠤᠯᠠᠨ ᠨᠡᠮᠡᠭᠳᠡᠭᠦᠯᠬᠦ ᠤᠷᠠᠨ ᠲᠠᠷᠬᠠᠨ ᠤ ᠪᠦᠲᠦᠭᠡᠯ ᠢ ᠪᠤᠢ ᠪᠣᠯᠭᠠᠬᠤ ᠬᠡᠷᠡᠭᠲᠡᠢ᠃ ᠶᠡᠭᠡ ᠬᠤᠷᠠᠯ ᠠᠴᠠ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠲᠦᠷᠦᠯ ᠤᠨ ᠬᠢᠨ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠣᠳᠣᠨ ᠪᠦᠲᠦᠭᠡᠯ ᠭᠠᠷᠭᠠᠬᠤ ᠶᠢ ᠠᠬᠢᠭᠤᠯᠵᠤ᠂ ᠨᠡᠩ ᠥᠷᠭᠡᠨ ᠢᠶᠠᠷ ᠳᠠᠮᠵᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠬᠦ ᠶᠢ ᠴᠢᠩᠭᠠᠷᠠᠭᠤᠯᠵᠤ᠂ ᠠᠮᠢᠵᠢᠷᠠᠯ ᠤᠨ ᠬᠦᠴᠦᠨ ᠲᠠᠢ ᠠᠮᠢ ᠠᠬᠤᠢ ᠶᠢ ᠪᠠᠶᠢᠭᠤᠯᠵᠤ᠂ ᠨᠡᠩ ᠤᠯᠠᠨ ᠰᠣᠳᠣᠨ ᠪᠦᠲᠦᠭᠡᠯ᠂ ᠨᠡᠩ ᠥᠷᠭᠡᠨ ᠳᠠᠮᠵᠢᠭᠤᠯᠭ᠎ᠠ᠂ ᠨᠡᠩ ᠰᠠᠶᠢᠨ ᠪᠡᠶᠡᠴᠢ ᠣᠶᠢᠯᠠᠭᠠᠯᠲᠠ ᠶᠢᠨ ᠠᠮᠢᠳᠤᠯᠢᠭ ᠦᠢᠯᠡᠳᠦᠯᠭᠡ ᠪᠠᠷ ᠰᠢᠨ᠎ᠡ ᠴᠠᠭ ᠦᠶ᠎ᠡ ᠶᠢᠨ ᠰᠢᠨ᠎ᠡ ᠰᠣᠶᠣᠯ ᠤᠨ ᠡᠭᠦᠷᠭᠡ ᠶᠢ ᠦᠨᠡᠨ ᠬᠦ ᠰᠠᠶᠢᠲᠤᠷ ᠡᠭᠦᠷᠭᠡᠯᠡᠵᠦ᠂ ᠠᠭᠤᠤ ᠶᠡᠭᠡ ᠴᠠᠭ ᠦᠶ᠎ᠡ ᠶᠢ ᠪᠢᠴᠢᠭᠯᠡᠵᠦ᠂ ᠠᠷᠠᠳ ᠲᠦᠮᠡᠨ ᠳᠤ ᠰᠣᠳᠣᠨ ᠪᠦᠲᠦᠭᠡᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃  ᠭᠤᠣᠯ ᠶᠠᠷᠢᠶᠠᠨ ᠤ ᠲᠠᠪᠴᠠᠩ ᠳᠡᠭᠡᠷ᠎ᠡ᠂ ︽ᠨᠡᠩ ᠣᠯᠠᠨ ᠰᠣᠳᠣᠨ ᠪᠦᠲᠦᠭᠡᠯ᠂ ᠨᠡᠩ ᠥᠷᠭᠡᠨ ᠳᠠᠮᠵᠢᠭᠤᠯᠭ᠎ᠠ᠂ ᠨᠡᠩ ᠰᠠᠶᠢᠨ ᠪᠡᠶᠡᠴᠢ ᠣᠶᠢᠯᠠᠭᠠᠯᠲᠠ︾ ᠭᠤᠣᠯ ᠰᠡᠳᠦᠪ ᠤᠨ ᠲᠣᠭᠤᠷᠢᠨ ᠳᠤ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠧ ᠴᠢᠶᠦ᠋ᠨ᠂ ᠱᠠᠩᠬᠠᠢ ᠶᠢᠨ ᠷᠠᠳᠢᠣ᠋ ᠲᠧᠯᠸᠢᠰ ᠬᠤᠷᠢᠶ᠎ᠠ ︵ᠪᠦᠯᠦᠭᠯᠡᠯ︶ ᠶᠢᠨ ᠨᠠᠮ ᠤᠨ ᠬᠤᠷᠢᠶ᠎ᠠ ᠶᠢᠨ ᠱᠦᠵᠢ᠂ ᠬᠤᠷᠢᠶᠠᠨ ᠳᠠᠷᠤᠭ᠎ᠠ᠂ ᠶᠡᠷᠦᠩᠬᠡᠢ ᠨᠠᠶᠢᠷᠠᠭᠤᠯᠤᠭᠴᠢ ᠹᠠᠩ ᠱᠢ ᠵᠦᠩ᠂ ᠬᠤᠨᠠᠨ ᠤ ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠨᠠᠶᠢᠷᠠᠭᠤᠯᠤᠭᠴᠢ ᠬᠥᠩ ᠵᠧᠩ ᠸᠧᠨ᠂ ᠾᠧᠨᠠᠨ ᠤ ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠸᠠᠩ ᠷᠧᠨ ᠬᠠᠢ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠰᠢᠨᠵᠢᠯᠡᠬᠦ ᠲᠧᠭᠨᠢᠭ ᠤᠬᠠᠭᠠᠨ ᠮᠡᠷᠭᠡᠵᠢᠯ ᠤᠨ ᠵᠤᠷᠭᠠᠨ ᠤ ᠳᠠᠷᠤᠭ᠎ᠠ ᠢᠦᠢ ᠶᠢᠩ᠂ ᠳ᠋ᠦᠩ ᠶᠠᠩ ᠵᠧᠩ ᠡᠦ ᠶᠠᠩ ᠭᠤᠸᠠᠩ ᠺᠢᠨᠣ᠋ ᠲᠧᠯᠸᠢᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠳᠤᠮᠳᠠᠳᠤ ᠤᠯᠤᠰ ᠤᠨ ᠲᠧᠯᠸᠢᠰ ᠵᠦᠴᠦᠭᠡ ᠦᠢᠯᠡᠳᠬᠦ ᠠᠵᠤ ᠦᠢᠯᠡᠰ ᠤᠨ ᠨᠡᠶᠢᠭᠡᠮᠯᠢᠭ ᠤᠨ ᠳᠠᠷᠤᠭ᠎ᠠ ᠾᠧᠦ ᠬᠤᠩ ᠯᠢᠶᠠᠩ᠂ ᠲᠧᠩ ᠰᠢᠶᠦ᠋ᠨ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠭᠴᠢ᠂ ᠲᠧᠩ ᠰᠢᠶᠦ᠋ᠨ ᠰᠦᠯᠵᠢᠶᠡᠨ ᠳᠡᠭᠡᠷᠡᠬᠢ ᠸᠢᠳᠢᠣ᠋ ᠶᠢᠨ ᠲᠡᠷᠢᠭᠦᠨ ᠭᠦᠢᠴᠡᠳᠭᠡᠭᠴᠢ ᠰᠦᠨ ᠵᠥᠩ ᠬᠤᠸᠠᠢ᠂ ᠺᠢᠨᠣ᠋ ᠲᠧᠯᠸᠢᠰ ᠤᠨ ᠺᠢᠨᠣ᠋ ᠦᠢᠯᠡᠳᠦᠭᠴᠢ᠂ 34 ᠳ᠋ᠦ᠋ᠭᠡᠷ ᠬᠤᠭᠤᠴᠠᠭᠠᠨ ᠤ ︽ᠹᠸᠢ ᠲᠢᠶᠠᠨ ᠱᠠᠩᠨᠠᠯ︾ ᠤᠨ ᠰᠢᠯᠢᠳᠡᠭ ᠤᠳᠤᠷᠢᠳᠤᠭᠴᠢ ᠯᠢ ᠯᠦ᠂ ᠠᠯᠳᠠᠷᠲᠤ ᠤᠳᠬ᠎ᠠ ᠤᠷᠠᠯᠢᠭ ᠤᠨ ᠰᠢᠭᠦᠮᠵᠢᠯᠡᠭᠴᠢ ᠵᠥᠩ ᠴᠧᠩ ᠰᠢᠶᠠᠩ ᠵᠡᠷᠭᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠷᠠᠳᠢᠣ᠋ ᠲᠧᠯᠸᠢᠰ ᠤᠨ ᠪᠠᠶᠢᠭᠤᠯᠤᠮᠵᠢ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ᠂ ᠺᠢᠨᠣ᠋ ᠲᠧᠯᠸᠢᠰ ᠦᠢᠯᠡᠳᠬᠦ ᠪᠠᠶᠢᠭᠤᠯᠤᠮᠵᠢ ᠶᠢᠨ ᠲᠥᠯᠥᠭᠡᠯᠡᠭᠴᠢ ᠵᠢᠴᠢ ᠤᠳᠬ᠎ᠠ ᠤᠷᠠᠯᠢᠭ ᠤᠨ ᠵᠣᠬᠢᠶᠠᠨ ᠪᠦᠲᠦᠭᠡᠭᠴᠢ᠂ ᠤᠳᠬ᠎ᠠ ᠤᠷᠠᠯᠢᠭ ᠤᠨ ᠰᠢᠭᠦᠮᠵᠢᠯᠡᠭᠴᠢ ᠭᠤᠤᠯ ᠰᠡᠳᠦᠪᠲᠦ ᠶᠠᠷᠢᠶ᠎ᠠ ᠲᠠᠯᠪᠢᠪᠠ᠃  ᠶᠡᠭᠡ ᠬᠤᠷᠠᠯ ᠠᠴᠠ ︽ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠬᠠᠮ ᠵᠠᠭᠤᠴᠢᠯᠠᠭᠤᠷ ᠤᠨ ᠬᠥᠭᠵᠢᠯᠲᠡ ᠶᠢᠨ ᠮᠡᠳᠡᠭᠦᠯᠦᠯᠲᠡ︾᠂ ︽2023 — 2024 ᠷᠠᠳᠢᠣ᠋ ᠲᠧᠯᠸᠢᠰ ᠤᠨ ᠲᠣᠮᠣ ᠳᠡᠯᠭᠡᠴᠡ ᠶᠢᠨ ᠬᠦᠯᠢᠶᠡᠨ ᠠᠪᠬᠤ ᠳ᠋ᠠᠶᠢᠲ᠋ᠠ ᠶᠢᠨ ᠮᠡᠳᠡᠭᠦᠯᠦᠯᠲᠡ︾ ᠶᠢ ᠨᠡᠶᠢᠲᠡᠯᠡᠵᠦ᠂ ᠪᠥᠬᠦ ᠤᠯᠤᠰ ᠤᠨ ᠷᠠᠳᠢᠣ᠋ ᠲᠧᠯᠸᠢᠰ ᠤᠨ ᠠᠵᠢᠯ ᠳᠤ ᠭᠠᠷᠤᠭᠰᠠᠨ ᠢᠯᠡᠳᠲᠡ ᠬᠤᠪᠢᠷᠠᠯᠲᠠ ᠶᠢ ᠡᠮᠬᠢᠯᠡᠪᠡ᠃ ᠣᠢᠢᠷ᠎ᠠ ᠶᠢᠨ ᠵᠢᠯ ᠤᠳ ᠲᠤ᠂ ᠳᠣᠮᠲᠠᠲᠤ ᠤᠯᠤᠰ ᠤᠨ ᠰᠦᠯᠵᠢᠶᠠᠨ ᠲᠠᠭᠡᠷᠠᠭᠢ ᠰᠣᠲᠣᠯᠣᠠ ᠰᠣᠨᠣᠰᠬᠤ ᠠᠭᠤᠯᠭ᠎ᠠ ᠲᠠᠰᠣᠷᠠᠯᠲᠠ ᠣᠢᠭᠡᠢ ᠭᠠᠷᠴᠤ᠂ ᠤᠯᠤᠰ ᠤᠨ ᠳᠣᠲᠣᠭᠠᠲᠤ ᠶᠢᠨ ᠣᠢᠵᠠᠰᠭᠦᠯᠠᠩ ᠤᠨ ᠰᠣᠶᠣᠯ ᠤᠨ ᠠᠮᠢᠲᠣᠷᠠᠯ ᠢ ᠪᠠᠶᠠᠯᠢᠬᠵᠢᠭᠤᠯᠣᠬᠰᠠᠨ ᠪᠥᠭᠡᠳ ᠭᠠᠲᠠᠭᠠᠲᠤ ᠶᠢᠨ ᠣᠢᠵᠠᠰᠭᠦᠯᠠᠩ ᠤᠨ ᠬᠦᠷᠢᠶᠡᠯᠡᠯ ᠢ ᠣᠯᠵᠤ᠂ ᠰᠣᠶᠣᠯ ᠤᠨ ᠭᠠᠲᠠᠬᠰᠢ ᠭᠠᠷᠬᠤ ᠴᠢᠬᠤᠯᠠ ᠠᠭᠤᠯᠭ᠎ᠠ ᠪᠤᠯᠵᠠᠢ᠃ ᠭᠤᠣᠯ ᠶᠠᠷᠢᠶᠠᠨ ᠤ ᠲᠠᠪᠴᠠᠩ ᠤᠨ ᠡᠴᠦᠰ ᠤᠨ ᠭᠤᠭᠴᠤᠭ᠎ᠠ ᠳᠤ 2023 ᠣᠨ ᠤ ︽ᠳᠤᠮᠳᠠᠳᠤ ᠤᠯᠤᠰ ᠤᠨ ᠦᠵᠡᠵᠦ ᠰᠣᠨᠣᠰᠬᠤ  ᠪᠦᠬᠦ ᠳᠡᠯᠡᠬᠡᠢ ᠶᠢᠨ ᠨᠡᠪᠲᠡᠷᠡᠭᠦᠯᠭᠡ︾ ᠰᠢᠯᠢᠳᠡᠭ ᠪᠦᠲᠦᠭᠡᠯ᠂ ᠰᠢᠯᠭᠠᠷᠠᠭᠤᠯᠤᠯᠲᠠ ᠳᠤ ᠣᠷᠣᠯᠴᠠᠭᠰᠠᠨ ᠪᠦᠲᠦᠭᠡᠯ ᠪᠠ ᠰᠢᠯᠢᠳᠡᠭ ᠳᠡᠯᠭᠡᠷᠡᠭᠦᠯᠬᠦ ᠪᠠᠶᠢᠭᠤᠯᠤᠮᠵᠢ ᠶᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠪᠡ᠃  ᠲᠣᠰ ᠬᠤᠭᠤᠴᠠᠭᠠᠨ ᠤ ᠶᠡᠭᠡ ᠬᠤᠷᠠᠯ 10 ᠳ᠋ᠤᠭᠠᠷ ᠰᠠᠷ᠎ᠠ ᠶᠢᠨ 11 ᠤ ᠡᠳᠦᠷ ᠠᠴᠠ 13 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠵᠤ᠂ ᠵᠣᠬᠢᠶᠠᠨ ᠪᠦᠲᠦᠭᠡᠯᠭᠡ ᠶᠢ ᠬᠥᠲᠥᠯᠥᠨ ᠳᠠᠭᠠᠭᠤᠯᠬᠤ᠂ ᠣᠨᠣᠯ ᠢ ᠰᠤᠳᠤᠯᠤᠨ ᠶᠠᠷᠢᠯᠴᠠᠬᠤ᠂ ᠰᠢᠯᠢᠳᠡᠭ ᠢ ᠪᠠᠲᠤᠯᠠᠨ ᠨᠡᠶᠢᠲᠡᠯᠡᠬᠦ᠂ ᠴᠢᠳᠠᠪᠤᠷᠢᠲᠠᠨ ᠢ ᠬᠥᠮᠦᠵᠢᠭᠦᠯᠬᠦ᠂ ᠠᠵᠤ ᠦᠢᠯᠡᠰ ᠢ ᠬᠤᠯᠪᠣᠭᠠᠯᠠᠨ ᠬᠦᠳᠡᠯᠦᠯᠴᠡᠭᠦᠯᠬᠦ᠂ ᠵᠠᠬ᠎ᠠ ᠳᠡᠯᠭᠡᠭᠦᠷ ᠤᠨ ᠦᠢᠯᠡᠴᠢᠯᠡᠭᠡ ᠵᠡᠷᠭᠡ ᠣᠯᠠᠨ ᠴᠢᠳᠠᠮᠵᠢ ᠶᠢ ᠨᠢᠭᠡ ᠴᠤᠭᠴᠠᠵᠢᠭᠤᠯᠵᠤ᠂ ᠪᠦᠲᠦᠭᠡᠯᠴᠢ ᠪᠣᠳᠣᠯ ᠨᠢ ᠪᠠᠶᠠᠯᠢᠭ᠂ ᠬᠢᠯᠠᠰ ᠴᠡᠭ ᠨᠢ ᠵᠠᠯᠭᠠᠭ᠎ᠠ ᠪᠠᠷ ᠢᠯᠡᠷᠡᠪᠡ᠃ ᠠᠵᠢᠯᠯᠠᠭ᠎ᠠ ᠨᠢ ︽1 + 12 + 9︾ ᠷᠠᠳᠢᠣ᠋ ᠲᠧᠯᠸᠢᠰ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢᠨ ᠡᠯ᠎ᠡ ᠲᠠᠯ᠎ᠠ ᠶᠢ ᠬᠠᠮᠤᠷᠴᠤ᠂ ᠡᠬᠢᠯᠡᠯᠲᠡ ᠶᠢᠨ ᠶᠣᠰᠣᠯᠠᠯ ᠵᠢᠴᠢ ᠭᠤᠣᠯ ᠶᠠᠷᠢᠶᠠᠨ ᠤ ᠲᠠᠪᠴᠠᠩ ᠠᠴᠠ ᠭᠠᠳᠠᠨ᠎ᠠ ᠪᠠᠰᠠ 12 ᠲᠠᠯᠠᠪᠤᠷ ᠵᠡᠷᠭᠡᠴᠡᠭᠡ ᠶᠠᠷᠢᠶᠠᠨ ᠤ ᠲᠠᠪᠴᠠᠩ ᠪᠠ 9 ᠲᠠᠯᠠᠪᠤᠷ ᠢᠵᠢ ᠪᠦᠷᠢᠳᠦᠭᠦᠯᠬᠦ ᠠᠵᠢᠯᠯᠠᠭ᠎ᠠ ᠥᠷᠨᠢᠭᠦᠯᠵᠦ᠂ ᠪᠦᠬᠦ ᠤᠯᠤᠰ ᠤᠨ ᠷᠠᠳᠢᠣ᠋ ᠲᠧᠯᠸᠢᠰ ᠤᠨ ᠠᠵᠢᠯ ᠲᠥᠷᠥᠯ ᠤᠨ ᠣᠶᠢᠷ᠎ᠠ ᠶᠢᠨ ᠵᠢᠯ ᠤᠨ ᠰᠣᠳᠣᠨ ᠪᠦᠲᠦᠭᠡᠯ ᠤᠨ ᠨᠢᠭᠡ ᠤᠳᠠᠭᠠᠨ ᠤ ᠶᠡᠭᠡ ᠦᠵᠡᠭᠦᠯᠭᠡ᠂ ᠶᠡᠭᠡ ᠪᠠᠶᠢᠴᠠᠭᠠᠯᠲᠠ᠂ ᠶᠡᠭᠡ ᠰᠣᠯᠢᠯᠴᠠᠭ᠎ᠠ ᠪᠣᠯᠤᠨ᠎ᠠ᠃ ᠶᠡᠭᠡ ᠬᠤᠷᠠᠯ ᠠᠴᠠ ᠪᠦᠬᠦ ᠤᠯᠤᠰ ᠤᠨ ᠪᠠᠷᠤᠭ 1000 ᠭᠠᠷᠤᠢ ᠠᠵᠤ ᠦᠢᠯᠡᠰ ᠤᠨ ᠡᠲᠡᠭᠡᠳ ᠤᠨ ᠪᠠᠶᠢᠭᠤᠯᠤᠮᠵᠢ᠂ 5000 ᠭᠠᠷᠤᠢ ᠠᠵᠢᠯ ᠲᠦᠷᠦᠯ ᠤᠨ ᠲᠥᠯᠥᠭᠡᠯᠡᠭᠴᠢ ᠶᠢ ᠭᠦᠨᠵᠡᠭᠡᠢ ᠣᠷᠣᠯᠴᠠᠭᠤᠯᠵᠤ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠵᠦ᠂ ᠷᠠᠳᠢᠣ᠋ ᠲᠧᠯᠸᠢᠰ ᠤᠨ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map