ᠵᠣᠴᠢᠳ ᠤᠨ ᠪᠠᠭᠤᠳᠠᠯ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠪᠠ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠰᠠᠨᠠᠯ ᠰᠠᠨᠠᠭᠤᠯᠭ᠎ᠠ ᠶᠢ ᠴᠤᠭᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/10/14
  ᠪᠥᠬᠦ ᠣᠷᠣᠨ ᠤ ᠵᠣᠴᠢᠳ ᠤᠨ ᠪᠠᠭᠤᠳᠠᠯ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠲᠧᠯᠸᠢᠰ ᠤᠨ ᠪᠣᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠪᠠᠭᠤᠳᠠᠯ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠲᠧᠯᠸᠢᠰ ᠤᠨ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠨᠡᠶᠢᠭᠡᠮ ᠨᠡᠶᠢᠲᠡ ᠪᠠᠷ ᠢᠶᠠᠨ ᠰᠦᠯᠵᠢᠶᠡᠨ ᠥᠷᠲᠡᠭᠡ᠂ ᠢᠷᠡᠭᠦᠯᠦᠭᠰᠡᠨ ᠵᠠᠬᠢᠳᠠᠯ᠂ ᠤᠲᠠᠰᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠰᠠᠨᠠᠯ ᠰᠠᠨᠠᠭᠤᠯᠭ᠎ᠠ ᠳᠤᠷᠠᠳᠴᠤ ᠪᠣᠯᠤᠨ᠎ᠠ᠃  ᠨᠢᠭᠡ᠂ ᠴᠤᠭᠯᠠᠭᠤᠯᠬᠤ ᠰᠦᠯᠵᠢᠶᠡᠨ ᠥᠷᠲᠡᠭᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶᠠᠨ ᠤ ᠠᠯᠪᠠᠨ ᠰᠦᠯᠵᠢᠶ᠎ᠡ ᠶᠢᠨ ︽ᠬᠠᠷᠢᠯᠴᠠᠨ ᠰᠣᠯᠢᠯᠴᠠᠬᠤ︾ ᠬᠡᠰᠡᠭ ᠤᠨ ︽ᠪᠥᠬᠦ ᠣᠷᠣᠨ ᠤ ᠵᠣᠴᠢᠳ ᠤᠨ ᠪᠠᠭᠤᠳᠠᠯ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠲᠧᠯᠸᠢᠰ ᠤᠨ ᠪᠣᠳᠤᠯᠢᠶᠠᠨᠲᠤ ᠠᠵᠢᠯᠯᠠᠭᠠᠨ ᠢ ᠵᠠᠰᠠᠬᠤ ᠰᠠᠨᠠᠯ᠂ ᠰᠠᠨᠠᠭᠤᠯᠭ᠎ᠠ ᠶᠢ ᠴᠤᠭᠯᠠᠭᠤᠯᠬᠤ︾ ᠪᠤᠯᠤᠩ᠃  ᠬᠤᠶᠠᠷ᠂ ᠰᠢᠤᠳᠠᠨ ᠢᠶᠠᠷ ᠢᠯᠡᠭᠡᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠨᠣᠮᠧᠷᠲᠤ᠂ ᠰᠢᠤᠳᠠᠨ ᠳ᠋ᠤᠭᠠᠷ᠄ 010050᠂ ᠬᠦᠯᠢᠶᠡᠨ ᠠᠪᠤᠭᠴᠢ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ᠃  ᠭᠤᠷᠪᠠ᠂ ᠬᠢᠨᠠᠯᠲᠠ ᠲᠠᠯᠪᠢᠬᠤ ᠤᠲᠠᠰᠤ᠄ 0471- 4590234  ᠤᠲᠠᠰᠤ ᠢᠷᠡᠭᠦᠯᠵᠦ ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 - 12᠄ 0014᠄ 30 - 17᠄ 30 ᠪᠣᠯᠲᠠᠯ᠎ᠠ  ᠳᠥᠷᠪᠡ᠂ ᠢᠮᠧᠯ ᠤᠨ ᠬᠠᠶ᠋ᠢᠭ᠄ nmggdkjc@163.com ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 10 ᠳ᠋ᠤᠭᠠᠷ ᠰᠠᠷ᠎ᠠ ᠶᠢᠨ 14 ᠤ ᠡᠳᠦᠷ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map