| | | | ᠰᠢ ᠶᠢᠨ ᠫᠢᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠪᠠᠪᠣᠣᠱᠠᠨ ᠳᠠᠬᠢ ᠬᠤᠪᠢᠰᠬᠠᠯᠴᠢᠳ ᠤᠨ | ᠨᠡᠶᠢᠲᠡ ᠶᠢᠨ ᠪᠤᠩᠬᠤᠨ ᠳᠤ ᠬᠦᠷᠴᠦ ᠠᠶᠠᠷᠯᠠᠨ ᠮᠣᠷᠳᠠᠭᠤᠯᠵᠠᠢ ᠬᠤ᠋ ᠶᠢᠨ ᠲᠣᠣ ᠴᠠᠭᠠᠷᠢᠭᠲᠤ ᠴᠡᠴᠡᠭ ᠬᠦᠷᠭᠡᠵᠦ ᠭᠠᠰᠢᠭᠤᠳᠠᠯ ᠢᠶᠠᠨ ᠢᠯᠡᠳᠬᠡᠪᠡ | ᠡᠦ ᠪᠠᠩ ᠭᠦᠸᠧ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ ᠰᠢ ᠶᠢᠨ ᠫᠢᠩ ᠯᠢ ᠴᠢᠶᠠᠩ ᠵᠤᠤ ᠯᠧ ᠵᠢᠢ | ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤ᠋ ᠶᠢᠨ ᠲᠣᠣ ᠵᠡᠷᠭᠡ ᠨᠥᠬᠦᠳ ᠡᠮᠨᠡᠯᠭᠡ ᠶᠢᠨ ᠬᠤᠷᠢᠶᠠᠨ ᠳᠤ ᠡᠷᠭᠢᠨ ᠦᠵᠡᠭᠰᠡᠨ ᠪᠤᠶᠤ | ᠣᠯᠠᠨ ᠬᠡᠯᠪᠡᠷᠢ ᠪᠠᠷ ᠡᠦ ᠪᠠᠩ ᠭᠦᠸᠧ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠥᠷᠥᠯ ᠰᠠᠳᠤᠨ ᠢ ᠨᠢ | ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 14 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠨᠠᠮ ᠤᠨ | ᠭᠡᠰᠢᠭᠦᠨ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠰᠢᠳᠤᠷᠭᠤ ᠪᠠᠶᠢᠯᠳᠤᠭᠴᠢ᠂ ᠦᠭᠡᠶᠢᠭᠦᠦ ᠠᠩᠭᠢ ᠶᠢᠨ ᠭᠠᠷᠮᠠᠭᠠᠢ | ᠬᠤᠪᠢᠰᠬᠠᠯᠴᠢ᠂ ᠤᠯᠤᠰ ᠲᠥᠷᠥᠴᠢᠨ᠂ ᠨᠠᠮ ᠪᠣᠯᠣᠨ ᠤᠯᠤᠰ ᠤᠨ ᠭᠠᠷᠮᠠᠭᠠᠢ ᠤᠳᠤᠷᠢᠳᠬᠤ ᠬᠥᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ | ᠱᠦᠵᠢ᠂ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠠᠷᠪᠠᠨ ᠵᠢᠷᠭᠤᠳᠤᠭᠠᠷ ᠬᠤᠭᠤᠴᠠᠭ᠎ᠠ᠂ | ᠠᠷᠪᠠᠨ ᠳᠣᠯᠣᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠤᠤᠯ ᠤᠨ ᠳᠡᠳ᠋ ᠶᠡᠷᠦᠩᠬᠡᠢ ᠰᠠᠶᠢᠳ᠂ ᠠᠷᠪᠠᠳᠤᠭᠠᠷ ᠬᠤᠭᠤᠴᠠᠭ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠡᠦ ᠪᠠᠩ ᠭᠦᠸᠧ ᠨᠥᠬᠦᠷ ᠤᠨ ᠴᠢᠨᠳᠠᠷ ᠢ 14 ᠤ ᠡᠳᠦᠷ ᠪᠡᠭᠡᠵᠢᠩ ᠤᠨ ᠪᠠᠪᠣᠣᠱᠠᠨ ᠳᠠᠬᠢ | ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠳᠡᠭᠳᠡᠭᠡᠪᠡ᠃ | ᠡᠦ ᠪᠠᠩ ᠭᠦᠸᠧ ᠨᠥᠬᠦᠷ ᠡᠪᠡᠳᠴᠢᠨ ᠢᠶᠠᠷ 2024 ᠣᠨ ᠤ 10 ᠰᠠᠷ᠎ᠠ ᠶᠢᠨ 8 ᠤ ᠡᠳᠦᠷ ᠤᠨ 4 ᠴᠠᠭ 36 ᠮᠢᠨᠦ᠋ᠲ ᠲᠤ ᠪᠡᠭᠡᠵᠢᠩ ᠳᠤ ᠨᠠᠰᠤ ᠪᠠᠷᠠᠪᠠ᠂ | ᠨᠠᠰᠤᠨ ᠰᠡᠭᠦᠳᠡᠷ 84 ᠲᠠᠢ᠃ | | | | | | ᠡᠦ ᠪᠠᠩ ᠭᠦᠸᠧ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ ᠰᠢ ᠶᠢᠨ ᠫᠢᠩ᠂ ᠯᠢ ᠴᠢᠶᠠᠩ᠂ ᠵᠤᠤ ᠯᠧ ᠵᠢᠢ | ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ᠂ ᠬᠤ᠋ ᠶᠢᠨ ᠲᠣᠣ ᠵᠡᠷᠭᠡ ᠨᠥᠬᠦᠳ ᠡᠮᠨᠡᠯᠭᠡ ᠶᠢᠨ ᠬᠤᠷᠢᠶᠠᠨ ᠳᠤ ᠡᠷᠭᠢᠨ ᠦᠵᠡᠭᠰᠡᠨ | ᠪᠤᠶᠤ ᠣᠯᠠᠨ ᠬᠡᠯᠪᠡᠷᠢ ᠪᠠᠷ ᠡᠦ ᠪᠠᠩ ᠭᠦᠸᠧ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠥᠷᠥᠯ ᠰᠠᠳᠤᠨ ᠢ | ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ | 14 ᠤ ᠦᠳᠡ ᠶᠢᠨ ᠡᠮᠦᠨ᠎ᠡ᠂ ᠪᠠᠪᠣᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠤ ᠶᠣᠰᠣᠯᠠᠯ ᠤᠨ ᠲᠠᠩᠬᠢᠮ ᠳᠤ ᠲᠥᠪ ᠴᠢᠬᠢᠮᠡᠢ ᠪᠠᠶᠢᠵᠤ᠂ | ᠭᠠᠰᠢᠭᠤᠳᠠᠯ ᠤᠨ ᠠᠶᠠᠰ ᠤᠶᠠᠷᠠᠭᠤᠨ ᠨᠠᠮᠬᠠᠨ ᠰᠣᠨᠣᠰᠳᠠᠨ᠎ᠠ᠃ ᠭᠤᠣᠯ ᠲᠢᠩᠬᠢᠮ ᠤᠨ ᠳᠡᠭᠡᠷ᠎ᠡ ᠲᠠᠯ᠎ᠠ ᠳᠤ ︽ᠡᠦ ᠪᠠᠩ ᠭᠦᠸᠧ ᠨᠥᠬᠦᠷ ᠢ ᠡᠮᠭᠡᠨᠢᠨ ᠭᠠᠰᠢᠭᠤᠳᠠᠶ᠎ᠠ︾ ᠭᠡᠬᠦ | ᠬᠠᠷ᠎ᠠ ᠳᠡᠪᠢᠰᠬᠡᠷ ᠲᠠᠢ ᠴᠠᠭᠠᠨ ᠦᠰᠦᠭ ᠤᠨ ᠬᠥᠨᠳᠡᠯᠡᠨ ᠪᠢᠴᠢᠭᠡᠰᠦ ᠶᠢ ᠡᠯᠭᠦᠵᠦ᠂ ᠬᠥᠨᠳᠡᠯᠡᠨ ᠪᠢᠴᠢᠭᠡᠰᠦ ᠶᠢᠨ ᠳᠣᠣᠷ᠎ᠠ ᠲᠠᠯ᠎ᠠ ᠳᠤ ᠡᠦ ᠪᠠᠩ ᠭᠦᠸᠧ ᠨᠥᠬᠦᠷ ᠤᠨ | ᠬᠥᠷᠥᠭ ᠢ ᠡᠯᠭᠦᠵᠡᠢ᠃ ᠡᠦ ᠪᠠᠩ ᠭᠦᠸᠧ ᠨᠥᠬᠦᠷ ᠤᠨ ᠴᠢᠨᠳᠠᠷ ᠢ ᠰᠣᠷᠭᠤᠭ ᠴᠡᠴᠡᠭ ᠨᠠᠷᠠᠰᠤ ᠮᠠᠶᠢᠯᠠᠰᠤ ᠪᠠᠷ ᠬᠦᠷᠢᠶᠡᠯᠡᠵᠦ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠤᠭ ᠢ ᠬᠤᠴᠢᠵᠠᠢ᠃ | ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ ᠰᠢ ᠶᠢᠨ ᠫᠢᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ | ᠂ ᠬᠠᠨ ᠵᠧᠩ ᠨᠠᠷ ᠭᠠᠰᠢᠭᠤᠳᠠᠯ ᠤᠨ ᠠᠶᠠᠰ ᠤᠨ ᠳᠤᠮᠳᠠ ᠡᠦ ᠪᠠᠩ ᠭᠦᠸᠧ ᠨᠥᠬᠦᠷ ᠤᠨ ᠴᠢᠨᠳᠠᠷ ᠤᠨ ᠡᠮᠦᠨ᠎ᠡ ᠠᠯᠭᠤᠷᠬᠠᠨ ᠬᠦᠷᠴᠦ ᠨᠠᠮᠠᠨᠴᠢᠯᠠᠨ ᠭᠠᠰᠢᠭᠤᠳᠠᠵᠤ᠂ ᠡᠦ | ᠪᠠᠩ ᠭᠦᠸᠧ ᠨᠥᠬᠦᠷ ᠤᠨ ᠲᠥᠷᠥᠯ ᠰᠠᠳᠤᠨ ᠲᠠᠢ ᠨᠢᠭᠡᠳ ᠨᠢᠭᠡ ᠪᠠᠷ ᠭᠠᠷ ᠠᠳᠬᠤᠵᠤ᠂ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠬᠤ᠋ ᠶᠢᠨ ᠲᠣᠣ ᠴᠠᠭᠠᠷᠢᠭᠲᠤ | ᠴᠡᠴᠡᠭ ᠬᠦᠷᠭᠡᠵᠦ᠂ ᠡᠦ ᠪᠠᠩ ᠭᠦᠸᠧ ᠨᠥᠬᠦᠷ ᠤᠨ ᠨᠠᠰᠤ ᠪᠠᠷᠠᠭᠰᠠᠨ ᠳᠤ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠪᠡ᠃ | ᠨᠠᠮ ᠪᠣᠯᠣᠨ ᠲᠥᠷᠥ ᠶᠢᠨ ᠬᠠᠮᠢᠶ᠎ᠠ ᠪᠦᠬᠦᠢ ᠤᠳᠤᠷᠢᠳᠬᠤ ᠨᠥᠬᠦᠳ ᠬᠦᠷᠴᠦ ᠠᠶᠠᠷᠯᠠᠨ ᠮᠣᠷᠳᠠᠭᠤᠯᠤᠭᠰᠠᠨ ᠪᠤᠶᠤ ᠣᠯᠠᠨ ᠬᠡᠯᠪᠡᠷᠢ ᠪᠠᠷ ᠡᠮᠭᠡᠨᠢᠨ ᠭᠠᠰᠢᠭᠤᠳᠠᠵᠤ | ᠪᠠᠶᠢᠬᠤ ᠪᠠᠨ ᠢᠯᠡᠳᠬᠡᠪᠡ᠃ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠦ ᠪᠠᠩ ᠭᠦᠸᠧ ᠨᠥᠬᠦᠷ ᠤᠨ | ᠠᠮᠢᠳᠤ ᠰᠡᠷᠡᠭᠦᠨ ᠪᠠᠶᠢᠬᠤ ᠦᠶ᠎ᠡ ᠶᠢᠨ ᠨᠠᠶᠢᠵᠠ ᠪᠣᠯᠣᠨ ᠨᠤᠲᠤᠭ ᠤᠨ ᠬᠢᠨᠢ ᠲᠥᠯᠥᠭᠡᠯᠡᠭᠴᠢᠳ ᠴᠦ ᠬᠦᠷᠦᠯᠴᠡᠨ ᠢᠷᠡᠵᠦ ᠠᠶᠠᠷᠯᠠᠨ ᠮᠣᠷᠳᠠᠭᠤᠯᠵᠠᠢ᠃ | | |