ᠳᠡᠭᠡᠳᠦ ᠰᠢᠨ᠎ᠡ ᠮᠡᠷᠭᠡᠵᠢᠯ ᠤᠨ ᠦᠵᠦᠭᠦᠷ ᠠᠴᠠ ᠦᠵᠦᠭᠦᠷ ᠬᠦᠷᠲᠡᠯᠡᠬᠢ ᠪᠦᠬᠦ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠨᠡᠪᠲᠡᠷᠡᠭᠦᠯᠦᠨ ᠬᠥᠭᠵᠢᠭᠦᠯᠬᠦ ᠶᠢ ᠠᠬᠢᠭᠤᠯᠬᠤ — ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠬᠦ ᠶᠡᠭᠡ ᠬᠤᠷᠠᠯ ᠤᠨ ᠬᠡᠳᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/15
  2024 ᠣᠨ ᠤ 10 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠢᠯᠣᠭᠤᠳᠴᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠷᠭᠠᠨ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠬᠦ ᠶᠡᠭᠡ ᠬᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠪᠡᠭᠡᠵᠢᠩ ᠳᠤ ᠶᠠᠪᠤᠭᠳᠠᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠵᠠᠩ ᠵᠢᠶᠠ ᠮᠢᠩ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠨᠠᠶᠢᠷᠠᠭᠤᠯᠬᠤ ᠠᠵᠢᠯ ᠤᠨ ᠬᠤᠷᠠᠯ ᠤᠨ ᠭᠡᠰᠢᠭᠦᠨ ᠵᠢᠶᠠᠩ ᠸᠧᠨ ᠪᠥᠸᠧ ᠶᠠᠷᠢᠶᠠᠨ ᠤ ᠲᠠᠪᠴᠠᠩ ᠳᠤ ᠣᠷᠣᠯᠴᠠᠵᠤ ᠪᠠᠶᠠᠷ ᠤᠨ ᠦᠭᠡ ᠬᠡᠯᠡᠪᠡ᠃  ᠶᠠᠷᠢᠶᠠᠨ ᠤ ᠲᠠᠪᠴᠠᠩ ᠨᠢ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠡᠲᠦ ᠥᠨᠳᠥᠷ ᠲᠤᠳᠤᠷᠠᠴᠠᠲᠤ ᠬᠥᠭᠵᠢᠯᠲᠡ ᠶᠢ ᠠᠬᠢᠭᠤᠯᠬᠤ ᠲᠤᠬᠠᠶ ᠶᠡᠷᠦᠩᠬᠡᠶ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠡᠲᠦ ᠥᠨᠳᠥᠷ ᠲᠤᠳᠤᠷᠠᠴᠠᠲᠤ ᠶᠢᠨ ᠦᠵᠦᠭᠦᠷ ᠬᠦᠷᠲᠡᠯᠡᠬᠢ ᠪᠥᠬᠦ ᠬᠡᠯᠬᠢᠶ᠎ᠡ ᠪᠠᠷ ᠰᠢᠯᠢᠳᠡᠭᠵᠢᠭᠦᠯᠦᠨ ᠲᠠᠰ ᠳᠡᠪᠰᠢᠭᠦᠯᠬᠦ᠂ ᠨᠡᠪᠲᠡᠷᠡᠭᠦᠯᠦᠨ ᠬᠥᠭᠵᠢᠭᠦᠯᠬᠦ ᠶᠢ ᠲᠦᠷᠭᠡᠳᠬᠡᠨ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠰᠤᠪᠠᠭ ᠪᠠ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠬᠡᠲᠦ ᠥᠨᠳᠥᠷ ᠲᠤᠳᠤᠷᠠᠴᠠᠲᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠴᠢᠨᠠᠷ ᠰᠠᠶᠢᠲᠠᠶ ᠠᠭᠤᠯᠭ᠎ᠠ ᠶᠢᠨ ᠬᠠᠩᠭᠠᠯᠭ᠎ᠠ ᠶᠢ ᠪᠠᠶᠠᠯᠢᠭᠵᠢᠭᠤᠯᠬᠤ᠂ ᠰᠦᠯᠵᠢᠶᠡᠨ ᠤ ᠳᠠᠭᠠᠭᠠᠴᠠ ᠶᠢ ᠳᠡᠭᠡᠭᠰᠢᠯᠡᠭᠦᠯᠬᠦ᠂ ᠠᠵᠤ ᠦᠢᠯᠡᠰ ᠤᠨ ᠣᠷᠳᠣ ᠬᠤᠭᠤᠴᠠᠭᠠᠨ ᠤ ᠪᠦᠲᠦᠮᠵᠢᠲᠡᠶ ᠲᠤᠯᠭᠠᠭᠤᠷᠢᠯᠠᠯ ᠢ ᠴᠢᠩᠭᠠᠳᠬᠠᠬᠤ ᠵᠡᠷᠭᠡ ᠶᠢᠨ ᠲᠣᠭᠤᠷᠢᠨ ᠳᠤ ᠳᠡᠭᠡᠳᠦ ᠲᠠᠰ ᠤᠨ ᠬᠡᠳᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠰᠣᠳᠣᠨ ᠵᠣᠬᠢᠶᠠᠨ ᠪᠦᠲᠦᠭᠡᠯᠭᠡ᠂ ᠮᠡᠷᠭᠡᠵᠢᠯ ᠤᠨ ᠬᠡᠷᠡᠭᠯᠡᠯᠲᠡ᠂ ᠠᠭᠤᠰᠤᠯᠴᠠᠨ ᠬᠥᠭᠵᠢᠬᠦ᠂ ᠰᠢᠨ᠎ᠡ ᠶᠢ ᠡᠭᠦᠳᠬᠦ ᠦᠢᠯᠡᠳᠦᠯᠭᠡ ᠵᠡᠷᠭᠡ ᠶᠢ ᠭᠦᠨᠵᠡᠭᠡᠶ ᠰᠤᠳᠤᠯᠤᠨ ᠶᠠᠷᠢᠯᠴᠠᠵᠤ᠂ ᠮᠠᠨ ᠤ ᠤᠯᠤᠰ ᠤᠨ ᠬᠡᠲᠦ ᠥᠨᠳᠥᠷ ᠲᠤᠳᠤᠷᠠᠴᠠᠲᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃  ᠵᠦ ᠶᠦᠩ ᠯᠸᠢ ᠪᠠᠶᠠᠷ ᠤᠨ ᠦᠭᠡᠨ ᠳᠤ ᠪᠠᠨ᠂ ᠲᠡᠷᠢᠭᠦᠨ ᠤ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠰᠢᠯᠢᠳᠡᠭ ᠠᠭᠤᠯᠭ᠎ᠠ ᠪᠠᠷ ᠦᠨᠳᠦᠰᠦ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠭᠤᠯᠭ᠎ᠠ ᠶᠢᠨ ᠵᠣᠬᠢᠶᠠᠨ ᠪᠦᠲᠦᠭᠡᠯᠭᠡ ᠶᠢ ᠨᠢᠭᠲᠠ ᠬᠠᠮᠵᠢᠯᠴᠠᠭᠤᠯᠬᠤ᠂ ᠬᠤᠣᠰ ᠴᠢᠭᠯᠡᠯ ᠢᠶᠠᠷ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ᠲᠧᠯᠸᠢᠰ ᠵᠦᠴᠦᠭᠡ ᠶᠢᠨ ᠬᠡᠲᠦ ᠥᠨᠳᠥᠷ ᠲᠤᠳᠤᠷᠠᠴᠠᠲᠤ ᠶᠢ ᠪᠡᠶᠡᠯᠡᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠡᠲᠦ ᠥᠨᠳᠥᠷ ᠲᠤᠳᠤᠷᠠᠴᠠᠲᠤ ᠶᠢᠨ ᠮᠡᠷᠭᠡᠵᠢᠯ᠂ ᠪᠠᠷᠢᠮᠵᠢᠶ᠎ᠠ᠂ ᠵᠦᠭᠯᠡᠭᠦᠷ ᠵᠡᠷᠭᠡ ᠪᠠᠷ ᠲᠤᠯᠭᠠᠭᠤᠷᠢᠯᠠᠯ ᠪᠣᠯᠭᠠᠵᠤ᠂ ᠲᠧᠯᠸᠢᠰ ᠵᠦᠴᠦᠭᠡ᠂ ᠰᠦᠯᠵᠢᠶᠡᠨ ᠵᠦᠴᠦᠭᠡ ᠶᠢᠨ ᠪᠥᠬᠦ ᠶᠠᠪᠤᠴᠠ ᠪᠠᠷ ᠬᠡᠲᠦ ᠥᠨᠳᠥᠷ ᠲᠤᠳᠤᠷᠠᠴᠠᠲᠤ ᠪᠠᠷ ᠰᠡᠭᠦᠳᠡᠷᠯᠡᠬᠦ᠂ ᠦᠢᠯᠡᠳᠬᠦ ᠶᠢ ᠪᠥᠬᠦ ᠲᠠᠯ᠎ᠠ ᠪᠠᠷ ᠠᠬᠢᠭᠤᠯᠵᠤ᠂ ᠪᠠᠷᠢᠮᠲᠠᠲᠤ ᠺᠢᠨᠣ᠋᠂ ᠶᠡᠷᠦᠩᠬᠡᠶᠢᠯᠡᠭᠰᠡᠨ ᠤᠷᠠᠯᠢᠭ᠂ ᠺᠠᠷᠲ᠋ᠣᠨ ᠺᠢᠨᠣ᠋ ᠵᠡᠷᠭᠡ ᠡᠯ᠎ᠡ ᠲᠥᠷᠥᠯ ᠤᠨ ᠫᠷᠤᠭ᠍ᠷᠠᠮ ᠢ ᠬᠡᠲᠦ ᠥᠨᠳᠥᠷ ᠲᠤᠳᠤᠷᠠᠴᠠᠲᠤ ᠪᠠᠷ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠳᠠᠶᠢᠴᠢᠯᠠᠨ᠂ ᠣᠨᠴᠠ ᠬᠡᠪ ᠨᠠᠮᠪᠠ ᠲᠠᠢ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ︽ᠨᠠᠩ ᠣᠯᠠᠨ ᠰᠣᠳᠣᠨ ᠪᠦᠲᠦᠭᠡᠯ᠂ ᠨᠠᠩ ᠥᠷᠭᠡᠨ ᠳᠠᠮᠵᠢᠭᠤᠯᠭ᠎ᠠ᠂ ᠨᠠᠩ ᠰᠠᠶᠢᠨ ᠪᠡᠶᠡᠴᠢ ᠣᠶᠢᠯᠠᠭᠠᠯᠲᠠ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ ᠭᠡᠪᠡ᠃  ᠵᠠᠩ ᠵᠢᠶᠠ ᠮᠢᠩ ᠪᠠᠶᠠᠷ ᠤᠨ ᠦᠭᠡᠨ ᠳᠤ ᠪᠠᠨ᠂ ᠪᠡᠭᠡᠵᠢᠩ ᠬᠤᠳᠠ ᠲᠤᠰ ᠤᠳᠠᠭᠠᠨ ᠤ ᠶᠠᠷᠢᠶᠠᠨ ᠤ ᠲᠠᠪᠴᠠᠩ ᠢᠶᠠᠷ ᠠᠵᠠ ᠲᠣᠬᠢᠶᠠᠯ ᠪᠣᠯᠭᠠᠵᠤ᠂ ᠬᠡᠳᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠦᠨ ᠬᠥᠭᠵᠢᠭᠦᠯᠬᠦ ᠶᠢ ᠠᠬᠢᠭᠤᠯᠵᠤ᠂ ᠳᠡᠯᠡᠬᠡᠢ ᠶᠢᠨ ᠲᠡᠷᠢᠭᠦᠨ ᠤ ᠲᠣᠭᠠᠵᠢᠭᠤᠯᠤᠭᠰᠠᠨ ᠦᠵᠡᠵᠦ ᠰᠣᠨᠣᠰᠬᠤ ᠦᠢᠯᠡᠳᠬᠦ ᠲᠥᠪ ᠢ ᠴᠢᠷᠮᠠᠶᠢᠨ ᠪᠠᠶᠢᠭᠤᠯᠤᠨ᠎ᠠ᠃ ᠪᠡᠭᠡᠵᠢᠩ ᠬᠤᠲᠠ ᠶᠢᠨ ᠬᠡᠳᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠬᠤᠰᠢᠭᠤᠴᠢ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠪᠡ︔ ᠪᠡᠭᠡᠵᠢᠩ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠶ ᠶᠢ ᠪᠣᠶ ᠪᠣᠯᠭᠠᠨ᠎ᠠ︔ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠠᠮᠵᠢᠯᠴᠠᠨ ᠥᠷᠨᠢᠭᠦᠯᠵᠦ᠂ ᠠᠵᠤ ᠦᠢᠯᠡᠰ ᠤᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ︔ ᠰᠢᠨ᠎ᠡ ᠦᠵᠡᠭᠳᠡᠯ᠂ ᠰᠢᠨ᠎ᠡ ᠡᠵᠡᠩᠨᠡᠯᠲᠡ ᠶᠢᠨ ᠬᠡᠯᠪᠡᠷᠢ ᠂ ᠰᠢᠨ᠎ᠡ ᠬᠡᠪ ᠵᠠᠭᠪᠤᠷ ᠢ ᠢᠳᠡᠪᠬᠢᠲᠡᠶ ᠪᠠᠷ ᠪᠣᠶᠢᠵᠢᠭᠤᠯᠬᠤ ᠪᠣᠯᠣᠨ᠎ᠠ ᠭᠡᠪᠡ᠃  ᠵᠢᠶᠠᠩ ᠸᠧᠨ ᠪᠥᠸᠧ ᠪᠠᠶᠠᠷ ᠤᠨ ᠦᠭᠡᠨ ᠳᠤ ᠪᠠᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠨᠢ ᠡᠯ᠎ᠡ ᠡᠲᠡᠭᠡᠳ ᠤᠨ ᠨᠠᠶᠢᠵᠠ ᠨᠠᠷ ᠲᠠᠢ ᠬᠠᠮᠲᠤ ᠪᠠᠷ ᠴᠢᠷᠮᠠᠶᠢᠵᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠶᠡᠷᠦᠩᠬᠡᠶ ᠬᠤᠷᠢᠶ᠎ᠠ ᠶᠢᠨ ᠬᠡᠲᠦ ᠥᠨᠳᠥᠷ ᠲᠤᠳᠤᠷᠠᠴᠠᠲᠤ ᠡᠭᠦᠯᠡᠨ ᠰᠦᠯᠵᠢᠶᠡᠨ ᠤ ᠳᠠᠮᠵᠢᠭᠤᠯᠭ᠎ᠠ ᠶᠢᠨ ᠪᠥᠬᠦ ᠬᠡᠯᠬᠢᠶᠡᠨ ᠤ ᠡᠯ᠎ᠡ ᠭᠤᠭᠴᠤᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠣᠮᠣ ᠵᠢᠵᠢᠭ ᠳᠡᠯᠭᠡᠴᠡ ᠶᠢᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠠᠭᠤᠰᠤᠯᠴᠠᠨ ᠳᠠᠮᠵᠢᠭᠤᠯᠬᠤ ᠦᠢᠯᠡᠳᠦᠯᠭᠡ ᠶᠢ ᠦᠷᠭᠦᠯᠵᠢᠯᠡᠨ ᠠᠬᠢᠭᠤᠯᠵᠤ᠂ ᠬᠡᠲᠦ ᠥᠨᠳᠥᠷ ᠲᠤᠳᠤᠷᠠᠴᠠᠲᠤ᠂ ᠵᠣᠬᠢᠶᠠᠮᠠᠯ ᠣᠶᠤᠨ ᠵᠡᠷᠭᠡ ᠵᠠᠭᠤᠴᠢᠯᠠᠭᠤᠷ ᠤᠨ ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠲᠣᠭᠤᠷᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠥᠷᠨᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ᠂ ᠰᠢᠨ᠎ᠡ ᠴᠢᠨᠠᠷ ᠤᠨ ᠳᠠᠮᠵᠢᠭᠤᠯᠭ᠎ᠠ ᠶᠢᠨ ᠬᠦᠴᠦᠨ᠂ ᠰᠢᠨ᠎ᠡ ᠴᠢᠨᠠᠷ ᠤᠨ ᠥᠷᠢᠰᠦᠯᠳᠦᠬᠦ ᠬᠦᠴᠦᠨ ᠢ ᠪᠤᠶᠢᠵᠢᠭᠤᠯᠵᠤ᠂ ᠬᠠᠮ ᠵᠠᠭᠤᠴᠢᠯᠠᠭᠤᠷ ᠤᠨ ᠬᠡᠲᠦ ᠥᠨᠳᠥᠷ ᠲᠤᠳᠤᠷᠠᠴᠠᠲᠤ ᠬᠥᠭᠵᠢᠯᠲᠡ ᠶᠢᠨ ᠨᠠᠩ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠡᠭᠦᠳᠦᠨ᠎ᠡ ᠭᠡᠪᠡ᠃  ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠳ᠋ᠢᠩ ᠸᠧᠨ ᠬᠤᠸᠠ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠧ ᠴᠢᠶᠦ᠋ᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ᠮᠡᠷᠭᠡᠵᠢᠯ ᠤᠨ ᠲᠣᠪᠴᠢᠶᠠᠨ ᠳᠠᠷᠤᠭ᠎ᠠ ᠰᠢᠦᠶ ᠶᠢᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠹᠦ᠋ ᠮᠢᠩ ᠳ᠋ᠦᠩ᠂ ᠱᠠᠩᠬᠠᠶ ᠬᠤᠲᠠ ᠶᠢᠨ ᠤᠳᠬ᠎ᠠ ᠤᠷᠠᠯᠢᠭ ᠤᠨ ᠡᠲᠡᠭᠡᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ᠂ ᠱᠠᠩᠬᠠᠶ ᠶᠢᠨ ᠲᠧᠯᠸᠢᠰ ᠤᠷᠠᠯᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠲᠧᠩ ᠵᠢᠶᠦ᠋ᠨ ᠵᠢᠶᠧ᠂ ᠠ ᠯᠢ ᠳ᠋ᠠ ᠸᠧᠨ ᠢᠦᠢ ᠪᠦᠯᠦᠭᠯᠡᠯ ᠤᠨ CTO ᠵᠧᠩ ᠶᠦᠩ᠂ ᠳᠡᠯᠡᠬᠡᠶ ᠶᠢᠨ ᠬᠡᠲᠦ ᠥᠨᠳᠥᠷ ᠲᠤᠳᠤᠷᠠᠴᠠᠲᠤ ᠸᠢᠳᠢᠣ᠋ ᠶᠢᠨ ᠠᠵᠤ ᠦᠢᠯᠡᠰ ᠤᠨ ᠬᠤᠯᠪᠣᠭᠠᠨ ᠤ ᠨᠠᠷᠢᠨ ᠪᠢᠴᠢᠭ ᠤᠨ ᠳᠠᠷᠤᠭ᠎ᠠ ᠵᠠᠩ ᠸᠧᠨ ᠭᠠᠩ ᠤᠷᠢᠳ ᠬᠤᠵᠢᠳ ᠶᠠᠷᠢᠶ᠎ᠠ ᠲᠠᠯᠪᠢᠵᠤ ᠂ ᠳᠡᠭᠡᠳᠦ ᠲᠠᠰ ᠤᠨ ᠪᠥᠬᠦ ᠬᠡᠯᠬᠢᠶ᠎ᠡ ᠳᠤ ᠬᠦᠷᠴᠦ ᠰᠢᠯᠢᠳᠡᠭᠵᠢᠭᠦᠯᠦᠨ ᠲᠠᠰ ᠳᠡᠪᠰᠢᠭᠦᠯᠬᠦ᠂ ᠬᠡᠳᠦ ᠥᠨᠳᠥᠷ ᠲᠤᠳᠤᠷᠠᠴᠠᠲᠤ ᠮᠡᠷᠭᠡᠵᠢᠯ ᠢᠶᠠᠷ ᠬᠦᠴᠦᠨ ᠨᠡᠮᠡᠷᠢᠯᠡᠬᠦ ᠰᠣᠳᠣᠨ ᠵᠣᠬᠢᠶᠠᠨ ᠪᠦᠲᠦᠭᠡᠯᠭᠡ ᠶᠢ ᠠᠬᠢᠭᠤᠯᠬᠤ ᠵᠡᠷᠭᠡ ᠰᠡᠳᠦᠪ ᠤᠨ ᠲᠣᠭᠤᠷᠢᠨ ᠳᠤ᠂ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠭᠡ ᠪᠠ ᠠᠭᠤᠰᠤᠯᠴᠠᠨ ᠬᠥᠭᠵᠢᠬᠦ ᠶᠢ ᠭᠦᠨᠵᠡᠭᠡᠢ ᠰᠤᠳᠤᠯᠤᠨ ᠶᠠᠷᠢᠯᠴᠠᠵᠤ᠂ ᠬᠡᠳᠦ ᠥᠨᠳᠥᠷ ᠲᠤᠳᠤᠷᠠᠴᠠᠲᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠢᠯᠡᠳᠦᠯᠭᠡ ᠶᠢᠨ ᠲᠤᠷᠰᠢᠯᠭ᠎ᠠ ᠪᠠᠨ ᠬᠤᠪᠢᠶᠠᠯᠴᠠᠪᠠ᠃  ᠶᠠᠷᠢᠶᠠᠨ ᠤ ᠲᠠᠪᠴᠠᠩ ᠳᠤ ᠬᠤᠶᠠᠷ ᠲᠠᠯᠠᠪᠤᠷ ᠳᠤᠭᠤᠢ ᠰᠢᠷᠡᠭᠡᠨ ᠤ ᠶᠠᠷᠢᠯᠴᠠᠭ᠎ᠠ ᠲᠣᠬᠢᠷᠠᠭᠤᠯᠵᠤ᠂ ᠲᠣᠰ ᠲᠣᠰ ︽ᠬᠡᠲᠦ ᠥᠨᠳᠥᠷ ᠲᠤᠳᠤᠷᠠᠴᠠᠲᠤ ᠰᠤᠪᠠᠭ ᠤᠨ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ︾᠂ ︽ᠬᠡᠲᠦ ᠥᠨᠳᠥᠷ ᠲᠤᠳᠤᠷᠠᠴᠠᠲᠤ ᠠᠭᠤᠯᠭ᠎ᠠ ᠶᠢᠨ ᠵᠣᠬᠢᠶᠠᠨ ᠪᠦᠲᠦᠭᠡᠯᠭᠡ ᠪᠠ ᠮᠡᠷᠭᠡᠵᠢᠯ ᠢᠶᠠᠷ ᠬᠦᠴᠦᠨ ᠨᠡᠮᠡᠷᠢᠯᠡᠬᠦ︾ ᠲᠣᠭᠤᠷᠢᠨ ᠳᠤ ᠭᠦᠨᠵᠡᠭᠡᠶ ᠶᠠᠷᠢᠯᠴᠠᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠷᠠᠳᠢᠣ᠋ ᠲᠧᠯᠸᠢᠰ ᠤᠨ ᠲᠥᠯᠥᠪᠵᠢᠭᠦᠯᠭᠡ ᠶᠢᠨ ᠬᠦᠷᠢᠶᠡᠯᠡᠩ ᠤᠨ ᠳᠠᠷᠤᠭ᠎ᠠ ᠨᠢᠩ ᠶᠢᠨ ᠾᠦᠢ᠂ ᠪᠡᠭᠡᠵᠢᠩ ᠤᠨ ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠷᠢᠶᠠᠨ ᠳᠠᠷᠤᠭ᠎ᠠ ᠪᠢ ᠵᠢᠶᠠᠩ᠂ ᠱᠠᠩᠬᠠᠶ ᠶᠢᠨ ᠷᠠᠳᠢᠣ᠋ ᠲᠧᠯᠸᠢᠰ ᠬᠤᠷᠢᠶ᠎ᠠ ᠶᠢᠨ ᠮᠡᠷᠭᠡᠵᠢᠯ ᠤᠨ ᠲᠥᠪ ᠤᠨ ᠡᠷᠬᠢᠯᠡᠭᠴᠢ᠂ ᠱᠠᠩᠬᠠᠶ ᠶᠢᠨ ᠳ᠋ᠦᠩ ᠹᠠᠩ ᠵᠠᠭᠤᠴᠢᠯᠠᠭᠤᠷ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠦᠢᠴᠡᠳᠭᠡᠬᠦ ᠬᠡᠷᠡᠭ ᠮᠡᠳᠡᠭᠴᠢ᠂ ᠶᠡᠷᠦᠩᠬᠡᠶ ᠳᠠᠭᠠᠭᠠᠮᠠᠯ ᠯᠢᠨ ᠶᠦᠨ ᠴᠤᠸᠠᠨ᠂ ᠭᠤᠸᠠᠩᠳᠦ᠋ᠩ ᠤᠨ ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠳᠠᠷᠤᠭ᠎ᠠ ᠪᠥᠭᠡᠳ ᠣᠳᠣᠨ ᠲᠧᠯᠸᠢᠰ ᠤᠨ ᠶᠡᠷᠦᠩᠬᠡᠶ ᠬᠢᠨᠠᠭᠴᠢ ᠬᠤᠸᠠᠩ ᠲᠢᠶᠠᠨ ᠸᠧᠨ᠂ ᠬᠤᠨᠠᠨ ᠤ ᠷᠠᠳᠢᠣ᠋ ᠺᠢᠨᠣ᠋ ᠲᠧᠯᠸᠢᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠬᠤᠨᠠᠨ ᠤ ᠷᠠᠳᠢᠣ᠋ ᠲᠧᠯᠸᠢᠰ ᠬᠤᠷᠢᠶ᠎ᠠ︶ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ᠂ ᠳᠡᠳ᠋ ᠬᠤᠷᠢᠶᠠᠨ ᠳᠠᠷᠤᠭ᠎ᠠ ᠵᠦ ᠬᠤᠤ ᠹᠧᠩ᠂ ᠰᠧᠴᠤᠸᠠᠨ ᠤ ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠶ ᠨᠠᠶᠢᠷᠠᠭᠤᠯᠤᠭᠴᠢ ᠵᠦ ᠭᠤᠸᠠᠩ ᠬᠤᠤ ᠨᠠᠷ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠨᠠᠷ ᠰᠠᠶᠢᠲᠠᠶ ᠥᠷᠨᠢᠭᠦᠯᠬᠦ ᠂ ᠠᠭᠤᠯᠭ᠎ᠠ ᠶᠢᠨ ᠨᠡᠪᠲᠡᠷᠡᠭᠦᠯᠭᠡ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠪᠠᠷ ᠬᠤᠪᠢᠶᠠᠯᠴᠠᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠳᠤᠮᠳᠠᠳᠤ ᠤᠯᠤᠰ ᠤᠨ ᠷᠠᠳᠢᠣ᠋ ᠲᠧᠯᠸᠢᠰ ᠷᠠᠳᠢᠣ᠋ ᠺᠢᠨᠣ᠋ ᠲᠧᠯᠸᠢᠰ ᠤᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠰᠢᠰᠲ᠋ᠧᠮ ᠤᠨ ᠬᠤᠷᠠᠮᠠᠯ ᠲᠥᠪ ᠤᠨ ᠡᠷᠬᠢᠯᠡᠭᠴᠢ ᠶᠢᠨ ᠴᠢ ᠳ᠋ᠢ᠂ ᠠᠶ ᠴᠢ ᠢ ᠶᠢᠨ ᠳᠡᠳ᠋ ᠶᠡᠷᠦᠩᠬᠡᠶ ᠵᠠᠬᠢᠷᠤᠯ ᠢᠦᠶ ᠺᠧ ᠂ ᠶᠸᠦ ᠺᠦ᠋ ᠮᠡᠷᠭᠡᠵᠢᠯ ᠤᠨ ᠲᠥᠪ ᠤᠨ ᠶᠡᠷᠦᠩᠬᠡᠶ ᠳᠠᠭᠠᠭᠠᠮᠠᠯ ᠵᠢᠶᠠᠩ ᠸᠧᠨ ᠹᠸᠢ᠂ ᠲᠧᠩ ᠰᠢᠶᠦ᠋ᠨ ᠸᠢᠳᠢᠣ᠋ ᠮᠡᠷᠭᠡᠵᠢᠯ ᠤᠨ ᠶᠡᠷᠦᠩᠬᠡᠶ ᠬᠢᠨᠠᠭᠴᠢ ᠵᠦ ᠽᠢ ᠷᠦᠩ᠂ ᠮᠠᠩᠭᠦ᠋ᠸᠧ TV ᠶᠢᠨ ᠳᠡᠳ᠋ ᠶᠡᠷᠦᠩᠬᠡᠶ ᠵᠠᠬᠢᠷᠤᠭᠴᠢ᠂ CTO ᠶᠢᠨ ᠯᠦ ᠬᠠᠶ ᠪᠥᠸᠧ᠂ ᠳᠤᠮᠳᠠᠳᠤ ᠤᠯᠤᠰ ᠤᠨ ᠰᠢᠯᠵᠢᠮᠡᠯ ᠮᠢ ᠭᠦ᠋ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠰᠢᠤᠢ ᠹᠸᠢ ᠲᠡᠷᠢᠭᠦᠨ ᠨᠢᠭᠤᠷ ᠲᠡᠷᠢᠭᠦᠨ ᠳᠡᠯᠭᠡᠴᠡ ᠪᠠᠷ ᠬᠡᠲᠦ ᠥᠨᠳᠥᠷ ᠲᠤᠳᠤᠷᠠᠴᠠᠲᠤ ᠶᠢ ᠠᠬᠢᠭᠤᠯᠬᠤ᠂ ᠲᠠᠪᠴᠠᠩ ᠤᠨ ᠬᠡᠲᠦ ᠥᠨᠳᠥᠷ ᠲᠤᠳᠤᠷᠠᠴᠠᠲᠤ ᠶᠢᠨ ᠬᠠᠷᠢᠴᠠᠯ ᠢ ᠳᠡᠭᠡᠭᠰᠢᠯᠡᠭᠦᠯᠬᠦ᠂ ᠲᠡᠷᠢᠭᠦᠨ ᠤ ᠮᠡᠷᠭᠡᠵᠢᠯ ᠢᠶᠠᠷ ᠬᠦᠴᠦᠨ ᠨᠡᠮᠡᠷᠢᠯᠡᠬᠦ ᠠᠭᠤᠯᠭ᠎ᠠ ᠶᠢᠨ ᠰᠢᠨ᠎ᠡ ᠶᠢ ᠡᠭᠦᠳᠴᠦ ᠵᠣᠬᠢᠶᠠᠨ ᠪᠦᠲᠦᠭᠡᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠠᠭᠠᠪᠠ ᠃  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠠᠮᠢᠶ᠎ᠠ ᠪᠥᠬᠦᠶ ᠵᠤᠷᠭᠠᠨ ᠲᠣᠪᠴᠢᠶ᠎ᠠ ᠪᠠ ᠰᠢᠭᠤᠳ ᠬᠠᠷᠢᠶ᠎ᠠ ᠨᠢᠭᠡᠴᠢ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠲᠥᠪ ᠤᠨ ᠤᠬᠠᠭᠤᠯᠬᠤ ᠬᠡᠯᠲᠡᠰ ᠤᠨ ᠺᠢᠨᠣ᠋ ᠶᠢᠨ ᠰᠤᠪᠠᠭ ᠤᠨ ᠫᠷᠦᠭᠷᠡᠮ ᠤᠨ ᠲᠥᠪ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠲᠧᠯᠸᠢᠰ ᠬᠤᠷᠢᠶ᠎ᠠ᠂ ᠪᠥᠬᠦ ᠤᠯᠤᠰ ᠤᠨ ᠡᠯ᠎ᠡ ︵ᠮᠤᠵᠢ᠂ ᠣᠷᠣᠨ᠂ ᠬᠤᠲᠠ︶ ᠷᠠᠳᠢᠣ᠋ ᠲᠧᠯᠸᠢᠰ ᠤᠨ ᠲᠣᠪᠴᠢᠶ᠎ᠠ᠂ ᠷᠠᠳᠢᠣ᠋ ᠲᠧᠯᠸᠢᠰ ᠬᠤᠷᠢᠶ᠎ᠠ᠂ ᠰᠦᠯᠵᠢᠶᠡᠨ ᠤ ᠡᠵᠡᠩᠨᠡᠯᠲᠡ ᠶᠢᠨ ᠬᠤᠳᠠᠯᠳᠤᠭᠠᠴᠢᠨ᠂ ᠬᠤᠰᠢᠭᠤᠴᠢ ᠬᠡᠯᠲᠡᠰ ᠤᠨ ᠰᠦᠯᠵᠢᠶᠡᠨ ᠤ ᠦᠵᠡᠵᠦ ᠰᠣᠨᠣᠰᠬᠤ ᠲᠠᠪᠴᠠᠩ᠂ ᠪᠡᠭᠡᠵᠢᠩ ᠬᠤᠲᠠ ᠶᠢᠨ ᠬᠠᠮᠢᠶ᠎ᠠ ᠪᠥᠬᠦᠶ ᠵᠥᠪᠯᠡᠯ ᠠᠯᠪᠠᠨ ᠬᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠳ᠂ ᠪᠥᠬᠦ ᠤᠯᠤᠰ ᠤᠨ ᠳᠡᠭᠡᠳᠦ ᠰᠢᠨ᠎ᠡ ᠮᠡᠷᠭᠡᠵᠢᠯ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠥᠯᠥᠭᠡᠯᠡᠭᠴᠢ ᠵᠡᠷᠭᠡ 300 ᠭᠠᠷᠤᠶ ᠬᠥᠮᠦᠨ ᠲᠣᠰ ᠤᠳᠠᠭᠠᠨ ᠤ ᠶᠠᠷᠢᠶᠠᠨ ᠤ ᠲᠠᠪᠴᠠᠩ ᠳᠤ ᠣᠷᠣᠯᠴᠠᠵᠠᠶ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map