| | | | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 15 ᠤ ᠴᠠᠭᠢᠯᠭᠠᠨ ᠮᠡᠳᠡᠭᠡ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠰᠠᠨ | 10 ᠵᠢᠯ ᠤᠨ ᠣᠶ ᠶᠢᠨ ᠲᠠᠰᠢᠷᠠᠮ ᠢᠶᠠᠷ᠂ 10 ᠰᠠᠷ᠎ᠠ ᠶᠢᠨ 16 ᠤ ᠡᠳᠦᠷ ᠬᠡᠪᠯᠡᠭᠳᠡᠭᠰᠡᠨ 20 ᠳ᠋ᠤᠭᠠᠷ ᠬᠤᠭᠤᠴᠠᠭᠠᠨ ᠤ ︽ ᠦᠨᠡᠨ ︾ ᠰᠡᠳᠬᠦᠯ ᠲᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ | ᠶᠢᠨ ᠫᠢᠩ ᠤᠨ 2014 ᠣᠨ ᠤ 10 ᠰᠠᠷ᠎ᠠ ᠶᠢᠨ 15 ᠤ ᠡᠳᠦᠷ ᠤᠨ ︽ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ︾ ᠶᠢ ᠳᠠᠭᠢᠨ | ᠨᠡᠶᠢᠲᠡᠯᠡᠪᠡ᠃ | ᠶᠠᠷᠢᠶ᠎ᠠ ᠳᠤ᠂ ᠤᠳᠬ᠎ᠠ ᠤᠷᠠᠯᠢᠭ ᠤᠨ ᠦᠢᠯᠡᠰ ᠪᠣᠯ ᠨᠠᠮ ᠪᠣᠯᠣᠨ ᠠᠷᠠᠳ ᠲᠦᠮᠡᠨ ᠤ ᠴᠢᠬᠤᠯᠠ ᠦᠢᠯᠡᠰ ᠮᠥᠨ᠂ ᠤᠳᠬ᠎ᠠ ᠤᠷᠠᠯᠢᠭ ᠤᠨ ᠹᠷᠣᠨᠲ ᠪᠣᠯ ᠨᠠᠮ | ᠪᠣᠯᠣᠨ ᠠᠷᠠᠳ ᠲᠦᠮᠡᠨ ᠤ ᠴᠢᠬᠤᠯᠠ ᠹᠷᠣᠨᠲ ᠮᠥᠨ᠃ ᠤᠳᠬ᠎ᠠ ᠤᠷᠠᠯᠢᠭ ᠪᠣᠯ ᠴᠠᠭ ᠦᠶ᠎ᠡ ᠶᠢᠨ ᠤᠷᠤᠭᠰᠢᠯᠠᠯᠲᠠ ᠶᠢᠨ ᠪᠦᠷᠢᠶ᠎ᠡ ᠮᠥᠨ᠂ ᠨᠢᠭᠡ ᠴᠠᠭ ᠦᠶ᠎ᠡ ᠶᠢᠨ | ᠳᠦᠷᠰᠦ ᠪᠠᠶᠢᠳᠠᠯ ᠢ ᠬᠠᠮᠤᠭ ᠠᠴᠠ ᠢᠯᠡᠭᠦᠦ ᠲᠥᠯᠥᠭᠡᠯᠡᠵᠦ᠂ ᠨᠢᠭᠡ ᠴᠠᠭ ᠦᠶ᠎ᠡ ᠶᠢᠨ ᠬᠡᠪ ᠰᠤᠷᠲᠠᠯ ᠢ ᠬᠠᠮᠤᠭ ᠠᠴᠠ ᠢᠯᠡᠭᠦᠦ ᠬᠥᠲᠥᠯᠥᠨ ᠳᠠᠭᠠᠭᠤᠯᠵᠤ ᠴᠢᠳᠠᠨ᠎ᠠ᠃ ︽ | ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠤᠳᠬ᠎ᠠ ᠤᠷᠠᠯᠢᠭ ᠤᠨ ᠦᠢᠯᠡᠳᠦᠯ ᠣᠷᠣᠯᠠᠭᠤᠯᠵᠤ ᠪᠣᠯᠣᠰᠢ ᠦᠭᠡᠢ᠂ ᠤᠳᠬ᠎ᠠ ᠤᠷᠠᠯᠢᠭ ᠤᠨ ᠠᠵᠢᠯᠲᠠᠳ ᠶᠡᠭᠡ ᠵᠢᠳᠬᠦᠯ ᠴᠢᠷᠮᠠᠶᠢᠯᠭ᠎ᠠ ᠭᠠᠷᠭᠠᠵᠤ | ᠪᠣᠯᠣᠨ᠎ᠠ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠡᠶᠢᠮᠦᠷᠬᠦᠦ ᠥᠨᠳᠥᠷᠴᠡ ᠠᠴᠠ ᠤᠳᠬ᠎ᠠ ᠤᠷᠠᠯᠢᠭ ᠤᠨ ᠪᠠᠶᠢᠷᠢ ᠰᠠᠭᠤᠷᠢ ᠪᠠ ᠦᠢᠯᠡᠳᠦᠯ ᠢ ᠲᠠᠨᠢᠵᠤ᠂ | ᠥᠪᠡᠷ ᠤᠨ ᠡᠭᠦᠷᠭᠡᠯᠡᠵᠦ ᠪᠠᠶᠢᠭ᠎ᠠ ᠲᠡᠦᠬᠡᠲᠦ ᠡᠭᠦᠷᠭᠡ ᠪᠠ ᠬᠠᠷᠢᠭᠤᠴᠠᠯᠭ᠎ᠠ ᠪᠠᠨ ᠲᠠᠨᠢᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ | ᠪᠠᠷᠢᠮᠲᠠᠯᠠᠨ᠂ ᠴᠠᠭ ᠦᠶ᠎ᠡ ᠳᠤ ᠦᠯᠦ ᠣᠰᠣᠯᠳᠠᠬᠤ ᠨᠡᠩ ᠤᠯᠠᠨ ᠰᠢᠯᠢᠳᠡᠭ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ | ᠪᠠᠳᠠᠷᠠᠭᠤᠯᠤᠨ᠂ ᠳᠤᠮᠳᠠᠳᠤ ᠤᠯᠤᠰ ᠤᠨ ᠬᠦᠴᠦᠨ ᠴᠢᠳᠠᠯ ᠢ ᠨᠢᠭᠲᠠᠷᠠᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ | ᠴᠤᠭ ᠪᠠᠳᠠᠷᠠᠩᠭᠤᠢ ᠪᠠᠷ ᠢᠷᠡᠭᠡᠳᠦᠢ ᠲᠡᠶᠢᠰᠢ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠶᠠᠷᠢᠶ᠎ᠠ ᠳᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠳᠤᠮᠳᠠᠳᠤ ᠶᠢᠨ ᠰᠣᠶᠣᠯ ᠢ ᠴᠡᠴᠡᠭᠯᠡᠭᠦᠯᠦᠨ ᠬᠥᠭᠵᠢᠭᠦᠯᠬᠦ | ᠴᠢᠬᠤᠯᠠᠲᠠᠢ᠃ ᠤᠳᠬ᠎ᠠ ᠤᠷᠠᠯᠢᠭ ᠪᠣᠯᠣᠨ ᠤᠳᠬ᠎ᠠ ᠤᠷᠠᠯᠢᠭ ᠤᠨ ᠠᠵᠢᠯᠲᠠᠳ ᠤᠨ ᠴᠢᠬᠤᠯᠠ ᠦᠢᠯᠡᠳᠦᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠭᠦᠢᠴᠡᠳ | ᠪᠠᠳᠠᠷᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠬᠦᠴᠦᠷᠬᠡᠭ ᠶᠡᠭᠡ ᠰᠣᠶᠣᠯ ᠤᠨ ᠪᠦᠲᠦᠭᠡᠯᠴᠢ ᠴᠢᠳᠠᠪᠤᠷᠢ ᠲᠠᠢ ᠭᠡᠳᠡᠭ ᠢ ᠲᠡᠦᠬᠡ ᠪᠠ ᠪᠣᠳᠠᠲᠤ ᠠᠬᠤᠢ ᠴᠥᠮ | ᠭᠡᠷᠡᠴᠢᠯᠡᠵᠦ ᠪᠠᠶᠢᠨ᠎ᠠ᠃ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠪᠤᠯᠬᠤ ᠪᠦᠷᠢ᠂ ᠰᠣᠶᠣᠯ ᠨᠢ ᠪᠦᠷ ᠤᠯᠤᠰ ᠤᠨ ᠬᠤᠪᠢ ᠵᠠᠶᠠᠭᠠᠨ ᠤ ᠬᠤᠪᠢᠷᠠᠯᠲᠠ ᠶᠢ | ᠮᠡᠳᠡᠷᠡᠵᠦ᠂ ᠴᠠᠭ ᠦᠶ᠎ᠡ ᠶᠢᠨ ᠤᠷᠤᠰᠬᠠᠯ ᠤᠨ ᠡᠮᠦᠨ᠎ᠡ ᠬᠤᠰᠢᠭᠤᠷᠠᠵᠤ᠂ ᠴᠠᠭ ᠦᠶ᠎ᠡ ᠶᠢᠨ ᠲᠡᠷᠢᠭᠦᠨ ᠤ ᠳᠠᠭᠤᠨ ᠢ ᠴᠤᠤᠷᠢᠶᠠᠲᠤᠭᠤᠯᠵᠤ᠂ ᠲᠦᠭ ᠲᠦᠮᠡᠨ ᠠᠷᠠᠳ | ᠲᠦᠮᠡᠨ ᠤ ᠲᠥᠯᠥᠭᠡ᠂ ᠠᠭᠤᠤ ᠶᠡᠭᠡ ᠡᠬᠡ ᠤᠯᠤᠰ ᠤᠨ ᠢᠶᠠᠨ ᠲᠥᠯᠥᠭᠡ ᠵᠣᠷᠢᠭᠵᠢᠭᠤᠯᠤᠨ ᠤᠷᠢᠶᠠᠯᠠᠳᠠᠭ᠃ ᠤᠶᠤᠨ ᠰᠠᠨᠠᠭᠠᠨ ᠤ ᠲᠤᠭ ᠢ ᠮᠠᠨᠳᠤᠭᠤᠯᠵᠤ᠂ ᠤᠶᠤᠨ | ᠰᠠᠨᠠᠭᠠᠨ ᠤ ᠲᠤᠯᠭᠠᠭᠤᠷᠢ ᠶᠢ ᠪᠣᠰᠬᠠᠵᠤ᠂ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠴᠥᠮ ᠤᠳᠬ᠎ᠠ ᠤᠷᠠᠯᠢᠭ ᠠᠴᠠ ᠰᠠᠯᠵᠤ ᠴᠢᠳᠠᠬᠤ ᠦᠭᠡᠢ ᠶᠤᠮ᠃ ᠮᠠᠨ ᠤ | ᠤᠯᠤᠰ ᠤᠨ ᠵᠣᠬᠢᠶᠠᠯᠴᠢ ᠤᠷᠠᠯᠢᠭᠴᠢᠳ ᠴᠠᠭ ᠦᠶ᠎ᠡ ᠶᠢᠨ ᠬᠡᠪ ᠰᠤᠷᠲᠠᠯ ᠤᠨ ᠤᠷᠢᠳᠠᠪᠠᠷ ᠮᠡᠳᠡᠷᠡᠭᠴᠢ᠂ ᠤᠷᠢᠳᠠᠪᠠᠷ ᠬᠡᠷᠡᠭᠵᠢᠭᠦᠯᠦᠭᠴᠢ᠂ ᠤᠷᠢᠳᠠᠪᠠᠷ ᠰᠠᠨᠠᠭᠠᠴᠢᠯᠠᠭᠴᠢ | ᠪᠣᠯᠵᠤ᠂ ᠨᠡᠩ ᠤᠯᠠᠨ ᠰᠢᠨᠳᠠᠰᠤ ᠰᠢᠷᠪᠦᠰᠦ ᠲᠠᠢ᠂ ᠶᠣᠰᠣ ᠮᠣᠷᠠᠯ ᠲᠠᠢ᠂ ᠬᠠᠶᠢᠷ᠎ᠠ ᠬᠠᠯᠠᠮᠵᠢ ᠲᠠᠢ ᠤᠳᠬ᠎ᠠ ᠤᠷᠠᠯᠢᠭ ᠤᠨ ᠪᠦᠲᠦᠭᠡᠯ ᠢᠶᠠᠷ ᠳᠠᠮᠵᠢᠭᠤᠯᠤᠨ ᠠᠷᠠᠳ ᠲᠦᠮᠡᠨ ᠤ | ᠠᠭᠤᠤ ᠶᠡᠭᠡ ᠦᠢᠯᠡᠳᠦᠯᠭᠡ᠂ ᠴᠠᠭ ᠦᠶ᠎ᠡ ᠶᠢᠨ ᠲᠠᠪᠰᠢᠯᠳᠠ ᠶᠢᠨ ᠱᠠᠭᠠᠷᠳᠠᠯᠭ᠎ᠠ ᠶᠢ ᠪᠢᠴᠢᠭᠯᠡᠵᠦ ᠲᠡᠮᠳᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠶᠠᠷᠢᠶ᠎ᠠ ᠳᠤ᠂ ᠨᠢᠭᠡ ᠴᠠᠭ ᠦᠶ᠎ᠡ ᠶᠢᠨ ᠤᠳᠬ᠎ᠠ ᠤᠷᠠᠯᠢᠭ ᠤᠨ ᠠᠮᠵᠢᠯᠲᠠ ᠪᠦᠲᠦᠮᠵᠢ ᠶᠢ ᠬᠡᠮᠵᠢᠶᠡᠯᠡᠬᠦ ᠳᠤ ᠬᠠᠮᠤᠭ ᠤᠨ ᠡᠴᠦᠰ ᠲᠤ ᠵᠣᠬᠢᠶᠠᠯ ᠪᠦᠲᠦᠭᠡᠯ ᠢ ᠨᠢ | ᠦᠵᠡᠬᠦ ᠬᠡᠷᠡᠭᠲᠡᠢ᠃ ᠤᠳᠬ᠎ᠠ ᠤᠷᠠᠯᠢᠭ ᠤᠨ ᠴᠡᠴᠡᠭᠯᠡᠯ ᠬᠥᠭᠵᠢᠯ ᠢ ᠠᠬᠢᠭᠤᠯᠬᠤ ᠶᠢᠨ ᠬᠠᠮᠤᠭ ᠤᠨ ᠦᠨᠳᠦᠰᠦᠨ ᠵᠦᠢᠯ ᠪᠣᠯ ᠮᠠᠨ ᠤ ᠡᠨᠡ ᠬᠦ ᠠᠭᠤᠤ ᠶᠡᠭᠡ ᠦᠨᠳᠦᠰᠦᠲᠡᠨ | ᠂ ᠠᠭᠤᠤ ᠶᠡᠭᠡ ᠴᠠᠭ ᠦᠶ᠎ᠡ ᠳᠤ ᠦᠯᠦ ᠣᠰᠣᠯᠳᠠᠬᠤ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠠᠪᠤᠳᠠᠯ ᠪᠣᠯᠣᠨ᠎ᠠ᠃ ᠡᠷᠬᠡᠪᠰᠢ ᠰᠢᠯᠢᠳᠡᠭ | ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠠᠪᠤᠳᠠᠯ ᠢ ᠤᠳᠬ᠎ᠠ ᠤᠷᠠᠯᠢᠭ ᠤᠨ ᠠᠵᠢᠯ ᠤᠨ ᠭᠤᠣᠯ ᠵᠠᠩᠭᠢᠯᠠᠭ᠎ᠠ ᠪᠤᠯᠭᠠᠵᠤ᠂ ᠤᠳᠤ ᠦᠶ᠎ᠡ ᠶᠢᠨ ᠳᠤᠮᠳᠠᠳᠤ | ᠤᠯᠤᠰ ᠤᠨ ᠦᠷᠳᠡᠭ ᠤᠨ ᠦᠵᠡᠯᠲᠡ ᠶᠢ ᠳᠠᠮᠵᠢᠭᠤᠯᠤᠭᠰᠠᠨ᠂ ᠳᠤᠮᠳᠠᠳᠤ ᠶᠢᠨ ᠰᠣᠶᠣᠯ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ᠂ ᠳᠤᠮᠳᠠᠳᠤ ᠤᠯᠤᠰ ᠤᠨ ᠬᠥᠮᠥᠨ ᠤ | ᠭᠤᠸ᠎ᠠ ᠰᠠᠶᠢᠬᠠᠨ ᠤ ᠬᠥᠭᠡᠭᠡᠴᠡᠯᠳᠦᠯ ᠢ ᠲᠤᠰᠬᠠᠭᠰᠠᠨ᠂ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠣᠨᠢᠷᠬᠠᠯᠳᠤ ᠴᠢᠨᠠᠷ ᠢ ᠣᠷᠭᠠᠨᠢᠭ ᠢᠶᠠᠷ ᠨᠢᠭᠡᠳᠬᠡᠭᠰᠡᠨ ᠰᠢᠯᠢᠳᠡᠭ | ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠰᠢᠨ᠎ᠡ ᠶᠢ ᠡᠭᠦᠳᠬᠦ ᠪᠣᠯ ᠤᠳᠬ᠎ᠠ ᠤᠷᠠᠯᠢᠭ ᠤᠨ ᠠᠮᠢ ᠨᠠᠰᠤ ᠮᠥᠨ᠃ | ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠤᠳᠬ᠎ᠠ | ᠤᠷᠠᠯᠢᠭ ᠤᠨ ᠤᠤᠭᠠᠯ ᠡᠭᠦᠳᠦᠯᠲᠡ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠵᠦ᠂ | ᠤᠳᠬ᠎ᠠ ᠤᠷᠠᠯᠢᠭ ᠤᠨ ᠰᠢᠨ᠎ᠡ ᠡᠭᠦᠳᠦᠯᠲᠡ ᠶᠢ ᠠᠬᠢᠭᠤᠯᠬᠤ ᠳᠤ ᠡᠷᠬᠡᠪᠰᠢ ᠮᠣᠷᠠᠯ ᠤᠷᠠᠯᠢᠭ ᠬᠤᠣᠰᠯᠠᠭᠰᠠᠨ ᠤᠳᠬ᠎ᠠ ᠤᠷᠠᠯᠢᠭ ᠤᠨ ᠦᠯᠡᠮᠵᠢ ᠤᠯᠠᠨ ᠠᠯᠳᠠᠷᠲᠤ ᠬᠥᠮᠥᠰ | ᠪᠠᠶᠢᠬᠤ ᠬᠡᠷᠡᠭᠲᠡᠢ᠃ ᠤᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠶᠢ ᠨᠡᠩ ᠲᠣᠪᠣᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠨᠢᠭᠡ ᠪᠦᠯᠦᠭ ᠨᠥᠯᠥᠭᠡ ᠲᠠᠢ ᠡᠯ᠎ᠡ | ᠬᠦᠷᠢᠶᠡᠨ ᠤ ᠤᠳᠬ᠎ᠠ ᠤᠷᠠᠯᠢᠭ ᠤᠨ ᠳᠠᠭᠠᠭᠤᠯᠤᠭᠴᠢ ᠬᠥᠮᠥᠰ ᠢ ᠴᠢᠷᠮᠠᠶᠢᠨ ᠬᠥᠮᠥᠵᠢᠭᠦᠯᠵᠦ᠂ ᠤᠳᠬ᠎ᠠ ᠤᠷᠠᠯᠢᠭ ᠤᠨ ᠴᠢᠳᠠᠪᠤᠷᠢᠲᠠᠨ ᠤ ᠠᠤᠭ᠎ᠠ ᠶᠡᠭᠡ ᠡᠩᠨᠡᠭᠡ ᠶᠢ | ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠶᠠᠷᠢᠶ᠎ᠠ ᠳᠤ᠂ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠮᠥᠨ ᠴᠢᠨᠠᠷ ᠠᠴᠠ ᠨᠢ ᠠᠪᠴᠤ ᠬᠡᠯᠡᠪᠡᠯ ᠳᠠᠷᠤᠢ ᠠᠷᠠᠳ ᠲᠦᠮᠡᠨ ᠤ ᠤᠳᠬ᠎ᠠ ᠤᠷᠠᠯᠢᠭ ᠪᠣᠯᠣᠨ᠎ᠠ᠃ | ᠤᠳᠬ᠎ᠠ ᠤᠷᠠᠯᠢᠭ ᠨᠢ ᠠᠷᠠᠳ ᠲᠦᠮᠡᠨ ᠤ ᠬᠦᠰᠡᠯ ᠰᠠᠨᠠᠭ᠎ᠠ ᠶᠢ ᠰᠠᠶᠢᠲᠤᠷ ᠲᠤᠰᠬᠠᠬᠤ ᠳᠤ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠡᠨᠡ ᠬᠦ | ᠦᠨᠳᠦᠰᠦᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠡᠨᠡ ᠪᠣᠯ ᠨᠠᠮ ᠠᠴᠠ ᠤᠳᠬ᠎ᠠ ᠤᠷᠠᠯᠢᠭ ᠤᠨ ᠹᠷᠣᠨᠲ ᠲᠤ ᠳᠤᠷᠠᠳᠤᠭᠰᠠᠨ ᠨᠢᠭᠡᠨ ᠦᠨᠳᠦᠰᠦᠨ ᠱᠠᠭᠠᠷᠳᠠᠯᠭ᠎ᠠ ᠮᠥᠨ᠂ | ᠮᠥᠨ ᠴᠤ ᠮᠠᠨ ᠤ ᠤᠯᠤᠰ ᠤᠨ ᠤᠳᠬ᠎ᠠ ᠤᠷᠠᠯᠢᠭ ᠤᠨ ᠦᠢᠯᠡᠰ ᠤᠨ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠮᠥᠨ᠃ ᠨᠢᠭᠡᠳᠦᠭᠡᠷ ᠲᠤ᠂ ᠠᠷᠠᠳ | ᠲᠦᠮᠡᠨ ᠤᠳᠬ᠎ᠠ ᠤᠷᠠᠯᠢᠭ ᠢ ᠬᠡᠷᠡᠭᠰᠡᠨ᠎ᠡ᠃ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭᠴᠡᠭᠡ ᠶᠢ ᠬᠠᠩᠭᠠᠬᠤ ᠳᠤ | ᠡᠷᠬᠡᠪᠰᠢ ᠰᠣᠶᠣᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠡᠶᠢᠭᠡᠮ ᠤᠨ ᠤᠶᠤᠨ ᠤ ᠪᠠ ᠰᠣᠶᠣᠯ ᠤᠨ ᠡᠳ᠋ ᠪᠠᠶᠠᠯᠢᠭ ᠢ ᠨᠡᠮᠡᠭᠳᠡᠭᠦᠯᠬᠦ ᠬᠡᠷᠡᠭᠲᠡᠢ᠃ ᠬᠤᠶᠠᠳᠤᠭᠠᠷ ᠲᠤ | ᠂ ᠤᠳᠬ᠎ᠠ ᠤᠷᠠᠯᠢᠭ ᠠᠷᠠᠳ ᠲᠦᠮᠡᠨ ᠢ ᠬᠡᠷᠡᠭᠰᠡᠨ᠎ᠡ᠃ ᠰᠢᠯᠢᠳᠡᠭ ᠪᠦᠲᠦᠭᠡᠯ ᠭᠠᠷᠭᠠᠵᠤ ᠴᠢᠳᠠᠬᠤ ᠡᠰᠡᠬᠦ ᠶᠢᠨ ᠬᠠᠮᠤᠭ ᠤᠨ ᠦᠨᠳᠦᠰᠦᠨ ᠵᠦᠢᠯ ᠨᠢ ᠠᠷᠠᠳ ᠲᠦᠮᠡᠨ ᠤ | ᠲᠥᠯᠥᠭᠡ ᠤᠶᠠᠩᠭᠠᠯᠠᠨ ᠪᠢᠴᠢᠵᠦ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠤᠶᠠᠩᠭᠠᠯᠠᠨ ᠢᠯᠡᠳᠬᠡᠵᠦ ᠴᠢᠳᠠᠬᠤ ᠡᠰᠡᠬᠦ ᠪᠠᠷ ᠲᠣᠭᠲᠠᠭᠠᠭᠳᠠᠨ᠎ᠠ᠃ ᠭᠤᠷᠪᠠᠳᠤᠭᠠᠷ ᠲᠤ᠂ | ᠤᠳᠬ᠎ᠠ ᠤᠷᠠᠯᠢᠭ ᠨᠢ ᠠᠷᠠᠳ ᠲᠦᠮᠡᠨ ᠢ ᠬᠠᠶᠢᠷᠠᠯᠠᠬᠤ ᠬᠡᠷᠡᠭᠲᠡᠢ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠷᠭ᠎ᠠ ᠵᠠᠭᠤ ᠮᠢᠩᠭᠠᠨ ᠵᠤᠷᠪᠤᠰ ᠪᠠᠶᠢᠳᠠᠭ ᠪᠤᠯᠪᠠᠴᠤ | ᠬᠠᠮᠤᠭ ᠤᠨ ᠦᠨᠳᠦᠰᠦᠨ᠂ ᠬᠠᠮᠤᠭ ᠤᠨ ᠵᠠᠩᠭᠢᠯᠠᠭ᠎ᠠ ᠶᠢᠨ᠂ ᠬᠠᠮᠤᠭ ᠤᠨ ᠨᠠᠶᠢᠳᠠᠪᠤᠷᠢᠲᠠᠢ ᠠᠷᠭ᠎ᠠ ᠪᠣᠯ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠮᠢᠳᠤᠷᠠᠯ ᠳᠤ | ᠦᠨᠳᠦᠰᠦᠯᠡᠬᠦ ᠶᠠᠪᠤᠳᠠᠯ ᠪᠣᠯᠣᠨ᠎ᠠ᠃ ᠨᠢᠭᠡᠨ ᠰᠠᠶᠢᠨ ᠪᠦᠲᠦᠭᠡᠯ ᠨᠢ ᠠᠷᠠᠳ ᠲᠦᠮᠡᠨ ᠤ ᠦᠨᠡᠯᠡᠯᠲᠡ᠂ ᠲᠤᠰᠬᠠᠢ ᠮᠡᠷᠭᠡᠵᠢᠯᠲᠡᠨ ᠤ ᠦᠨᠡᠯᠡᠯᠲᠡ᠂ ᠵᠠᠬ᠎ᠠ ᠳᠡᠯᠭᠡᠭᠦᠷ ᠤᠨ | ᠰᠢᠯᠭᠠᠯᠲᠠ ᠶᠢ ᠳᠠᠭᠠᠭᠠᠵᠤ ᠴᠢᠳᠠᠬᠤ ᠪᠦᠲᠦᠭᠡᠯ ᠪᠠᠶᠢᠬᠤ ᠶᠣᠰᠣᠲᠠᠢ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ ᠶᠣᠰᠣᠲᠠᠢ᠂ ᠡᠭᠦᠨ ᠤ ᠬᠠᠮᠲᠤ | ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠭᠰᠡᠨ ᠪᠦᠲᠦᠭᠡᠯ ᠪᠠᠶᠢᠬᠤ ᠶᠣᠰᠣᠲᠠᠢ᠃ ᠤᠳᠬ᠎ᠠ ᠤᠷᠠᠯᠢᠭ ᠨᠢ ᠵᠠᠬ᠎ᠠ ᠳᠡᠯᠭᠡᠭᠦᠷ ᠤᠨ | ᠪᠤᠭᠤᠯ ᠪᠣᠯᠵᠤ ᠪᠤᠯᠬᠤ ᠦᠭᠡᠢ᠂ ᠵᠣᠭᠤᠰᠤᠨ ᠨᠦᠭᠡᠨ ᠳᠤ ᠰᠢᠷᠭᠤᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃ | ᠶᠠᠷᠢᠶ᠎ᠠ ᠳᠤ᠂ ᠳᠤᠮᠳᠠᠳᠤ ᠤᠯᠤᠰ ᠤᠨ ᠵᠣᠷᠢᠭ ᠰᠠᠨᠠᠭ᠎ᠠ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠰᠦᠭ ᠰᠦᠨᠡᠰᠦ ᠮᠥᠨ᠃ ᠴᠠᠭ ᠦᠶ᠎ᠡ ᠪᠦᠷᠢ ᠴᠠᠭ | ᠦᠶ᠎ᠡ ᠶᠢᠨ ᠵᠣᠷᠢᠭ ᠰᠠᠨᠠᠭ᠎ᠠ ᠲᠠᠢ ᠶᠤᠮ᠃ | ᠤᠳᠬ᠎ᠠ ᠤᠷᠠᠯᠢᠭ ᠪᠣᠯ ᠰᠦᠭ ᠰᠦᠨᠡᠰᠦ ᠶᠢ ᠱᠤᠭᠤᠬᠤ ᠢᠨᠵᠧᠨᠧᠷᠢᠩ ᠮᠥᠨ᠂ ᠤᠳᠬ᠎ᠠ ᠤᠷᠠᠯᠢᠭ ᠤᠨ ᠠᠵᠢᠯᠲᠠᠨ ᠪᠣᠯ ᠤᠶᠤᠨ ᠰᠠᠨᠠᠭᠠᠨ ᠤ ᠢᠨᠵᠧᠨᠧᠷ ᠮᠥᠨ᠃ | ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠮᠥᠷᠥᠨ | ᠳᠡᠭᠡᠷᠡᠬᠢ ᠬᠠᠷᠢᠭᠤᠴᠠᠯᠭ᠎ᠠ ᠪᠠᠨ ᠭᠦᠢᠴᠡᠳ ᠲᠠᠨᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠠᠮᠢᠳᠤ ᠴᠣᠪᠣᠭᠤᠯᠢᠭ᠂ ᠦᠨᠡᠨ ᠪᠣᠳᠠᠲᠠᠢ ᠪᠠᠷ | ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠳᠤᠮᠳᠠ ᠢᠯᠡᠷᠡᠭᠦᠯᠬᠦ ᠬᠡᠷᠡᠭᠲᠡᠢ᠃ ᠤᠯᠤᠰ ᠢᠶᠠᠨ ᠬᠠᠶᠢᠷᠠᠯᠠᠬᠤ ᠦᠵᠡᠯ ᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ | ᠭᠤᠣᠯ ᠭᠦᠭ ᠠᠶᠠᠰ ᠪᠤᠯᠭᠠᠵᠤ᠂ ᠠᠷᠠᠳ ᠲᠦᠮᠡᠨ ᠵᠥᠪ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠤᠯᠤᠰ ᠣᠷᠣᠨ ᠤ ᠦᠵᠡᠯᠲᠡ᠂ ᠰᠣᠶᠣᠯ ᠤᠨ | ᠦᠵᠡᠯᠲᠡ ᠶᠢ ᠪᠤᠢ ᠪᠣᠯᠭᠠᠨ ᠪᠠᠷᠢᠮᠲᠠᠯᠠᠬᠤ ᠶᠢ ᠬᠥᠲᠥᠯᠥᠨ ᠵᠢᠯᠤᠭᠤᠳᠴᠤ᠂ ᠳᠤᠮᠳᠠᠳᠤ ᠤᠯᠤᠰ ᠤᠨ ᠬᠥᠮᠥᠨ ᠪᠤᠯᠬᠤ ᠰᠥᠰᠥ ᠵᠣᠷᠢᠭ ᠪᠠ ᠣᠮᠤᠭ ᠢᠲᠡᠭᠡᠯ ᠢ ᠨᠢ | ᠨᠡᠮᠡᠭᠳᠡᠭᠦᠯᠬᠦ ᠬᠡᠷᠡᠭᠲᠡᠢ᠃ ᠤᠳᠬ᠎ᠠ ᠤᠷᠠᠯᠢᠭ ᠤᠨ ᠪᠦᠲᠦᠭᠡᠯ ᠢᠶᠠᠷ ᠴᠢᠬᠡᠴᠢ ᠦᠨᠡᠨᠴᠢ ᠰᠠᠶᠢᠨ ᠰᠠᠶᠢᠬᠠᠨ ᠢ ᠳᠠᠮᠵᠢᠭᠤᠯᠵᠤ᠂ ᠡᠶᠡᠯᠰᠡᠭ ᠴᠠᠶᠢᠯᠭᠠᠨ ᠦᠷᠳᠡᠭ ᠤᠨ | ᠦᠵᠡᠯᠲᠡ ᠶᠢ ᠳᠠᠮᠵᠢᠭᠤᠯᠵᠤ᠂ ᠬᠥᠮᠥᠰ ᠢ ᠬᠥᠲᠥᠯᠥᠨ ᠵᠢᠯᠤᠭᠤᠳᠴᠤ ᠶᠣᠰᠣ ᠰᠤᠷᠲᠠᠬᠤᠨ ᠢ ᠡᠷᠭᠢᠮᠯᠡᠭᠦ᠂ ᠶᠣᠰᠣ ᠰᠤᠷᠲᠠᠬᠤᠨ ᠢ ᠬᠦᠨᠳᠦᠳᠬᠡᠬᠦ᠂ ᠶᠣᠰᠣ ᠰᠤᠷᠲᠠᠬᠤᠨ ᠢ | ᠰᠠᠬᠢᠬᠤ ᠠᠮᠢᠳᠤᠷᠠᠯ ᠢ ᠬᠦᠰᠡᠨ ᠬᠥᠭᠡᠭᠡᠴᠡᠯᠳᠦᠬᠦ ᠪᠤᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠥᠬᠦᠴᠡᠯ ᠲᠠᠢ ᠤᠶᠠᠯᠳᠤᠭᠤᠯᠤᠨ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠭᠤᠸ᠎ᠠ ᠰᠠᠶᠢᠬᠠᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠵᠠᠢ᠃ | ᠶᠠᠷᠢᠶ᠎ᠠ ᠳᠤ᠂ ᠤᠳᠬ᠎ᠠ ᠤᠷᠠᠯᠢᠭ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠪᠣᠯ | ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠬᠤᠶᠠᠷ ᠵᠦᠢᠯ ᠢ ᠡᠵᠡᠮᠰᠢᠬᠦ ᠬᠡᠷᠡᠭᠲᠡᠢ ᠄ ᠨᠢᠭᠡ ᠳᠤ᠂ ᠥᠷᠭᠡᠨ ᠤᠯᠠᠨ | ᠤᠳᠬ᠎ᠠ ᠤᠷᠠᠯᠢᠭ ᠤᠨ ᠠᠵᠢᠯᠲᠠᠳ ᠲᠤ ᠴᠢᠩᠭ᠎ᠠ ᠲᠦᠰᠢᠭᠯᠡᠬᠦ ᠬᠡᠷᠡᠭᠲᠡᠢ᠂ ᠬᠤᠶᠠᠷ ᠲᠤ᠂ ᠤᠳᠬ᠎ᠠ ᠤᠷᠠᠯᠢᠭ ᠤᠨ ᠵᠢᠮ᠎ᠡ ᠶᠣᠰᠣ ᠶᠢ ᠬᠦᠨᠳᠦᠳᠬᠡᠨ ᠵᠢᠷᠤᠮᠯᠠᠬᠤ ᠬᠡᠷᠡᠭᠲᠡᠢ᠃ | ᠤᠳᠬ᠎ᠠ ᠤᠷᠠᠯᠢᠭ ᠤᠨ ᠰᠢᠭᠦᠮᠵᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠨᠡᠨ ᠬᠦ ᠴᠢᠩᠭᠠᠳᠬᠠᠵᠤ᠂ ᠲᠡᠦᠬᠡ ᠶᠢᠨ᠂ ᠠᠷᠠᠳ ᠲᠦᠮᠡᠨ ᠤ᠂ ᠤᠷᠠᠯᠢᠭ ᠤᠨ᠂ | ᠭᠤᠸ᠎ᠠ ᠰᠠᠶᠢᠬᠠᠨ ᠤ ᠦᠵᠡᠯᠲᠡ ᠪᠠᠷ ᠵᠣᠬᠢᠶᠠᠯ ᠪᠦᠲᠦᠭᠡᠯ ᠢ ᠦᠨᠡᠯᠡᠨ ᠮᠠᠭᠠᠳᠯᠠᠬᠤ ᠪᠠ ᠰᠣᠨᠢᠷᠬᠠᠵᠤ᠂ ᠦᠨᠡᠨ ᠦᠭᠡ ᠬᠡᠯᠡᠵᠦ᠂ ᠶᠣᠰᠣ ᠶᠠᠷᠢᠬᠤ ᠶᠢ ᠰᠠᠨᠠᠭᠠᠴᠢᠯᠠᠨ᠂ | ᠤᠳᠬ᠎ᠠ ᠤᠷᠠᠯᠢᠭ ᠤᠨ ᠰᠢᠭᠦᠮᠵᠢᠯᠡᠯ ᠢ ᠥᠷᠨᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |