ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠶᠠᠷᠢᠶᠠᠨ ᠤ ᠲᠠᠪᠴᠠᠩ᠄ ︽ᠺᠢᠨᠣ᠋ ᠲᠧᠯᠸᠢᠰ + ᠰᠣᠶᠣᠯ ᠵᠢᠭᠤᠯᠴᠢᠯᠠᠯ︾ ᠬᠤᠣᠰ ᠴᠢᠭᠯᠡᠯ ᠤᠨ ᠬᠥᠭᠡᠭᠡᠴᠡᠯᠳᠦᠯ ᠳᠤᠮᠳᠠ ᠰᠢᠨ᠎ᠡ ᠠᠵᠠ ᠲᠣᠬᠢᠶᠠᠯ ᠢ ᠤᠭᠲᠤᠨ ᠠᠪᠴᠢᠷᠠᠪᠠ
ᠨᠡᠶᠢᠲᠡᠯᠡᠭᠰᠡᠨ ᠴᠠᠭ᠄
2024/10/16
  10 ᠳ᠋ᠤᠭᠠᠷ ᠰᠠᠷ᠎ᠠ ᠶᠢᠨ 13 ᠤ ᠦᠳᠡ ᠶᠢᠨ ᠬᠤᠶᠢᠨ᠎ᠠ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢᠨ ᠶᠡᠭᠡ ᠬᠤᠷᠠᠯ ᠤᠨ ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠶᠠᠷᠢᠶᠠᠨ ᠤ ᠲᠠᠪᠴᠠᠩ ᠪᠡᠭᠡᠵᠢᠩ ᠳᠤ ᠬᠤᠷᠠᠯᠳᠤᠪᠠ᠃ ᠶᠠᠷᠢᠶᠠᠨ ᠤ ᠲᠠᠪᠴᠠᠩ ᠨᠢ ︽ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ︾ ᠭᠤᠤᠯ ᠰᠡᠳᠦᠪ ᠤᠨ ᠲᠣᠭᠤᠷᠢᠨ ᠳᠤ᠂ ᠰᠢ  ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠭᠰᠠᠨ ᠦᠵᠡᠭᠳᠡᠯ ᠪᠣᠯᠤᠨ ᠠᠵᠠ ᠲᠣᠬᠢᠶᠠᠯ ᠢ ᠰᠤᠳᠤᠯᠤᠨ ᠶᠠᠷᠢᠯᠴᠠᠵᠤ᠂ ᠺᠢᠨᠣ᠋ ᠲᠧᠯᠸᠢᠰ ᠪᠣᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠣᠶᠣᠯ ᠪᠣᠯᠤᠨ ᠵᠢᠭᠤᠯᠴᠢᠯᠠᠯ ᠤᠨ ᠡᠬᠢ ᠪᠠᠶᠠᠯᠢᠭ ᠤᠨ ᠬᠦᠴᠦᠨ ᠵᠦᠢᠯ ᠤᠨ ᠣᠷᠣᠨ ᠪᠦᠰᠡ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ᠂ ᠠᠵᠢᠯ ᠲᠥᠷᠥᠯ ᠠᠯᠤᠰᠯᠠᠨ ᠬᠠᠮᠲᠤᠷᠠᠯᠴᠠᠵᠤ ᠰᠢᠨ᠎ᠡ ᠶᠢ ᠡᠭᠦᠳᠬᠦ᠂ ᠬᠦᠴᠦᠨ ᠨᠡᠮᠡᠷᠢᠯᠡᠵᠦ ᠬᠥᠭᠵᠢᠭᠦᠯᠬᠦ ᠶᠢ ᠠᠬᠢᠭᠤᠯᠬᠤ ᠶᠢᠨ ᠲᠥᠯᠥᠭᠡ ᠶᠤᠮ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠪᠡᠭᠡᠵᠢᠩ ᠬᠤᠲᠠ ᠶᠢᠨ ᠳᠡᠳ᠋ ᠳᠠᠷᠤᠭ᠎ᠠ ᠰᠾᠢ ᠮᠠ ᠬᠤᠩ ᠶᠠᠷᠢᠶᠠᠨ ᠤ ᠲᠠᠪᠴᠠᠩ ᠳᠤ ᠣᠷᠣᠯᠴᠠᠵᠤ ᠪᠠᠶᠠᠷ ᠤᠨ ᠦᠭᠡ ᠬᠡᠯᠡᠪᠡ᠃  ᠣᠶᠢᠷ᠎ᠠ ᠶᠢᠨ ᠵᠢᠯ ᠤᠨ ᠲᠤᠷᠰᠢ᠂ ᠮᠠᠨ ᠤ ᠤᠯᠤᠰ ᠤᠨ ᠺᠢᠨᠣ᠋ ᠲᠧᠯᠸᠢᠰ ᠤᠨ ᠠᠵᠤ ᠦᠢᠯᠡᠰ ᠴᠡᠴᠡᠭᠯᠡᠨ ᠬᠥᠭᠵᠢᠵᠦ᠂ ᠺᠢᠨᠣ᠋ ᠲᠧᠯᠸᠢᠰ ᠪᠣᠯᠤᠨ ᠰᠣᠶᠣᠯ ᠵᠢᠭᠤᠯᠴᠢᠯᠠᠯ ᠤᠨ ᠬᠠᠮᠵᠢᠯᠴᠠᠨ ᠬᠥᠭᠵᠢᠬᠦ ᠦᠢᠯᠡᠳᠦᠯ ᠡᠳᠦᠷ ᠢᠷᠡᠬᠦᠶ᠎ᠡ ᠳᠣᠪᠤᠶᠢᠮ᠎ᠠ ᠪᠣᠯᠵᠤ᠂ ︽ᠨᠢᠭᠡ ᠬᠤᠲᠠ ᠨᠢᠭᠡ ᠵᠦᠴᠦᠭᠡ ᠶᠢ ᠭᠠᠷᠭᠠᠵᠤ᠂ ᠨᠢᠭᠡ ᠵᠦᠴᠦᠭᠡ ᠪᠠᠷ ᠨᠢᠭᠡ ᠬᠤᠲᠠ ᠶᠢ ᠬᠠᠯᠠᠭᠤᠷᠠᠭᠤᠯᠬᠤ︾ ᠦᠵᠡᠭᠳᠡᠯ ᠤᠯᠠᠮ ᠠᠴᠠ ᠤᠯᠠᠮ ᠨᠡᠶᠢᠳᠡᠮ ᠦᠵᠡᠭᠳᠡᠯ ᠪᠣᠯᠵᠤ ᠪᠠᠶᠢᠨ᠎ᠠ᠃ ᠪᠦᠷᠢᠳᠭᠡᠭᠰᠡᠨ ᠢᠶᠠᠷ᠂  ᠵᠢᠱᠢᠶᠡᠯᠡᠪᠡᠯ ︽ᠢᠷᠮᠡᠭᠦᠨ ᠲᠡᠮᠡᠴᠡᠯ︾ ᠤᠨ ᠬᠠᠯᠠᠮᠰᠢᠯ ᠨᠢ ᠵᠢᠶᠠᠩ ᠮᠧᠨ ᠢ 2023 ᠣᠨ ᠤ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠡᠳᠦᠷ ᠳᠤᠮᠳᠠᠴᠢ ᠪᠠᠷ ᠵᠤᠭᠠᠴᠠᠭᠰᠠᠳ ᠢ 38 ᠲᠦᠮᠡᠨ ᠬᠥᠮᠦᠨ ᠤᠳᠠᠭ᠎ᠠ ᠢᠯᠡᠭᠦᠦ ᠬᠦᠯᠢᠶᠡᠨ ᠠᠪᠴᠤ᠂ ᠡᠳᠦᠷ ᠤᠨ ᠳᠤᠮᠳᠠᠴᠢ ᠵᠢᠭᠤᠯᠴᠢᠯᠠᠯ ᠤᠨ ᠶᠡᠷᠦᠩᠬᠡᠢ ᠣᠷᠣᠯᠭ᠎ᠠ ᠨᠢ 2.1 ᠳ᠋ᠦᠩᠰᠢᠭᠤᠷ ᠲᠥᠭᠦᠷᠢᠭ ᠢ ᠳᠠᠪᠠᠪᠠ︔ ︽ᠪᠠᠳᠠᠷᠠᠩᠭᠤᠢ ᠴᠡᠴᠡᠭ︾ ᠤᠨ ᠨᠡᠪᠲᠡᠷᠡᠭᠦᠯᠭᠡ ᠨᠢ ᠬᠠᠲᠤᠨ ᠭᠤᠣᠯ ᠤᠨ ᠵᠠᠮ ᠤᠨ ᠵᠢᠭᠤᠯᠴᠢᠯᠠᠯ ᠤᠨ ᠬᠠᠶᠢᠯᠲᠠ ᠶᠢᠨ ᠬᠠᠯᠠᠭᠤᠷᠠᠯ ᠢ ᠳᠠᠶᠢᠴᠢᠯᠠᠪᠠ︔ ︽ᠠᠯᠳᠠᠢ ᠮᠢᠨᠢ︾ ᠶᠢ ᠨᠡᠪᠲᠡᠷᠡᠭᠦᠯᠦᠭᠰᠡᠨ ᠠᠴᠠ ᠨᠠᠭᠠᠰᠢ ᠰᠢᠨᠵᠢᠶᠠᠩ ᠤᠨ ᠠᠯᠲᠠᠢ ᠣᠷᠣᠨ ᠤ ᠪᠣᠷᠵᠢᠨ ᠰᠢᠶᠠᠨ᠂ ᠬᠠᠪᠠᠾᠧ ᠰᠢᠶᠠᠨ ᠵᠡᠷᠭᠡ ᠭᠠᠵᠠᠷ ᠤᠨ ᠵᠤᠭᠠᠴᠠᠭᠰᠠᠳ ᠢ 267.87 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 80.65% ᠪᠠᠷ ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ ᠨᠢ 22.14 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 93.19% ᠪᠠᠷ ᠨᠡᠮᠡᠭᠳᠡᠵᠡᠢ᠃  ᠴᠥᠭᠡᠨ ᠪᠤᠰᠤ ᠺᠢᠨᠣ᠋ ᠲᠧᠯᠸᠢᠰ ᠵᠦᠴᠦᠭᠡ ᠨᠢ ᠨᠢᠭᠡᠨᠲᠡ ᠬᠤᠲᠠ ᠶᠢᠨ ᠰᠣᠶᠣᠯ ᠵᠢᠭᠤᠯᠴᠢᠯᠠᠯ ᠤᠨ ᠰᠢᠨ᠎ᠡ ᠨᠡᠷ᠎ᠡ ᠶᠢᠨ ᠬᠠᠭᠤᠳᠠᠰᠤ ᠪᠣᠯᠵᠤ᠂ ᠦᠵᠡᠭᠴᠢᠳ ᠲᠤ ᠵᠦᠴᠦᠭᠡ ᠶᠢᠨ ᠦᠢᠯᠡ ᠶᠠᠪᠤᠳᠠᠯ ᠤᠨ ᠳᠤᠮᠳᠠ ᠠᠭᠤᠯᠠ ᠤᠰᠤ᠂ ᠲᠡᠦᠬᠡ ᠰᠣᠶᠣᠯ ᠢᠷᠭᠡᠨᠰᠢᠯ ᠢ ᠰᠣᠨᠢᠷᠬᠠᠬᠤ᠂ ᠬᠥᠮᠦᠨ ᠤ ᠶᠢᠷᠲᠢᠨᠴᠦ ᠶᠢᠨ ᠡᠩ ᠶᠡᠷᠦᠮᠳᠡᠭ ᠤᠨ ᠰᠣᠨᠢᠷᠬᠠᠯ ᠢ ᠣᠶᠢᠯᠠᠭᠠᠭᠤᠯᠵᠤ᠂ ᠡᠭᠦᠨ ᠤ ᠤᠯᠠᠮ ᠢᠶᠠᠷ ᠲᠡᠳᠡᠨ ᠤ ᠲᠤᠬᠠᠶ ᠶᠢᠨ ᠭᠠᠵᠠᠷ ᠲᠤ ᠬᠦᠷᠴᠦ ᠣᠶᠢᠯᠠᠭᠠᠯᠲᠠ ᠪᠠ ᠲᠥᠷᠥᠭᠳᠡᠯ ᠢᠶᠠᠨ ᠬᠥᠭᠵᠢᠭᠡᠬᠦ ᠴᠢᠩᠭ᠎ᠠ ᠬᠦᠰᠡᠯ ᠡᠷᠡᠮᠡᠯᠵᠡᠯ ᠢ ᠨᠢ ᠬᠥᠭᠵᠢᠭᠡᠵᠦ᠂ ︽ᠺᠢᠨᠣ᠋ ᠲᠧᠯᠸᠢᠰ + ᠰᠣᠶᠣᠯ ᠵᠢᠭᠤᠯᠴᠢᠯᠠᠯ︾ ᠬᠤᠤᠰ ᠴᠢᠭᠯᠡᠯ ᠤᠨ ᠬᠥᠭᠡᠭᠡᠴᠡᠯᠳᠦᠯ ᠳᠤᠮᠳᠠ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠪᠠ᠃  ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠷᠢᠯᠴᠠᠨ ᠠᠮᠵᠢᠯᠲᠠ ᠪᠦᠲᠦᠮᠵᠢ ᠭᠠᠷᠭᠠᠵᠤ᠂ ᠺᠢᠨᠣ᠋ ᠲᠧᠯᠸᠢᠰ ᠰᠣᠶᠣᠯ ᠵᠢᠭᠤᠯᠴᠢᠯᠠᠯ ᠤᠨ ᠠᠭᠤᠰᠤᠯᠴᠠᠯ ᠨᠡᠪᠲᠡᠷᠡᠯᠴᠡᠯ ᠢ ᠠᠬᠢᠭᠤᠯᠪᠠ  ᠵᠦ ᠶᠦᠩ ᠯᠸᠢ ᠂ ᠥᠷᠭᠡᠨ ᠣᠯᠠᠨ ᠠᠵᠢᠯ ᠡᠷᠭᠢᠯᠡᠭᠴᠢᠳ ᠰᠢ ᠶᠢᠨ ᠫᠢᠩ ᠤᠨ ᠰᠣᠶᠣᠯ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠨᠢᠭᠡ ᠳᠤ᠂ ᠴᠠᠭ ᠦᠶ᠎ᠡ ᠶᠢ ᠠᠩᠬᠠᠷᠴᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠷᠢᠳᠢ ᠰᠢᠳᠢ ᠪᠠᠷ ᠪᠢᠯᠬᠠᠭᠰᠠᠨ ᠦᠯᠢᠭᠡᠷ ᠪᠠ ᠵᠢᠷᠤᠭ ᠢᠶᠠᠷ ᠥᠷᠭᠡᠨ ᠤᠯᠠᠨ ᠦᠵᠡᠭᠴᠢᠳ ᠢ ᠲᠠᠲᠠᠵᠤ ᠡᠬᠡ ᠤᠯᠤᠰ ᠤᠨ ᠦᠵᠡᠮᠵᠢ ᠶᠢ ᠦᠵᠡᠭᠦᠯᠵᠦ᠂ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠢ︔ ᠬᠤᠶᠠᠷ ᠲᠤ ᠂ ᠠᠷᠠᠳ ᠲᠦᠮᠡᠨ ᠢ ᠪᠤᠳᠤᠵᠤ᠂ ᠠᠮᠢᠳᠤᠷᠠᠯ ᠲᠠᠢ ᠣᠶᠢᠷᠠᠳᠴᠤ᠂ ᠡᠳᠦᠷ ᠲᠤᠳᠤᠮ ᠤᠨ ᠠᠮᠢᠳᠤᠷᠠᠯ ᠤᠨ ᠭᠤᠸ᠎ᠠ ᠰᠠᠶᠢᠬᠠᠨ ᠤ ᠲᠦᠷᠦᠭᠳᠡᠯ ᠡᠩᠬᠡ ᠲᠠᠶᠢᠪᠤᠩ ᠠᠮᠢ ᠨᠠᠰᠤᠨ ᠤ ᠭᠤᠸ᠎ᠠ ᠰᠠᠶᠢᠬᠠᠨ ᠢ ᠢᠯᠡᠷᠡᠭᠦᠯᠵᠦ᠂ ᠰᠡᠭᠦᠳᠡᠷᠯᠡᠬᠦ ᠭᠠᠵᠠᠷ ᠢ ᠨᠡᠩ ᠷᠢᠳᠢ ᠰᠢᠳᠢ ᠲᠠᠢ ᠪᠣᠯᠭᠠᠵᠤ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠢ︔ ᠭᠤᠷᠪᠠ ᠳᠤ᠂ ᠰᠢᠨ᠎ᠡ ᠶᠢ ᠡᠭᠦᠳᠬᠦ ᠶᠢ ᠴᠢᠩᠭᠠᠳᠬᠠᠵᠤ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠤᠷᠠᠯᠢᠭᠴᠢᠳ ᠤᠨ ᠠᠮᠢᠳᠤᠷᠠᠯ ᠤᠨ ᠬᠡᠪ ᠰᠤᠷᠲᠠᠯ ᠪᠠ ᠵᠣᠬᠢᠶᠠᠨ ᠪᠦᠲᠦᠭᠡᠯᠭᠡ ᠳᠤ ᠨᠡᠩ ᠳᠥᠭᠦᠮ ᠨᠥᠬᠦᠴᠡᠯ ᠬᠠᠩᠭᠠᠵᠤ᠂ ᠠᠪᠢᠶᠠᠰ ᠪᠢᠯᠢᠭ ᠢ ᠰᠡᠩᠬᠡᠷᠡᠭᠦᠯᠵᠦ᠂ ᠰᠢᠮᠡᠵᠢᠭᠦᠯᠵᠤ᠂ ᠵᠦᠴᠦᠭᠡ ᠪᠠᠷ ᠦᠵᠡᠮᠵᠢ ᠪᠦᠲᠦᠭᠡᠬᠦ ᠶᠢ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠰᠢᠨ᠎ᠡ ᠬᠥᠳᠡᠯᠭᠡᠭᠦᠷ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃  ᠰᠾᠢ ᠮᠠ ᠬᠤᠩ ᠪᠠᠶᠠᠷ ᠤᠨ ᠦᠭᠡᠨ ᠳᠤ ᠪᠠᠨ᠂ ᠪᠡᠭᠡᠵᠢᠩ ᠬᠤᠳᠠ ᠶᠢᠨ ᠬᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠰᠣᠶᠣᠯ ᠪᠣᠯᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠪᠠᠶᠢᠭᠤᠯᠤᠯ ᠲᠣᠭᠲᠠᠴᠠ ᠶᠢ ᠪᠦᠷᠢᠨᠰᠢᠬᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠲᠦᠭᠡᠯ ᠢ ᠬᠦᠴᠦᠯᠡᠨ ᠰᠠᠶᠢᠲᠤᠷ ᠪᠤᠶᠢᠵᠢᠭᠤᠯᠵᠤ᠂ ᠰᠢᠨ᠎ᠡ ᠦᠵᠡᠭᠳᠡᠯ ᠢ ᠥᠷᠭᠡᠳᠬᠡᠵᠦ᠂ ᠶᠡᠭᠡ ᠠᠭᠤᠰᠤᠯᠴᠠᠯ ᠢ ᠠᠬᠢᠭᠤᠯᠵᠤ᠂ ᠲᠡᠦᠬᠡ ᠰᠣᠶᠣᠯ ᠤᠨ ᠡᠬᠢ ᠪᠠᠶᠠᠯᠢᠭ᠂ ᠵᠢᠭᠤᠯᠴᠢᠯᠠᠯ ᠤᠨ ᠡᠬᠢ ᠪᠠᠶᠠᠯᠢᠭ ᠪᠣᠯᠤᠨ ᠺᠢᠨᠣ᠋ ᠲᠧᠯᠸᠢᠰ ᠤᠨ ᠡᠬᠢ ᠪᠠᠶᠠᠯᠢᠭ ᠢ ᠴᠢᠨᠠᠷ ᠰᠠᠶᠢᠲᠠᠢ ᠬᠥᠭᠵᠢᠯᠲᠡ ᠶᠢᠨ ᠳᠠᠪᠠᠭᠤᠯᠢᠭ ᠪᠣᠯᠭᠠᠬᠤ ᠪᠠᠷ ᠴᠢᠷᠮᠠᠶᠢᠨ᠎ᠠ ᠭᠡᠵᠦ ᠢᠯᠡᠳᠬᠡᠪᠡ᠃  ᠴᠢᠨᠠᠷ ᠰᠠᠶᠢᠲᠠᠢ ᠺᠢᠨᠣ᠋ ᠲᠧᠯᠸᠢᠰ ᠤᠨ IP ᠶᠢ ᠡᠭᠦᠳᠴᠦ᠂ ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠠᠬᠤᠢ ᠪᠠᠶᠢᠳᠠᠯ ᠤᠨ ᠬᠤᠪᠢᠷᠠᠯᠲᠠ ᠶᠢ ᠪᠡᠶᠡᠯᠡᠭᠦᠯᠪᠡ  ᠶᠠᠷᠢᠶᠠᠨ ᠤ ᠲᠠᠪᠴᠠᠩ ᠳᠡᠭᠡᠷ᠎ᠡ᠂ ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠬᠤ᠂ ᠺᠢᠨᠣ᠋ ᠲᠧᠯᠸᠢᠰ ᠤᠨ ᠰᠢᠨ᠎ᠡ ᠬᠡᠪ ᠵᠠᠭᠪᠤᠷ ᠢ ᠡᠭᠦᠳᠬᠦ᠂ ᠰᠣᠶᠣᠯ ᠵᠢᠭᠤᠯᠴᠢᠯᠠᠯ ᠤᠨ ᠰᠢᠨ᠎ᠡ ᠦᠵᠡᠭᠳᠡᠯ ᠢ ᠳᠠᠮᠵᠢᠭᠤᠯᠬᠤ᠂ ᠰᠤᠭᠲᠤᠭᠤᠷᠠᠮᠠᠯ ᠮᠠᠶ᠋ᠢᠭ ᠤᠨ ᠵᠢᠭᠤᠯᠴᠢᠯᠠᠯ ᠤᠨ ᠰᠢᠨ᠎ᠡ ᠪᠡᠶᠡᠴᠢ ᠣᠶᠢᠯᠠᠭᠠᠯᠲᠠ ᠵᠡᠷᠭᠡ ᠭᠤᠤᠯ ᠰᠡᠳᠦᠪ ᠤᠨ ᠲᠣᠭᠤᠷᠢᠨ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ ᠤ ᠳᠡᠳ᠋ ᠳᠠᠷᠤᠭ᠎ᠠ ᠮᠠ ᠯᠢ᠂ ᠠᠶ ᠴᠢ ᠢ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠪᠦᠭᠡᠳ ᠶᠡᠷᠦᠩᠬᠡᠢ ᠨᠠᠶᠢᠷᠠᠭᠤᠯᠤᠭᠴᠢ ᠸᠠᠩ ᠵᠣᠣ ᠨᠠᠨ᠂ ᠴᠢᠩᠬᠤᠸᠠ ᠶᠡᠭᠡ ᠰᠤᠷᠭᠠᠭᠤᠯᠢ ᠶᠢᠨ ᠰᠣᠨᠢᠨ ᠮᠡᠳᠡᠭᠡ ᠪᠠ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠵᠠᠩ ᠵᠧᠩ᠂ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠭᠧ ᠯᠸᠢ᠂ ᠳᠤᠮᠳᠠᠳᠤ ᠤᠯᠤᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠶᠢᠭᠡᠮᠯᠢᠭ ᠤᠨ ᠰᠣᠭᠲᠤᠭᠤᠷᠠᠮᠠᠯ ᠮᠠᠶ᠋ᠢᠭ ᠤᠨ ᠰᠣᠶᠣᠯ ᠵᠢᠭᠤᠯᠴᠢᠯᠠᠯ ᠤᠨ ᠲᠤᠰᠬᠠᠶ ᠮᠡᠷᠭᠡᠵᠢᠯ ᠤᠨ ᠵᠥᠪᠯᠡᠯ ᠤᠨ ᠲᠤᠰᠬᠠᠶ ᠮᠡᠷᠭᠡᠵᠢᠯᠲᠡᠨ ᠤ ᠳᠠᠷᠤᠭ᠎ᠠ ᠸᠠᠩ ᠳ᠋ᠦᠩ ᠵᠡᠷᠭᠡ ᠬᠦᠨᠳᠦᠲᠦ ᠵᠣᠴᠢᠳ ᠭᠤᠤᠯ ᠰᠡᠳᠦᠪᠲᠦ ᠶᠠᠷᠢᠶ᠎ᠠ ᠢᠯᠡᠳᠬᠡᠯ ᠬᠢᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠺᠢᠨᠣ᠋ ᠲᠧᠯᠸᠢᠰ ᠪᠠ ᠰᠣᠶᠣᠯ ᠵᠢᠭᠤᠯᠴᠢᠯᠠᠯ ᠤᠨ ᠡᠲᠡᠭᠡᠳ ᠤᠨ ᠬᠢᠨ ᠵᠡᠷᠭᠡ ᠠᠳᠠᠯᠢ ᠪᠤᠰᠤ ᠲᠠᠯ᠎ᠠ ᠠᠴᠠ ᠺᠢᠨᠣ᠋ ᠲᠧᠯᠸᠢᠰ ᠤᠨ ᠵᠢᠭᠤᠯᠴᠢᠯᠠᠯ ᠤᠨ ᠠᠭᠤᠰᠤᠯᠴᠠᠯ ᠤᠨ ᠲᠠᠯ᠎ᠠ ᠶᠢᠨ ᠰᠢᠨ᠎ᠡ ᠦᠷ᠎ᠡ ᠪᠦᠲᠦᠭᠡᠯ ᠪᠠ ᠰᠢᠨ᠎ᠡ ᠪᠣᠳᠣᠯᠬᠢᠯᠠᠯ ᠢ ᠬᠤᠪᠢᠶᠠᠯᠴᠠᠨ ᠡᠳ᠋ᠯᠡᠬᠦ ᠶᠢᠨ ᠬᠠᠮᠲᠤ ᠺᠢᠨᠣ᠋ ᠲᠧᠯᠸᠢᠰ ᠪᠠ ᠰᠣᠶᠣᠯ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠵᠠᠶ ᠶᠢ ᠬᠡᠷᠬᠢᠨ ᠤᠯᠠᠮ ᠨᠢᠭᠡ ᠠᠯᠬᠤᠮ ᠥᠷᠭᠡᠳᠬᠡᠬᠦ ᠲᠤᠬᠠᠶ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃  ᠠᠢ ᠴᠢ ᠢ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ ᠪᠥᠭᠡᠳ ᠶᠡᠷᠦᠩᠬᠡᠢ ᠨᠠᠶᠢᠷᠠᠭᠤᠯᠤᠭᠴᠢ ᠸᠠᠩ ᠵᠤᠤ ᠨᠠᠨ ᠂ ᠺᠢᠨᠣ᠋ ᠲᠧᠯᠸᠢᠰ ᠪᠣᠯᠤᠨ ᠰᠣᠶᠣᠯ ᠵᠢᠭᠤᠯᠴᠢᠯᠠᠯ ᠤᠨ ᠭᠦᠨᠵᠡᠭᠡᠢ ᠬᠤᠯᠪᠣᠯᠳᠤᠯ ᠨᠢ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠠᠭᠤᠴᠢᠨ ᠬᠥᠳᠡᠯᠭᠡᠭᠴᠢ ᠬᠦᠴᠦᠨ ᠤ ᠰᠣᠯᠢᠭᠳᠠᠯ ᠤᠨ ᠵᠠᠩᠭᠢᠯᠠᠭ᠎ᠠ ᠶᠢᠨ ᠬᠦᠴᠢᠷ ᠠᠰᠠᠭᠤᠳᠠᠯ ᠪᠣᠯᠵᠠᠢ᠃ ᠺᠢᠨᠣ᠋ ᠲᠧᠯᠸᠢᠰ ᠤᠨ ᠪᠦᠲᠦᠭᠡᠯ ᠪᠣᠯ ᠬᠤᠳᠠ ᠶᠢ ᠬᠠᠯᠠᠭᠤᠷᠠᠭᠤᠯᠬᠤ ᠶᠢᠨ ᠴᠢᠬᠤᠯᠠ ᠠᠷᠭ᠎ᠠ ᠬᠡᠯᠪᠡᠷᠢ ᠮᠥᠨ᠂ ᠺᠢᠨᠣ᠋ ᠲᠧᠯᠸᠢᠰ ᠤᠨ ᠠᠭᠤᠯᠭ᠎ᠠ ᠶᠢᠨ ᠰᠡᠳᠦᠪ ᠢ ᠪᠠᠶᠠᠯᠢᠭᠵᠢᠭᠤᠯᠬᠤ ᠪᠠ ᠦᠵᠡᠭᠳᠡᠯ ᠤᠨ ᠬᠡᠷᠡᠭᠯᠡᠭᠡ ᠶᠢᠨ ᠬᠥᠭᠵᠢᠨ ᠮᠠᠨᠳᠤᠬᠤ ᠨᠢ ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠬᠤᠯᠪᠣᠭᠠᠯᠠᠨ ᠬᠥᠳᠡᠯᠦᠯᠴᠡᠬᠦ ᠳᠤ ᠰᠢᠨ᠎ᠡ ᠠᠵᠠ ᠲᠣᠬᠢᠶᠠᠯ ᠣᠯᠭᠤᠨ᠎ᠠ ᠭᠡᠵᠦ ᠵᠢᠭᠠᠵᠤ ᠭᠠᠷᠭᠠᠪᠠ᠃ ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠬᠤᠯᠪᠣᠭᠠᠯᠠᠨ ᠬᠥᠳᠡᠯᠦᠯᠴᠡᠬᠦ ᠦᠷᠭᠦᠯᠵᠢᠯᠡᠬᠦᠴᠢᠡ ᠬᠥᠭᠵᠢᠯᠲᠡ ᠶᠢ ᠬᠡᠷᠬᠢᠨ ᠪᠡᠶᠡᠯᠡᠭᠦᠯᠬᠦ ᠠᠰᠠᠭᠤᠳᠠᠯ ᠤᠨ ᠲᠤᠬᠠᠶ᠂ ᠸᠠᠩ ᠵᠣᠣ ᠨᠠᠨ ᠤ ᠦᠵᠡᠬᠦ ᠪᠠᠷ᠂ ᠭᠤᠣᠯᠳᠠᠯᠭ᠎ᠠ ᠨᠢ IP ᠶᠢᠨ ᠣᠯᠠᠨ ᠡᠰᠢᠵᠢᠭᠰᠡᠨ ᠨᠡᠭᠡᠭᠡᠨ ᠬᠥᠭᠵᠢᠭᠦᠯᠦᠯᠲᠡ ᠳᠤ ᠪᠠᠶᠢᠵᠤ᠂ IP ᠥᠷᠲᠡᠭ ᠢ ᠦᠷᠭᠦᠯᠵᠢᠯᠡᠨ ᠶᠡᠬᠡᠰᠬᠡᠵᠦ᠂ IP ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠤᠷᠲᠤᠳᠬᠠᠵᠤ᠂ ᠺᠢᠨᠣ᠋ ᠲᠧᠯᠸᠢᠰ ᠤᠨ IP ᠣᠷᠣᠨ ᠨᠤᠲᠤᠭ ᠤᠨ ᠰᠣᠶᠣᠯ ᠵᠢᠭᠤᠯᠴᠢᠯᠠᠯ ᠳᠤ ᠬᠦᠴᠦᠨ ᠨᠡᠮᠡᠷᠢᠯᠡᠬᠦ ᠦᠢᠯᠡᠳᠦᠯ ᠢ ᠪᠠᠳᠠᠷᠠᠭᠤᠯᠬᠤ ᠳᠤ ᠪᠠᠶᠢᠨ᠎ᠠ ᠭᠡᠵᠡᠢ ᠃  ᠴᠢᠩᠬᠤᠸᠠ ᠶᠡᠭᠡ ᠰᠤᠷᠭᠠᠭᠤᠯᠢ ᠶᠢᠨ ᠰᠣᠨᠢᠨ ᠮᠡᠳᠡᠭᠡ ᠪᠠ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠵᠠᠩ ᠵᠧᠩ ᠡᠷᠳᠡᠮ ᠰᠢᠨᠵᠢᠯᠡᠭᠡᠨ ᠤ ᠠᠵᠢᠭᠯᠠᠯᠲᠠ ᠶᠢᠨ ᠬᠠᠷᠠᠭᠠᠰᠤ ᠠᠴᠠ ᠲᠡᠭᠦᠨ ᠤ ᠺᠢᠨᠣ᠋ ᠲᠧᠯᠸᠢᠰ ᠪᠠ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠲᠤᠬᠠᠶ ᠪᠣᠳᠣᠯᠬᠢᠯᠠᠯ ᠢᠶᠠᠨ ᠬᠤᠪᠢᠶᠠᠯᠴᠠᠵᠤ᠂ ᠵᠢᠭᠤᠯᠴᠢᠯᠠᠯ ᠤᠨ ᠬᠤᠲᠠ ᠶᠢᠨ ᠬᠥᠭᠵᠢᠯᠲᠡ ᠶᠢᠨ ᠳᠤᠮᠳᠠ ᠳᠠᠮᠵᠢᠭᠤᠯᠤᠭᠳᠠᠭᠰᠠᠨ ᠨᠢ ᠵᠠᠩᠭᠢᠯᠠᠭ᠎ᠠ ᠶᠢᠨ ᠦᠢᠯᠡᠳᠦᠯ ᠦᠵᠡᠭᠦᠯᠵᠦ᠂ ᠢᠯᠠᠩᠭᠤᠶ᠎ᠠ ᠭᠦᠨᠴᠡ ᠶᠢᠨ ᠴᠠᠭ ᠦᠶ᠎ᠡ ᠳᠤ᠂ ᠰᠠᠶᠢᠨ ᠵᠢᠭᠤᠯᠴᠢᠯᠠᠯ ᠤᠨ ᠵᠣᠷᠢᠭᠰᠠᠨ ᠭᠠᠵᠠᠷ ᠪᠠ ᠦᠢᠯᠡᠳᠬᠦᠨ ᠨᠢ ᠳᠠᠮᠵᠢᠭᠤᠯᠭ᠎ᠠ ᠶᠢᠨ ᠠᠷᠭ᠎ᠠ ᠪᠠᠷᠢᠯ ᠳᠤ ᠲᠦᠰᠢᠭᠯᠡᠪᠡᠯ ᠰᠠᠶ᠋ᠢ ᠨᠠᠩ ᠣᠯᠠᠨ ᠬᠥᠮᠦᠨ ᠳᠤ ᠮᠡᠳᠡᠭᠳᠡᠵᠦ ᠴᠢᠳᠠᠨ᠎ᠠ ᠭᠡᠵᠦ ᠦᠵᠡᠪᠡ᠃ ᠺᠢᠨᠣ᠋ ᠲᠧᠯᠸᠢᠰ ᠨᠢ ᠴᠢᠬᠤᠯᠠ ᠳᠠᠮᠵᠢᠭᠤᠯᠭ᠎ᠠ ᠶᠢᠨ ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ ᠭᠦᠨᠴᠡ ᠲᠠᠢ ᠪᠣᠳᠠᠭᠠᠯᠢ ᠪᠡᠶ᠎ᠡ ᠶᠢᠨ ᠨᠡᠪᠲᠡᠷᠡᠯᠴᠡᠯ ᠢ ᠠᠪᠴᠢᠷᠠᠵᠤ᠂ ᠳᠠᠬᠢᠨ ᠪᠠᠶᠢᠭᠤᠯᠬᠤ ᠭᠠᠵᠠᠷ ᠣᠷᠣᠨ ᠤ ᠲᠥᠷᠥᠭᠳᠡᠯ ᠢ ᠠᠪᠴᠢᠷᠠᠵᠤ ᠴᠢᠳᠠᠨ᠎ᠠ᠃ ᠢᠷᠡᠭᠡᠳᠦᠢ ᠳᠤ ᠺᠢᠨᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ ᠳᠤ ᠴᠠᠭ ᠬᠤᠭᠤᠴᠠᠭᠠᠲᠤ ᠴᠢᠨᠠᠷ ᠢ ᠴᠢᠬᠤᠯᠠᠴᠢᠯᠠᠬᠤ ᠬᠡᠷᠡᠭᠲᠡᠢ ᠭᠡᠵᠡᠢ᠃  ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠭᠧ ᠯᠧᠢ ︽ᠵᠢᠭᠤᠯᠴᠢᠯᠠᠯ ᠤᠨ ᠴᠠᠭ ᠦᠶ᠎ᠡ ᠭᠡᠵᠦ ᠪᠠᠶᠢᠬᠤ ᠦᠭᠡᠢ᠂ ᠵᠥᠪᠬᠡᠨ ᠴᠠᠭ ᠦᠶ᠎ᠡ ᠶᠢᠨ ᠵᠢᠭᠤᠯᠴᠢᠯᠠᠯ ᠭᠡᠵᠦ ᠪᠠᠶᠢᠨ᠎ᠠ︾ ᠂ ᠴᠠᠭ ᠦᠶ᠎ᠡ ᠪᠦᠷᠢ ᠶᠢᠨ ᠵᠢᠭᠤᠯᠴᠢᠯᠠᠯ ᠤᠨ ᠬᠥᠭᠵᠢᠯᠲᠡ ᠨᠢ ᠴᠥᠮ ᠴᠠᠭ ᠦᠶ᠎ᠡ ᠶᠢᠨ ᠬᠡᠷᠡᠭᠴᠡᠭᠡ ᠲᠠᠢ ᠨᠢᠭᠲᠠ ᠬᠤᠯᠪᠣᠭ᠎ᠠ ᠲᠠᠢ ᠭᠡᠵᠦ ᠦᠵᠡᠪᠡ᠃ ᠭᠧ ᠯᠸᠢ ᠡᠤ ᠵᠧᠨ ᠪᠠᠯᠭᠠᠰᠤᠨ ᠤ ᠲᠧᠯᠸᠢᠰ ᠵᠦᠴᠦᠭᠡ᠂ ᠣᠳᠣᠨ ᠣᠷᠣᠨ ᠪᠠ ᠤᠳᠬ᠎ᠠ ᠤᠷᠠᠯᠢᠭ ᠤᠨ ᠠᠵᠢᠯᠯᠠᠭ᠎ᠠ ᠵᠡᠷᠭᠡ ᠪᠠᠷ ᠬᠤᠲᠠ ᠶᠢᠨ ᠨᠡᠷ᠎ᠡ ᠶᠢᠨ ᠬᠠᠭᠤᠳᠠᠰᠦ ᠶᠢ ᠠᠮᠵᠢᠯᠲᠠ ᠲᠠᠢ ᠱᠤᠭᠤᠵᠤ᠂ ᠠᠯᠳᠠᠢ ᠶᠢᠨ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠤᠨ ᠠᠭᠤᠯᠭ᠎ᠠ ᠪᠠᠷ ᠰᠢᠯᠢᠳᠡᠭ ᠪᠦᠲᠦᠭᠡᠯ ᠢ ᠪᠤᠶᠢᠵᠢᠭᠤᠯᠵᠤ᠂ ᠲᠧᠯᠸᠢᠰ ᠵᠦᠴᠦᠭᠡ ︽ᠤᠯᠠᠭᠠᠨ ᠠᠰᠠᠷ ᠤᠨ ᠵᠡᠭᠦᠳᠦ︾ ᠶᠢ ᠲᠦᠰᠢᠭᠯᠡᠵᠦ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠣᠭᠴᠠᠯᠠᠭᠰᠠᠨ ᠵᠡᠷᠭᠡ ᠬᠡᠷᠡᠭ ᠤᠨ ᠵᠢᠱᠢᠶ᠎ᠡ ᠶᠢ ᠬᠤᠪᠢᠶᠠᠯᠴᠠᠨ ᠂ ︽ᠵᠢᠭᠤᠯᠴᠢᠯᠠᠯ ᠤᠨ ᠦᠵᠡᠮᠵᠢ ᠶᠢ ᠬᠡᠷᠡᠭᠯᠡᠨ ᠲᠧᠯᠸᠢᠰ ᠢ ᠰᠡᠭᠦᠳᠡᠷᠯᠡᠵᠦ᠂ ᠺᠢᠨᠣ᠋ ᠲᠧᠯᠸᠢᠰ ᠤᠨ ᠰᠡᠳᠬᠢᠬᠦᠶ ᠪᠠᠷ ᠵᠢᠭᠤᠯᠴᠢᠯᠠᠯ ᠬᠢᠬᠦ︾ ᠪᠣᠳᠠᠲᠠᠶ ᠠᠭᠤᠯᠤᠭᠳᠠᠬᠤᠨ ᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠪᠡ᠃  ᠳᠤᠮᠳᠠᠳᠤ ᠤᠯᠤᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠶᠢᠭᠡᠮᠯᠢᠭ ᠤᠨ ᠰᠣᠭᠲᠤᠭᠤᠷᠠᠮᠠᠯ ᠮᠠᠶ᠋ᠢᠭ ᠤᠨ ᠰᠣᠶᠣᠯ ᠵᠢᠭᠤᠯᠴᠢᠯᠠᠯ ᠤᠨ ᠲᠤᠰᠬᠠᠶ ᠮᠡᠷᠭᠡᠵᠢᠯ ᠤᠨ ᠵᠥᠪᠯᠡᠯ ᠤᠨ ᠲᠤᠰᠬᠠᠶ ᠮᠡᠷᠭᠡᠵᠢᠯᠲᠡᠨ ᠤ ᠳᠠᠷᠤᠭ᠎ᠠ ᠸᠠᠩ ᠳ᠋ᠦᠩ ᠲᠣᠭᠠᠵᠢᠭᠤᠯᠤᠭᠰᠠᠨ ᠮᠡᠷᠭᠡᠵᠢᠯ ᠢᠶᠠᠷ ᠺᠢᠨᠣ᠋ ᠲᠧᠯᠸᠢᠰ ᠤᠨ IP ᠳᠤ ᠬᠦᠴᠦᠨ ᠨᠡᠮᠡᠷᠢᠯᠡᠵᠦ ᠳᠠᠬᠢᠨ ᠰᠤᠭᠲᠤᠭᠤᠷᠠᠮᠠᠯ ᠮᠠᠶ᠋ᠢᠭ ᠤᠨ ᠠᠬᠤᠶ ᠪᠠᠶᠢᠳᠠᠯ ᠢ ᠴᠣᠭᠴᠠᠯᠠᠬᠤ ᠶᠢ ᠭᠤᠤᠯᠳᠠᠯᠭ᠎ᠠ ᠲᠠᠢ ᠶᠠᠷᠢᠵᠤ᠂ ᠵᠢᠭᠤᠯᠴᠢᠯᠠᠯ ᠤᠨ ᠪᠡᠶᠡᠴᠢ ᠣᠶᠢᠯᠠᠭᠠᠯᠲᠠ ᠶᠢᠨ ᠲᠠᠯ᠎ᠠ ᠶᠢᠨ ᠴᠢᠬᠤᠯᠠ ᠦᠢᠯᠡᠳᠦᠯ ᠢ ᠳᠡᠭᠡᠭᠰᠢᠯᠡᠭᠦᠯᠪᠡ᠃ ᠸᠠᠩ ᠳ᠋ᠦᠩ ᠢᠯᠡᠷᠬᠡᠶᠢᠯᠡᠬᠦ ᠳᠤ ᠪᠠᠨ᠂ ᠤᠤᠯ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠨᠢ ᠨᠢᠭᠡᠨᠲᠡ ᠥᠩᠭᠡᠨ ᠲᠠᠯ᠎ᠠ ᠳᠤ ᠬᠢᠵᠠᠭᠠᠷᠯᠠᠭᠲᠠᠭᠰᠠᠨ ᠢᠶᠠᠷ ᠪᠠᠷᠠᠬᠤ ᠥᠬᠡᠶ᠂ ᠬᠠᠷᠢᠨ ᠨᠠᠩ ᠭᠦᠨ ᠳᠠᠪᠬᠤᠷᠭ᠎ᠠ ᠶᠢᠨ ᠤᠶᠠᠯᠳᠤᠯ ᠢ ᠰᠦᠪᠡᠭᠴᠢᠯᠡᠵᠦ ᠡᠬᠢᠯᠡᠭᠰᠡᠨ ᠶᠤᠮ᠃ ᠢᠯᠠᠩᠭᠤᠶ᠎ᠠ ᠲᠣᠭᠠᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠵᠣᠬᠢᠶᠠᠮᠠᠯ ᠣᠶᠤᠨ  ᠤ ᠲᠦᠷᠭᠡᠨ ᠬᠥᠭᠵᠢᠭᠰᠡᠨ ᠠᠬᠤᠶ ᠪᠠᠶᠢᠳᠠᠯ ᠳᠣᠤᠷ᠎ᠠ᠂ ᠲᠣᠭᠠᠵᠢᠭᠤᠯᠤᠯᠲᠠ ᠶᠢᠨ ᠬᠠᠷᠢᠯᠴᠠᠨ ᠪᠡᠶᠡᠴᠢᠯᠡᠨ ᠣᠶᠢᠯᠠᠭᠠᠯᠴᠠᠵᠤ ᠰᠤᠭᠲᠤᠭᠤᠷᠠᠮᠠᠯ ᠮᠠᠶ᠋ᠢᠭ ᠤᠨ ᠠᠬᠤᠶ ᠪᠠᠶᠢᠳᠠᠯ ᠢ ᠪᠣᠶ ᠪᠣᠯᠭᠠᠪᠠ ᠭᠡᠵᠡᠢ᠃  ᠭᠠᠵᠠᠷ ᠣᠷᠣᠨ ᠤ ᠵᠠᠩ ᠠᠭᠠᠯᠢ ᠳᠤ ᠲᠦᠰᠢᠭᠯᠡᠨ ᠵᠣᠬᠢᠶᠠᠨ ᠪᠦᠲᠦᠭᠡᠬᠦ ᠠᠵᠠ ᠲᠣᠬᠢᠶᠠᠯ ᠢ ᠬᠠᠶᠢᠨ ᠰᠦᠪᠡᠭᠴᠢᠯᠡᠵᠦ᠂ ᠣᠯᠠᠨ ᠡᠰᠢᠲᠦ ᠬᠠᠮᠵᠢᠯᠴᠠᠭ᠎ᠠ ᠨᠢ IP ᠶᠢᠨ ᠤᠷᠲᠤ ᠰᠡᠭᠦᠯᠲᠦ ᠦᠢᠯᠡᠴᠢᠯᠡᠯ ᠢ ᠲᠣᠮᠣᠷᠠᠭᠤᠯᠪᠠ  ᠳᠤᠭᠤᠢ ᠰᠢᠷᠡᠭᠡᠨ ᠤ ᠶᠠᠷᠢᠯᠴᠠᠭᠠᠨ ᠤ ᠭᠤᠭᠴᠤᠭ᠎ᠠ᠂ ᠠᠯᠲᠠᠢ ᠣᠷᠣᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠪᠴᠢᠶᠠᠨ ᠳᠠᠷᠤᠭ᠎ᠠ ᠳ᠋ᠧ ᠯᠢ ᠳ᠋ᠡ • ᠨᠠᠪᠢ᠂ ᠾᠧᠩ ᠳ᠋ᠢᠶᠠᠨ ᠺᠢᠨᠣ᠋ ᠲᠧᠯᠸᠢᠰ ᠤᠨ ᠬᠤᠳᠠ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᡁᠢ ᠸᠧᠢ᠂ ᠬᠤᠸᠠ ᠼᠧ ᠪᠦᠯᠦᠭᠯᠡᠯ ᠤᠨ ᠳᠡᠳ᠋ ᠶᠡᠷᠦᠩᠬᠡᠢ ᠨᠠᠶᠢᠷᠠᠭᠤᠯᠤᠭᠴᠢ ᠵᠢᠶᠠ ᠶᠣᠣ᠂ ︽ᠴᠠᠩ ᠠᠨ ᠤ ᠠᠷᠪᠠᠨ ᠬᠤᠶᠠᠷ ᠴᠠᠭ ︾ ᠤᠨ ᠶᠡᠷᠦᠩᠬᠡᠢ ᠹᠢᠯᠢᠮ ᠦᠢᠯᠡᠳᠦᠭᠴᠢ ᠯᠢᠶᠠᠩ ᠴᠣᠤ᠂ ︽ᠰᠠᠷᠭᠠᠢ ᠴᠡᠴᠡᠭ ᠤᠨ ᠦᠯᠢᠭᠡᠷ︾ ᠤᠨ ᠺᠢᠨᠣ᠋ ᠦᠢᠯᠡᠳᠦᠭᠴᠢ ᠵᠧᠩ ᠵᠦᠩ ᠯᠢ᠂ ︽ᠪᠠᠳᠠᠷᠠᠩᠭᠤᠢ ᠴᠡᠴᠡᠭ︾ ᠤᠨ ᠹᠢᠯᠢᠮ ᠦᠢᠯᠡᠳᠦᠭᠴᠢ ᠬᠤᠸᠠᠩ ᠰᠢᠩ ︽ᠺᠢᠨᠣ᠋ ᠲᠧᠯᠸᠢᠰ ᠪᠣᠯᠤᠨ ᠰᠣᠶᠣᠯ ᠵᠢᠭᠤᠯᠴᠢᠯᠠᠯ ᠤᠨ ᠬᠤᠣᠰ ᠴᠢᠭᠯᠡᠯ ᠤᠨ ᠬᠥᠭᠡᠭᠡᠴᠡᠯᠳᠦᠯ︾ ᠵᠡᠷᠭᠡ ᠠᠵᠢᠯ ᠲᠦᠷᠦᠯ ᠤᠨ ᠬᠠᠯᠠᠭᠤᠨ ᠶᠠᠷᠢᠶᠠᠨ ᠤ ᠰᠡᠳᠦᠪ ᠤᠨ ᠲᠣᠭᠤᠷᠢᠨ ᠳᠤ᠂ ᠺᠢᠨᠣ᠋ ᠲᠧᠯᠸᠢᠰ ᠤᠨ ᠦᠢᠯᠡᠳᠬᠡᠯ ᠤᠨ ᠲᠠᠯ᠎ᠠ ᠪᠣᠯᠤᠨ ᠣᠷᠣᠨ ᠨᠤᠲᠤᠭ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠤᠯᠠᠨ ᠡᠰᠢᠲᠦ ᠬᠠᠮᠵᠢᠯᠴᠠᠭᠠᠨ ᠤ ᠬᠡᠪ ᠵᠠᠭᠪᠤᠷ ᠢ ᠭᠦᠨᠵᠡᠭᠡᠢ ᠰᠤᠳᠤᠯᠵᠤ᠂ ᠤᠳᠬ᠎ᠠ ᠤᠷᠠᠯᠢᠭ ᠤᠨ ᠪᠦᠲᠦᠭᠡᠯ ᠤᠨ ᠭᠠᠵᠠᠷ ᠣᠷᠣᠨ ᠤ ᠵᠠᠩ ᠴᠢᠨᠠᠷ ᠲᠤ ᠲᠦᠰᠢᠭᠯᠡᠨ ᠵᠣᠬᠢᠶᠠᠨ ᠪᠦᠲᠦᠭᠡᠬᠦ ᠰᠢᠨ᠎ᠡ ᠠᠵᠠ ᠲᠣᠬᠢᠶᠠᠯ ᠢ ᠡᠷᠢᠯᠬᠢᠯᠡᠬᠦ᠂ ᠬᠥᠭᠵᠢᠶᠡᠨᠲᠦ IP ᠶᠢᠨ ᠤᠷᠳᠤ ᠰᠡᠭᠦᠯᠲᠦ ᠦᠢᠯᠡᠴᠢᠯᠡᠯ  ᠤᠨ ᠲᠤᠬᠠᠢ ᠣᠯᠤᠯᠲᠠ ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠵᠠᠭᠠᠪᠠ ᠃  ᠠᠯᠲᠠᠢ ᠣᠷᠣᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠣᠯᠤᠨ ᠵᠢᠭᠤᠯᠴᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠡᠳ᠋ ᠱᠦᠵᠢ᠂ ᠲᠣᠪᠴᠢᠶᠠᠨ ᠤ ᠳᠠᠷᠤᠭ᠎ᠠ ᠳ᠋ᠧ ᠯᠢ ᠳ᠋ᠡ • ᠨᠠᠪᠢ ᠬᠤᠪᠢᠶᠠᠯᠴᠠᠬᠤ ᠦᠶ᠎ᠡ ᠳᠤ ᠪᠠᠨ᠂ ︽ ᠠᠯᠲᠠᠢ ᠮᠢᠨᠢ︾ ᠨᠢ ᠠᠯᠲᠠᠢ ᠶᠢᠨ ᠣᠶᠤᠨ ᠰᠠᠨᠠᠭᠠᠨ ᠤ ᠳᠣᠲᠣᠷᠠᠬᠢ ᠭᠤᠣᠯ ᠪᠠ ᠭᠤᠶᠣ ᠦᠵᠡᠮᠵᠢ ᠶᠢ ᠠᠮᠵᠢᠯᠲᠠ ᠲᠠᠢ ᠢᠯᠡᠷᠡᠭᠦᠯᠵᠦ᠂ ᠮᠠᠰᠢ ᠣᠯᠠᠨ ᠵᠢᠭᠤᠯᠴᠢᠯᠠᠭᠴᠢᠳ ᠢ ᠲᠠᠲᠠᠵᠤ᠂ ᠵᠣᠴᠢᠳ ᠤᠨ ᠥᠷᠥᠭᠡᠨ ᠤ ᠦᠨ᠎ᠡ ᠶᠢ ᠥᠰᠭᠡᠨ ᠂ ᠠᠯᠲᠠᠢ ᠰᠣᠶᠣᠯ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠪᠠ ᠭᠡᠵᠦ ᠢᠯᠡᠳᠭᠡᠪᠡ᠃ ᠡᠭᠦᠨ ᠤ ᠬᠠᠮᠲᠤ ᠲᠡᠷᠡ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠠᠷᠠᠭᠠᠴᠢ ᠶᠢᠨ ᠠᠯᠬᠤᠮ ᠳᠤ ᠰᠠᠭᠤᠷᠢ ᠪᠡᠯᠡᠳᠭᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠢᠯᠡᠴᠢᠯᠡᠭᠡ ᠶᠢ ᠳᠡᠭᠡᠭᠰᠢᠯᠡᠭᠦᠯᠦᠨ᠂ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠤᠷᠤᠰᠴᠠ ᠶᠢᠨ ᠬᠡᠮᠵᠢᠶ᠎ᠡ ᠪᠠ ᠬᠠᠯᠠᠭᠤᠷᠠᠯ ᠢ ᠬᠤᠴᠤᠷᠭᠠᠨ ᠂ ᠠᠯᠳᠠᠢ ᠳᠤ ᠵᠤᠭᠠᠴᠠᠭᠰᠠᠳ ᠤᠨ ᠠᠯᠬᠤᠭ᠎ᠠ ᠶᠢ ᠤᠳᠠᠭᠠᠰᠢᠷᠠᠭᠤᠯᠵᠤ᠂ ᠰᠡᠳᠬᠢᠯ ᠰᠠᠨᠠᠭ᠎ᠠ ᠪᠠᠨ ᠲᠠᠶᠢᠳᠬᠤᠷᠠᠭᠤᠯᠬᠤ ᠭᠠᠵᠠᠷ ᠪᠣᠯᠭᠠᠨ᠎ᠠ ᠭᠡᠵᠦ ᠢᠯᠡᠳᠬᠡᠪᠡ᠃  ᠬᠤᠸᠠ ᠼᠧ ᠪᠦᠯᠦᠭᠯᠡᠯ ᠤᠨ ᠳᠡᠳ᠋ ᠶᠡᠷᠦᠩᠬᠡᠶ ᠨᠠᠶᠢᠷᠠᠭᠤᠯᠤᠭᠴᠢ ᠵᠢᠶᠠ ᠶᠣᠣ ᠶᠠᠷᠢᠶᠠᠨ ᠳᠤ ᠪᠠᠨ᠂ ︽ᠤᠷᠢᠬᠠᠨ ᠰᠠᠯᠬᠢ ᠲᠠᠢ ᠭᠠᠵᠠᠷ ᠣᠴᠢᠶ᠎ᠠ︾ ᠪᠠᠷ ᠵᠢᠱᠢᠶᠡᠯᠡᠪᠡᠯ᠂ ᠺᠢᠨᠣ᠋ ᠲᠧᠯᠸᠢᠰ + ᠰᠣᠶᠣᠯ ᠵᠢᠭᠤᠯᠴᠢᠯᠠᠯ ᠤᠨ ᠠᠮᠵᠢᠯᠲᠠ ᠪᠦᠲᠦᠮᠵᠢ ᠨᠢ ᠡᠩ ᠲᠡᠷᠢᠭᠦᠨ ᠳᠤ ᠴᠢᠨᠠᠷ ᠰᠠᠶᠢᠲᠠᠶ ᠠᠭᠤᠯᠭ᠎ᠠ ᠶᠢ ᠪᠣᠶ ᠪᠣᠯᠭᠠᠭᠰᠠᠨ ᠳᠤ ᠪᠠᠶᠢᠨ᠎ᠠ᠂ ᠲᠤᠬᠠᠶᠢᠯᠠᠪᠠᠯ ︽ᠠᠭᠤᠯᠭ᠎ᠠ ᠪᠠᠷ ᠭᠤᠤᠯ ᠪᠣᠯᠭᠠᠨ᠎ᠠ︾ ᠭᠡᠵᠡᠶ᠃ ᠵᠦᠴᠦᠭᠡ ᠶᠢᠨ ᠳᠤᠭᠤᠶᠢᠯᠠᠩ ᠤᠨ ᠬᠢᠨ ᠭᠦᠨᠵᠡᠭᠡᠢ ᠥᠯᠢᠭᠡᠷ ᠠᠪᠴᠤ᠂ ᠪᠠᠶᠢᠴᠠᠭᠠᠨ ᠰᠤᠳᠤᠯᠤᠯᠲᠠ ᠬᠢᠵᠦ᠂ ᠳ᠋ᠠ ᠯᠢ ᠶᠢᠨ ᠬᠦᠴᠦᠨ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠪᠣᠯᠪᠠᠰᠤᠷᠠᠭᠤᠯᠵᠤ᠂ ᠯᠠᠪᠳᠠᠭᠤᠨ ᠪᠠᠲᠤᠲᠠᠢ ᠵᠦᠴᠦᠭᠡ ᠶᠢᠨ ᠳᠡᠪᠲᠡᠷ ᠢ ᠪᠦᠷᠢᠯᠳᠦᠭᠦᠯᠵᠡᠢ᠃ ᠡᠭᠦᠨ ᠤ ᠬᠠᠮᠲᠤ᠂ ᠲᠣᠰ ᠵᠦᠴᠦᠭᠡ ᠨᠢ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠲᠠᠯ᠎ᠠ ᠪᠠᠷ ᠪᠠᠰᠠ ᠰᠢᠨ᠎ᠡ ᠲᠤᠷᠰᠢᠯᠲᠠ ᠬᠢᠵᠦ᠂ ᠰᠡᠭᠦᠳᠡᠷᠯᠡᠬᠦ ᠲᠠᠯᠠᠪᠤᠷ ᠢ ᠵᠢᠭᠤᠯᠴᠢᠯᠠᠯ ᠤᠨ ᠦᠵᠡᠮᠵᠢ ᠶᠢᠨ ᠴᠡᠭ ᠪᠣᠯᠭᠠᠨ ᠥᠭᠡᠷᠡᠴᠢᠯᠡᠪᠡ᠂ ᠵᠢᠱᠢᠶᠡᠯᠡᠪᠡᠯ ︽ᠰᠠᠯᠬᠢ ᠲᠠᠢ ᠵᠢᠵᠢᠭ ᠬᠦᠷᠢᠶ᠎ᠡ︾ ᠶᠢ ᠺᠣᠹᠧ ᠶᠢᠨ ᠮᠤᠬᠤᠯᠠᠭ ᠪᠣᠯᠭᠠᠨ ᠥᠭᠡᠷᠡᠴᠢᠯᠡᠵᠦ᠂ ᠦᠵᠡᠭᠴᠢᠳ ᠲᠤ ᠵᠦᠴᠦᠭᠡ ᠶᠢᠨ ᠳᠣᠲᠣᠷᠠᠬᠢ ᠪᠠᠶᠢᠳᠠᠯ ᠢ ᠣᠶᠢᠯᠠᠭᠠᠭᠤᠯᠪᠠ᠃ ᠵᠢᠶᠠ ᠶᠣᠣ ᠶᠢᠨ ᠦᠵᠡᠬᠦ ᠪᠠᠷ ᠂ ᠺᠢᠨᠣ᠋ ᠲᠧᠯᠸᠢᠰ ᠨᠢ ᠵᠢᠭᠤᠯᠴᠢᠯᠠᠯ ᠳᠤ ᠰᠦᠭ ᠰᠦᠨᠡᠰᠦ ᠨᠡᠮᠡᠷᠢᠯᠡᠵᠦ ᠂ ᠵᠢᠭᠤᠯᠴᠢᠯᠠᠯ ᠢᠶᠠᠷ ᠺᠢᠨᠣ᠋ ᠲᠧᠯᠸᠢᠰ ᠤᠨ IP ᠤᠷᠲᠤ ᠰᠡᠭᠦᠯᠲᠦ ᠦᠢᠯᠡᠴᠢᠯᠡᠯ ᠢ ᠤᠷᠳᠤᠳᠬᠠᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠨ᠎ᠠ ᠭᠡᠵᠡᠢ᠃  ︽ᠴᠠᠩ ᠠᠨ  ᠤ ᠠᠷᠪᠠᠨ ᠬᠤᠶᠠᠷ ᠴᠠᠭ ︾ ᠳᠤ ᠶᠡᠷᠦᠩᠬᠡᠢ ᠺᠢᠨᠣ᠋ ᠦᠢᠯᠡᠳᠦᠭᠴᠢ ᠯᠢᠶᠠᠩ ᠴᠤᠤ ᠲᠤᠰ ᠵᠦᠴᠦᠭᠡ ᠶᠢᠨ ᠠᠮᠵᠢᠯᠲᠠ ᠣᠯᠤᠭᠰᠠᠨ ᠲᠤᠷᠰᠢᠯᠭ᠎ᠠ ᠪᠠᠨ ᠬᠤᠪᠢᠶᠠᠯᠴᠠᠪᠠ ᠃ ᠲᠡᠷᠡ᠂ ᠺᠢᠨᠣ᠋ ᠲᠧᠯᠸᠢᠰ ᠪᠣᠯᠤᠨ ᠰᠣᠶᠣᠯ ᠵᠢᠭᠤᠯᠴᠢᠯᠠᠯ ᠤᠨ ᠤᠶᠠᠯᠳᠤᠯ ᠶᠠᠭ ᠬᠠᠶᠢᠨ ᠰᠦᠪᠡᠭᠴᠢᠯᠡᠬᠦ ᠱᠠᠲᠤᠨ ᠳᠤ ᠣᠷᠣᠰᠢᠵᠤ᠂ ᠠᠭᠤᠯᠭ᠎ᠠ + ᠣᠷᠤᠰᠴᠠ ᠪᠣᠯ ᠳᠠᠷᠠᠭᠠᠴᠢ ᠶᠢᠨ ᠬᠠᠯᠠᠮᠰᠢᠯᠲᠤ ᠴᠡᠭ ᠪᠣᠯᠤᠨ᠎ᠠ ᠭᠡᠵᠡᠢ᠃ ᠯᠢᠶᠠᠩ ᠴᠤᠤ ᠂ ᠲᠡᠳᠡᠨ ᠤ ᠶᠠᠭ ᠪᠡᠯᠡᠳᠭᠡᠵᠦ ᠪᠠᠶᠢᠭ᠎ᠠ ︽ᠴᠠᠩ ᠠᠨ ᠤ ᠬᠤᠷᠢᠨ ᠳᠥᠷᠪᠡᠨ ᠤᠯᠠᠷᠢᠯ︾ ᠨᠢ 24 ᠴᠠᠭ ᠠᠭᠠᠷ ᠢᠶᠠᠷ ᠭᠤᠣᠯ ᠰᠡᠳᠦᠪ ᠪᠣᠯᠭᠠᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠲᠠᠢ ᠭᠦᠨᠵᠡᠭᠡᠢ ᠬᠠᠮᠲᠤ ᠪᠠᠷ ᠪᠠᠶᠢᠭᠤᠯᠵᠤ ᠂ ᠵᠢᠩᠬᠢᠨᠢ ᠠᠭᠤᠯᠭ᠎ᠠ ᠶᠢ ᠠᠮᠢᠳᠤᠯᠢᠭᠵᠢᠭᠤᠯᠬᠤ ᠪᠠ ᠬᠦᠯᠢᠶᠡᠨ ᠠᠪᠬᠤ ᠪᠠᠷ ᠭᠤᠣᠯ ᠵᠣᠷᠢᠯᠭ᠎ᠠ ᠪᠠᠨ ᠪᠣᠯᠭᠠᠵᠠᠢ ᠭᠡᠪᠡ᠃ ᠲᠡᠷᠡ ᠂ ᠰᠢᠯᠢᠳᠡᠭ IP᠂ ᠰᠣᠳᠣᠨ ᠪᠦᠲᠦᠭᠡᠯ ᠵᠢᠴᠢ ᠬᠠᠯᠠᠮᠰᠢᠯᠲᠤ ᠺᠢᠨᠣ᠋ ᠲᠧᠯᠸᠢᠰ ᠵᠦᠴᠦᠭᠡ ᠶᠢᠨ ᠠᠭᠤᠯᠭ᠎ᠠ ᠨᠢ ᠤᠷᠤᠰᠴᠠ ᠶᠢ ᠲᠠᠲᠠᠬᠤ ᠶᠢᠨ ᠵᠠᠩᠭᠢᠯᠠᠭ᠎ᠠ ᠮᠥᠨ᠂ ᠬᠠᠷᠢᠨ ᠵᠠᠰᠠᠭ ᠤᠨ ᠣᠷᠳᠣᠨ ᠤ ᠳᠡᠮᠵᠢᠯᠭᠡ ᠪᠠ ᠠᠭᠤᠯᠭ᠎ᠠ ᠶᠢᠨ ᠨᠠᠷᠢᠯᠢᠭ ᠴᠢᠨᠠᠷ ᠪᠣᠯ ᠰᠣᠶᠣᠯ ᠵᠢᠭᠤᠯᠴᠢᠯᠠᠯ ᠢ ᠤᠶᠠᠯᠳᠤᠭᠤᠯᠬᠤ ᠶᠢᠨ ᠴᠢᠬᠤᠯᠠ ᠬᠦᠴᠦᠨ ᠵᠦᠢᠯ ᠮᠥᠨ ᠭᠡᠵᠦ ᠴᠢᠬᠤᠯᠠᠴᠢᠯᠠᠪᠠ᠃  ᠲᠣᠰ ᠤᠳᠠᠭᠠᠨ ᠤ ᠶᠠᠷᠢᠶᠠᠨ ᠤ ᠲᠠᠪᠴᠠᠩ ᠨᠢ ᠪᠠᠰᠠ ᠣᠯᠠᠨ ᠵᠦᠴᠦᠭᠡ ᠶᠢᠨ ᠲᠡᠭᠦᠪᠦᠷᠢ ᠶᠢᠨ ᠲᠦᠷᠦᠯ ᠵᠦᠢᠯ ᠢ ᠨᠡᠶᠢᠲᠡᠯᠡᠭᠰᠡᠨ ᠪᠠ ᠲᠠᠨᠢᠯᠴᠠᠭᠤᠯᠵᠤ ᠂ ᠶᠠᠭ ᠰᠠᠶ᠋ᠢᠬᠠᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠬᠥᠮᠦᠨ ᠤᠳᠠᠭ᠎ᠠ ᠵᠢᠴᠢ ᠬᠠᠶᠢᠯᠲᠠ ᠶᠢᠨ ᠬᠡᠮᠵᠢᠶᠡᠨ ᠤ ᠬᠠᠶᠢᠯᠲᠠ ᠶᠢ ᠳᠠᠶᠢᠴᠢᠯᠠᠵᠤ ᠪᠠᠶᠢᠭ᠎ᠠ ︽ᠳᠠᠯᠠᠢ ᠶᠢᠨ ᠵᠠᠮ︾᠂ ︽ᠨᠡᠷᠡᠨ ᠭᠡᠷᠡᠯᠲᠦ ᠬᠤᠲᠠ︾᠂ ᠪᠠᠰᠠ ᠤᠳᠠᠯ ᠦᠭᠡᠢ ᠭᠠᠷᠭᠠᠬᠤ ᠭᠡᠵᠦ ᠪᠠᠶᠢᠭ᠎ᠠ ︽ᠤᠯᠤᠰ ᠤᠨ ᠥᠩᠭᠡ ᠶᠢᠨ ᠠᠩᠬᠢᠯᠤᠮ᠎ᠠ︾᠂ ︽ᠮᠠᠨ ᠤ ᠭᠤᠤᠯ ᠮᠥᠷᠡᠨ ︾᠂ ︽ᠬᠠᠩᠰᠢ ᠶᠢᠨ ᠡᠳᠦᠷ ᠭᠤᠣᠯ ᠳᠤ ᠭᠠᠷᠤᠭᠰᠠᠨ ᠵᠢᠷᠤᠭ ᠤᠨ ᠨᠢᠭᠤᠴᠠ ᠨᠣᠮᠧᠷ︾᠂ ︽ᠭᠡᠭᠡᠨ ᠲᠤᠩᠭᠠᠯᠠᠭ ᠰᠠᠯᠬᠢ ᠪᠠ ᠲᠡᠯᠡᠶ︾᠂ ︽ᠰᠢᠲᠠᠷᠠᠴᠢᠨ︾᠂ ︽ᠮᠥᠰᠥ ᠴᠠᠰᠤᠨ ᠤ ᠦᠵᠡᠮᠵᠢ︾᠂ ︽ᠰᠤᠪᠤᠳ ᠬᠥᠰᠢᠭᠡ︾ ᠵᠡᠷᠭᠡ ᠰᠢᠨ᠎ᠡ ᠵᠦᠴᠦᠭᠡ ᠪᠠᠶᠢᠵᠤ᠂ ᠡᠳᠡᠭᠡᠷ ᠪᠦᠲᠦᠭᠡᠯ ᠤᠨ ᠦᠵᠡᠮᠵᠢ ᠠᠪᠤᠭᠰᠠᠨ ᠭᠠᠵᠠᠷ ᠨᠢ ᠳᠤᠮᠳᠠᠳᠤ ᠤᠯᠤᠰ ᠤᠨ ᠡᠯ᠎ᠡ ᠭᠠᠵᠠᠷ ᠢ ᠪᠦᠷᠬᠦᠪᠡ᠃ ᠲᠤᠬᠠᠶ ᠶᠢᠨ ᠲᠠᠯᠠᠪᠠᠢ ᠳᠤ᠂ ᠵᠦᠴᠦᠭᠡ ᠶᠢᠨ ᠲᠠᠯ᠎ᠠ ᠶᠢᠨ ᠲᠥᠯᠥᠭᠡᠯᠡᠭᠴᠢ ᠺᠢᠨᠣ᠋ ᠲᠧᠯᠸᠢᠰ ᠤᠨ ᠵᠣᠬᠢᠶᠠᠨ ᠪᠦᠲᠦᠭᠡᠯᠭᠡ ᠪᠠ ᠭᠠᠵᠠᠷ ᠣᠷᠣᠨ ᠤ ᠬᠤᠭᠤᠷᠣᠨᠳᠣᠬᠢ ᠥᠯᠢᠭᠡᠷ ᠢ ᠬᠤᠪᠢᠶᠠᠯᠴᠠᠵᠤ ᠂ ᠦᠵᠡᠭᠴᠢᠳ ᠢ ᠵᠦᠴᠦᠭᠡ ᠶᠢᠨ ᠵᠣᠬᠢᠶᠠᠯ ᠤᠨ ᠠᠭᠤᠯᠭ᠎ᠠ ᠶᠢ ᠰᠡᠳᠬᠢᠯ ᠳᠤ ᠪᠠᠨ ᠬᠦᠰᠡᠯ ᠡᠷᠡᠮᠡᠯᠵᠡᠯ ᠲᠠᠢ ᠪᠣᠯᠭᠠᠵᠤ᠂ ᠪᠠᠰᠠ ᠲᠡᠭᠦᠨ ᠤ ᠢᠯᠡᠷᠡᠭᠦᠯᠦᠭᠰᠡᠨ ᠪᠠᠶᠢᠭᠠᠯᠢ ᠶᠢᠨ ᠥᠩᠭᠡ ᠦᠵᠡᠮᠵᠢ ᠪᠠ ᠭᠠᠵᠠᠷ ᠣᠷᠣᠨ ᠤ ᠬᠥᠮᠦᠨ ᠰᠣᠶᠣᠯ ᠤᠨ ᠬᠦᠰᠡᠯ ᠡᠷᠡᠮᠡᠯᠵᠡᠯ ᠢ ᠲᠤᠰᠬᠠᠪᠠ᠃  ᠲᠣᠰ ᠤᠳᠠᠭᠠᠨ ᠤ ᠶᠠᠷᠢᠶᠠᠨ ᠤ ᠲᠠᠪᠴᠠᠩ ᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠢᠯᠣᠭᠤᠳᠴᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠧᠯᠸᠢᠰ ᠵᠦᠴᠦᠭᠡ ᠶᠢᠨ ᠵᠣᠷᠭᠠᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠷᠠᠳᠢᠣ᠋ ᠲᠧᠯᠸᠢᠰ ᠤᠨ ᠬᠥᠭᠵᠢᠯᠲᠡ ᠶᠢᠨ ᠰᠤᠳᠤᠯᠭᠠᠨ ᠤ ᠲᠥᠪ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠶᠡᠷᠦᠩᠬᠡᠶᠢᠯᠡᠭᠰᠡᠨ ᠤᠷᠠᠯᠢᠭ ᠤᠨ ᠰᠣᠨᠢᠨ ᠤ ᠬᠤᠷᠢᠶ᠎ᠠ᠂ ᠨᠡᠶᠢᠰᠯᠡᠯ ᠤᠨ ᠦᠵᠡᠵᠦ ᠰᠣᠨᠣᠰᠬᠤ ᠠᠵᠤ ᠦᠢᠯᠡᠰ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠪᠡ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠧᠯᠸᠢᠰ ᠵᠦᠴᠦᠭᠡ ᠶᠢᠨ ᠵᠤᠷᠭᠠᠨ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠳ ᠵᠢᠴᠢ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠦᠢᠯᠡᠳᠴᠦ ᠨᠡᠪᠲᠡᠷᠡᠭᠦᠯᠬᠦ ᠪᠠᠶᠢᠭᠤᠯᠤᠮᠵᠢ ᠶᠢᠨ ᠲᠥᠯᠥᠭᠡᠯᠡᠭᠴᠢ᠂ ᠭᠤᠤᠯ ᠡᠭᠦᠳᠦᠨ ᠪᠦᠲᠦᠭᠡᠭᠴᠢ᠂ ᠲᠤᠰᠬᠠᠶ ᠮᠡᠷᠭᠡᠵᠢᠯᠲᠡᠨ ᠡᠷᠳᠡᠮᠲᠡᠨ᠂ ᠵᠠᠭᠤᠴᠢᠯᠠᠭᠤᠷ ᠵᠡᠷᠭᠡ ᠲᠤᠰ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map