ᠤᠯᠤᠰ ᠤᠨ ᠷᠠᠳᠢᠣ᠋ ᠲᠧᠯᠧᠢᠰ ᠤᠨ ᠶᠡᠷᠦᠩᠬᠡᠢ ᠲᠣᠪᠴᠢᠶ᠎ᠠ ᠫᠠᠺᠢᠰᠲ᠋ᠠᠨ ᠤ ᠰᠣᠨᠢᠨ ᠮᠡᠳᠡᠭᠡ ᠷᠠᠳᠢᠣ᠋ ᠨᠡᠪᠲᠡᠷᠡᠭᠦᠯᠭᠡ ᠶᠢᠨ ᠶᠠᠮᠤᠨ ᠯᠤᠭ᠎ᠠ ᠳᠤᠮᠳᠠᠳᠤ ᠫᠠᠺᠢᠰᠲ᠋ᠠᠨ ᠤ ᠵᠠᠰᠠᠭ ᠤᠨ ᠣᠷᠳᠣᠨ ᠤ ᠬᠤᠭᠤᠷᠣᠨᠳᠣᠬᠢ ᠲᠧᠯᠸᠢᠰ ᠤᠨ ᠫᠷᠦᠭᠷᠡᠮ ᠬᠠᠮᠲᠤᠷᠠᠨ ᠦᠢᠯᠡᠳᠬᠦ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/10/17
  ᠲᠤᠬᠠᠢ ᠶᠢᠨ ᠭᠠᠵᠠᠷ ᠤᠨ ᠴᠠᠭ ᠢᠶᠠᠷ 10 ᠳ᠋ᠤᠭᠠᠷ ᠰᠠᠷ᠎ᠠ ᠶᠢᠨ 14 ᠤ ᠡᠳᠦᠷ᠂ ᠶᠡᠷᠦᠩᠬᠡᠢ ᠰᠠᠶᠢᠳ ᠯᠢ ᠴᠢᠶᠠᠩ ᠤᠨ ᠫᠠᠺᠢᠰᠲ᠋ᠠᠨ  ᠳᠤ ᠠᠶᠢᠯᠴᠢᠯᠠᠯᠲᠠ ᠬᠢᠭᠰᠡᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ᠂ ᠠᠷᠠᠳ ᠤᠨ ᠠᠮᠢᠳᠤᠷᠠᠯ ᠤᠨ ᠲᠤᠰᠠᠯᠠᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠷᠠᠳᠢᠣ᠋ ᠲᠧᠯᠸᠢᠰ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠬᠦᠷᠢᠶᠡᠨ ᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ᠂ ᠡᠭᠦᠨ ᠳᠤ ︽ ᠲᠧᠯᠸᠢᠰ ᠤᠨ ᠫᠷᠤᠭ᠍ᠷᠠᠮ ᠬᠠᠮᠲᠤᠷᠠᠨ ᠦᠢᠯᠡᠳᠬᠦ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠪᠠ ᠫᠠᠺᠢᠰᠲ᠋ᠠᠨ ᠤ ᠢᠰᠯᠠᠮ ᠤᠨ ᠪᠦᠬᠦᠳᠡ ᠨᠠᠶᠢᠷᠠᠮᠳᠠᠬᠤ ᠤᠯᠤᠰ ᠤᠨ ᠵᠠᠰᠠᠭ ᠤᠨ ᠣᠷᠳᠣᠨ ᠤ ᠬᠡᠯᠡᠯᠴᠡᠭᠡᠷ︾ ᠢ ᠪᠠᠭᠲᠠᠭᠠᠪᠠ ᠃ ᠵᠥᠪᠯᠡᠯᠴᠡᠭᠡᠷ ᠢ ᠦᠨᠳᠦᠰᠦᠯᠡᠨ ᠂ ᠬᠤᠶᠠᠷ ᠲᠠᠯ᠎ᠠ ᠶᠢᠨ ᠭᠤᠣᠯᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠳᠤᠮᠳᠠᠳᠤ ᠫᠠᠺᠢᠰᠲ᠋ᠠᠨ ᠤ ᠬᠠᠮᠲᠤᠷᠠᠨ ᠦᠢᠯᠡᠳᠦᠭᠰᠡᠨ ᠦᠵᠡᠵᠦ ᠰᠣᠨᠣᠰᠬᠤ ᠫᠷᠣᠭ᠍ᠷᠠᠮ ᠨᠢ ᠤᠯᠤᠰ ᠤᠨ ᠳᠣᠲᠣᠭᠠᠳᠤ ᠶᠢᠨ ᠫᠷᠣᠭ᠍ᠷᠠᠮ ᠤᠨ ᠬᠠᠷᠠᠭᠠᠯᠵᠠᠯ ᠢ ᠬᠦᠷᠲᠡᠬᠦ ᠪᠣᠯᠤᠨ᠎ᠠ᠃ ᠵᠦᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠬᠤᠶᠠᠷ ᠤᠯᠤᠰ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠬᠠᠮᠲᠤᠷᠠᠨ ᠦᠢᠯᠡᠳᠬᠦ ᠶᠢ ᠥᠷᠨᠢᠭᠦᠯᠬᠦ ᠳᠤ ᠬᠦᠴᠦᠲᠡᠶ ᠳᠡᠮᠵᠢᠯᠭᠡ ᠬᠠᠩᠭᠠᠵᠤ᠂ ᠳᠤᠮᠳᠠᠳᠤ ᠫᠠᠺᠢᠰᠲ᠋ᠠᠨ ᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠤ ᠦᠢᠯᠡᠰ ᠤᠨ ᠬᠠᠮᠲᠤ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ᠂ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠ ᠬᠠᠷᠢᠯᠴᠠᠨ ᠣᠶᠢᠯᠠᠭᠠᠯᠴᠠᠭ᠎ᠠ ᠶᠢ ᠨᠡᠮᠡᠭᠳᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠬᠦ ᠪᠣᠯᠤᠨ᠎ᠠ᠃  ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠠᠰᠠᠭ ᠤᠨ ᠣᠷᠳᠣᠨ ᠤ ᠲᠡᠷᠢᠭᠦᠨ ︵ᠶᠡᠷᠦᠩᠬᠡᠢ ᠰᠠᠶᠢᠳ︶ ᠤ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠭᠤᠷᠪᠠᠳᠤᠭᠠᠷ ᠤᠳᠠᠭᠠᠨ ᠤ ᠬᠤᠷᠠᠯ ᠫᠠᠺᠢᠰᠲ᠋ᠠᠨ ᠤ ᠨᠡᠶᠢᠰᠯᠡᠯ ᠢᠰᠯᠠᠮ ᠪᠦᠢᠷᠡᠭ ᠲᠤ ᠶᠠᠪᠤᠭᠳᠠᠭᠰᠠᠨ ᠲᠠᠰᠢᠷᠠᠮ ᠳᠤ᠂ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠪᠠ ᠳᠤᠮᠳᠠᠳᠤ ᠫᠠᠺᠢᠰᠲ᠋ᠠᠨ ᠤ ᠭᠦᠨ ᠵᠤᠵᠠᠭᠠᠨ ᠨᠥᠬᠦᠷᠯᠡᠯ ᠢ ᠲᠣᠭᠠᠴᠢᠭᠰᠠᠨ ᠬᠠᠮᠲᠤᠷᠠᠨ ᠰᠡᠭᠦᠳᠡᠷᠯᠡᠭᠰᠡᠨ ︽ᠰᠢ ᠠᠨ ᠠᠴᠠ ᠭᠤᠸᠠᠳ᠋ᠷ ᠭᠠᠷᠠᠮ ᠬᠦᠷᠲᠡᠯ᠎ᠡ ︾ ᠪᠠᠷᠢᠮᠲᠠᠲᠤ ᠺᠢᠨᠣ᠋ ᠶᠢ 10 ᠳ᠋ᠤᠭᠠᠷ ᠰᠠᠷ᠎ᠠ ᠶᠢᠨ 12 ᠤᠨ ᠡᠳᠦᠷ ᠠᠴᠠ 15 ᠤ ᠡᠳᠦᠷ ᠪᠣᠯᠲᠠᠯ᠎ᠠ ᠫᠠᠺᠢᠰᠲ᠋ᠠᠨ ᠤ ᠤᠯᠤᠰ ᠤᠨ ᠲᠧᠯᠸᠢᠰ ᠬᠤᠷᠢᠶ᠎ᠠ ᠵᠢᠴᠢ ᠲᠡᠭᠦᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠲᠠᠪᠴᠠᠩ ᠳᠤ ᠨᠡᠪᠲᠡᠷᠡᠭᠦᠯᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map