ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠮᠠᠯᠠᠶᠢᠰᠢᠶ᠎ᠠ ᠶᠢᠨ ᠴᠢᠮᠡᠭᠡ ᠬᠤᠯᠪᠣᠭᠠᠨ ᠤ ᠶᠠᠮᠤᠨ ᠲᠠᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/10/8
  9 ᠳ᠋ᠦ᠋ᠭᠡᠷ ᠰᠠᠷ᠎ᠠ ᠶᠢᠨ 26 ᠤ ᠡᠳᠦᠷ᠂ ᠳᠦᠪ ᠤᠨ ᠣᠬᠠᠭᠤᠯᠬᠤ ᠬᠡᠯᠲᠠᠰ ᠤᠨ ᠳᠡᠳ᠋ ᠲᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠠᠷᠣᠩᠭᠡᠢ ᠳᠣᠪᠴᠢᠶᠠᠨ ᠤ ᠨᠠᠮ ᠤᠨ ᠣᠲᠣᠷᠢᠣᠠᠬᠤ ᠳᠣᠭᠤᠢᠢᠯᠠᠩ ᠤᠨ ᠱᠦᠵᠢ᠂ ᠳᠣᠪᠴᠢᠶᠠᠨ ᠲᠠᠷᠤᠭ᠎ᠠ ᠼᠣᠤ ᠱᠤ᠋ ᠮᠢᠠ ᠳᠣᠮᠲᠠᠲᠤ ᠤᠯᠤᠰ ᠲᠤ ᠠᠶᠢᠯᠴᠢᠯᠠᠬᠤ ᠪᠠᠷ ᠢᠷᠡᠭᠰᠡᠨ ᠮᠠᠯᠠᠶᠢᠰᠢᠶ᠎ᠡ ᠶᠢᠨ ᠴᠢᠮᠡᠭᠡ ᠬᠤᠯᠪᠤᠭᠠᠨ ᠤ ᠶᠠᠮᠣᠠ ᠤ ᠰᠠᠶᠢᠣᠠ ᠹᠮᠢ • ᠹᠠᠴᠧᠷ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠳᠤᠮᠳᠠᠳᠤ ᠮᠠᠯᠠᠶᠢᠰᠢᠶ᠎ᠠ ᠶᠢᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠰᠠᠨᠠᠯ ᠢᠶᠠᠨ ᠰᠣᠯᠢᠯᠴᠠᠪᠠ᠃  ᠼᠤᠤ ᠱᠤ᠋ ᠮᠢᠨ ᠢᠯᠡᠷᠬᠡᠶᠢᠯᠡᠬᠦ ᠳᠤ ᠪᠠᠨ᠂ ᠡᠨᠡ ᠵᠢᠯ ᠪᠣᠯ ᠳᠤᠮᠳᠠᠳᠤ ᠮᠠᠯᠠᠶᠢᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠪᠠ ᠳᠤᠮᠳᠠᠳᠤ ᠮᠠᠯᠠᠶᠢᠰᠢᠶ᠎ᠠ ᠶᠢᠨ ᠨᠥᠬᠦᠷᠰᠡᠭ ᠵᠢᠯ ᠪᠣᠯᠤᠨ᠎ᠠ᠂ ᠬᠤᠶᠠᠷ ᠤᠯᠤᠰ ᠤᠨ ᠤᠳᠤᠷᠢᠳᠬᠤ ᠬᠥᠮᠦᠰ ᠤᠨ ᠪᠠᠶᠢᠯᠳᠤᠬᠤ ᠪᠣᠳᠣᠯᠭ᠎ᠠ ᠶᠢᠨ ᠳᠠᠭᠠᠭᠤᠯᠭ᠎ᠠ ᠳᠣᠤᠷ᠎ᠠ᠂ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠯᠠᠪᠳᠠᠭᠤᠨ ᠪᠠᠲᠤᠲᠠᠶ ᠠᠬᠢᠵᠤ᠂ ᠬᠤᠶᠠᠷ ᠲᠠᠯ᠎ᠠ ᠪᠠᠷ ᠢᠶᠠᠨ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭᠠᠨ ᠤ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠢᠯᠠᠩᠭᠤᠶ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ᠂ ᠠᠭᠤᠯᠭ᠎ᠠ ᠶᠢᠨ ᠵᠣᠬᠢᠶᠠᠨ ᠪᠦᠲᠦᠭᠡᠯᠭᠡ᠂ ᠬᠠᠮᠲᠤᠷᠠᠨ ᠦᠢᠯᠡᠳᠬᠦ᠂ ᠠᠵᠤ ᠦᠢᠯᠡᠰ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠳᠤᠮᠳᠠᠳᠤ ᠤᠯᠤᠰ ᠳᠤᠷᠠᠲᠠᠶ᠎ᠠ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠮᠠᠯᠠᠶᠢᠰᠢᠶ᠎ᠠ ᠲᠠᠢ ᠲᠦᠷᠦ ᠶᠢᠨ ᠪᠤᠳᠤᠯᠭ᠎ᠠ ᠶᠢᠨ ᠶᠠᠷᠢᠯᠴᠠᠭ᠎ᠠ᠂ ᠫᠷᠤᠭ᠍ᠷᠠᠮ ᠤᠨ ᠰᠣᠯᠢᠯᠴᠠᠭ᠎ᠠ᠂ ᠠᠭᠤᠯᠭ᠎ᠠ ᠶᠢᠨ ᠵᠣᠬᠢᠶᠠᠨ ᠪᠦᠲᠦᠭᠡᠯᠭᠡ᠂ ᠮᠡᠷᠭᠡᠵᠢᠯ ᠤᠨ ᠠᠵᠤ ᠦᠢᠯᠡᠰ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠨ᠎ᠡ ᠮᠡᠷᠭᠡᠵᠢᠯ ᠤᠨ ᠬᠥᠭᠵᠢᠯᠲᠡ ᠨᠢ ᠤᠯᠠᠮᠵᠢᠯᠠᠯᠲᠤ ᠷᠠᠳᠢᠣ᠋ ᠲᠧᠯᠸᠢᠰ ᠤᠨ ᠠᠵᠢᠯ ᠲᠦᠷᠦᠯ ᠳᠤ ᠠᠪᠴᠢᠷᠠᠭᠰᠠᠨ ᠠᠵᠠ ᠲᠣᠬᠢᠶᠠᠯ ᠪᠣᠯᠤᠨ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠡᠢ᠃ ᠹᠮᠢ • ᠹᠠᠴᠧᠷ ᠢᠯᠡᠷᠬᠡᠶᠢᠯᠡᠬᠦ ᠳᠤ ᠪᠠᠨ ᠂ ᠮᠠᠯᠠᠶᠢᠰᠢᠶ᠎ᠠ ᠪᠣᠯᠤᠨ ᠳᠤᠮᠳᠠᠳᠤ ᠤᠯᠤᠰ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠳᠠᠬᠢ ᠬᠠᠮᠲᠤᠷᠠᠯᠴᠠᠭᠠᠨ ᠤ ᠰᠠᠭᠤᠷᠢ ᠰᠠᠶᠢᠨ ᠪᠠᠶᠢᠵᠤ᠂ ᠣᠶᠢᠯᠠᠭᠠᠯᠴᠠᠭ᠎ᠠ ᠪᠠ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠨᠡᠮᠡᠭᠳᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠵᠡᠢ᠂ ᠬᠤᠶᠠᠷ ᠲᠠᠯ᠎ᠠ ᠪᠠᠷ ᠢᠶᠠᠨ ᠪᠦᠲᠦᠭᠡᠯᠴᠢ ᠴᠢᠨᠠᠷᠲᠠᠢ ᠶᠠᠷᠢᠯᠴᠠᠭ᠎ᠠ ᠪᠠᠨ ᠴᠢᠩᠭᠠᠳᠬᠠᠵᠤ᠂ ᠠᠰᠢᠭᠲᠠᠢ ᠲᠤᠷᠰᠢᠯᠭ᠎ᠠ ᠪᠠᠷ ᠬᠠᠷᠢᠯᠴᠠᠨ ᠲᠣᠯᠢᠯᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠠᠵᠤ ᠦᠢᠯᠡᠰ ᠤᠨ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃  ᠬᠠᠮᠳᠣᠷᠠᠨ ᠶᠠᠷᠢᠯᠴᠠᠭᠰᠠᠨ ᠤ ᠲᠠᠷᠠᠭ᠎ᠠ᠂ ᠬᠤᠶᠠᠷ ᠲᠠᠯ᠎ᠠ ᠪᠠᠷ ᠢᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠪᠠ ᠮᠠᠯᠠᠶᠢᠰᠢᠶ᠎ᠠ ᠶᠢᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map