︽ᠳᠤᠮᠳᠠᠳᠤ ᠤᠯᠤᠰ ︵ᠱᠠᠩᠬᠠᠶ︶ ᠤᠨ ᠬᠡᠳᠦ ᠥᠨᠳᠥᠷ ᠲᠤᠳᠤᠷᠠᠴᠠᠲᠤ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠣᠰᠣᠯᠠᠯ ᠱᠠᠩᠬᠠᠶ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/9
  9 ᠳ᠋ᠦ᠋ᠭᠡᠷ ᠰᠠᠷ᠎ᠠ ᠶᠢᠨ 28 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠱᠠᠩᠬᠠᠶ ᠬᠤᠲᠠ ᠶᠢᠨ ᠠᠷᠠᠳ ᠤᠨ ᠵᠠᠰᠠᠭ ᠤᠨ  ᠣᠷᠳᠣᠨ  ︽ᠳᠤᠮᠳᠠᠳᠤ ᠤᠯᠤᠰ ︵ᠱᠠᠩᠬᠠᠶ︶ ᠤᠨ ᠬᠡᠳᠦ ᠥᠨᠳᠥᠷ ᠲᠤᠳᠤᠷᠠᠴᠠᠲᠤ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠣᠰᠣᠯᠠᠯ ᠱᠠᠩᠬᠠᠢ ᠳᠤ ᠶᠠᠪᠤᠭᠳᠠᠪᠠ ᠃  ᠱᠠᠩᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠴᠧᠨ ᠵᠢᠢ ᠨᠢᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ᠂ ᠱᠠᠩᠬᠠᠶ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠬᠥᠩ ᠵᠧᠩ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ ᠰᠠᠶᠢᠳ ᠰᠢᠶᠦ᠋ᠩ ᠵᠢᠶ ᠵᠢᠶᠦ᠋ᠨ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠰᠠᠶᠢᠳ ᠷᠤᠤ ᠴᠢᠤᠸᠠᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠳᠠᠷᠤᠭ᠎ᠠ ᠬᠤ᠋ ᠶᠢᠨ ᠵᠢᠶᠦ᠋ᠨ ᠤᠷᠢᠳ ᠬᠤᠵᠢᠳ ᠪᠠᠶᠠᠷ ᠤᠨ ᠦᠭᠡ ᠬᠡᠯᠡᠪᠡ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠱᠠᠩᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠵᠣᠣ ᠵᠢᠶᠠ ᠮᠢᠩ᠂ ᠱᠠᠩᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠵᠧᠩ᠂ ᠱᠠᠩᠬᠠᠶ ᠬᠤᠲᠠ ᠶᠢᠨ ᠳᠡᠳ᠋ ᠬᠤᠲᠠ ᠶᠢᠨ ᠳᠠᠷᠤᠭ᠎ᠠ ᠯᠢᠦ ᠳ᠋ᠦᠸᠧ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃  ᠼᠤᠤ ᠱᠤ᠋ ᠮᠢᠨ ᠢᠯᠡᠷᠬᠡᠶᠢᠯᠡᠬᠦ ᠳᠤ ᠪᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠭᠤᠰᠤᠯᠴᠠᠭᠤᠯᠬᠤ ᠪᠦᠲᠦᠮᠵᠢᠲᠡᠢ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠲᠦᠷᠭᠡᠪᠴᠢᠯᠡᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ ᠬᠡᠲᠦ ᠥᠨᠳᠥᠷ ᠲᠤᠳᠤᠷᠠᠴᠠᠲᠤ ᠪᠣᠯ ᠪᠥᠬᠦ ᠪᠥᠮᠪᠥᠷᠴᠡᠭ ᠤᠨ ᠸᠢᠳᠢᠣ᠋ ᠮᠡᠷᠭᠡᠵᠢᠯ ᠤᠨ ᠬᠥᠭᠵᠢᠯᠲᠡ ᠶᠢᠨ ᠶᠡᠭᠡ ᠬᠠᠨᠳᠤᠰᠢ ᠮᠥᠨ᠂ ᠶᠡᠭᠡ ᠪᠠᠭ᠎ᠠ ᠳᠡᠯᠭᠡᠴᠡ ᠶᠢ ᠬᠥᠲᠥᠯᠦᠨ ᠵᠢᠯᠣᠭᠤᠳᠴᠤ ᠪᠠᠶᠢᠭᠠᠳ ᠬᠤᠪᠢᠰᠬᠠᠯ ᠢ ᠪᠡᠶᠡᠴᠢᠯᠡᠨ ᠣᠶᠢᠯᠠᠭᠠᠬᠤ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠬᠤ᠂ ᠲᠣᠭᠠᠵᠢᠭᠤᠯᠤᠭᠰᠠᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ᠂ ᠠᠵᠤ ᠠᠬᠤᠶ᠂ ᠰᠣᠶᠣᠯ ᠵᠡᠷᠭᠡ ᠬᠦᠷᠢᠶᠡᠨ ᠳᠠᠬᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠶᠠᠭ ᠬᠥᠭᠵᠢᠯᠲᠡ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠬᠥᠳᠡᠯᠭᠡᠬᠦ ᠬᠦᠴᠦᠨ ᠪᠣᠯᠵᠣ ᠪᠠᠶᠢᠨ᠎ᠠ᠃ ᠲᠠᠪᠤᠨ ᠲᠠᠯ᠎ᠠ ᠪᠠᠷ ᠢᠶᠠᠨ ᠬᠠᠮᠲᠤ ᠪᠠᠷ ᠱᠠᠩᠬᠠᠶ ᠶᠢᠨ ᠬᠡᠳᠦ ᠥᠨᠳᠥᠷ ᠲᠤᠳᠤᠷᠠᠴᠠᠲᠤ ᠬᠤᠰᠢᠭᠤᠴᠢ ᠠᠵᠢᠯᠯᠠᠭᠠᠨ ᠤ ᠲᠥᠯᠥᠪᠯᠡᠭᠡ ᠳᠤ ᠭᠠᠷ ᠤᠨ ᠥᠰᠥᠭ ᠵᠢᠷᠤᠭᠰᠠᠨ ᠶᠠᠪᠤᠳᠠᠯ ᠨᠢ ᠮᠠᠨ ᠤ ᠤᠯᠤᠰ ᠤᠨ ᠬᠡᠲᠦ ᠥᠨᠳᠥᠷ ᠲᠤᠳᠤᠷᠠᠴᠠᠲᠤ ᠶᠢᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠯᠬᠤᠮ ᠪᠠᠶᠢᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠡᠯ᠎ᠡ ᠲᠠᠯ᠎ᠠ ᠶᠢᠨ ᠬᠢᠨ ᠲᠠᠢ ᠬᠤᠯᠪᠣᠭᠠᠯᠠᠨ᠂ ᠰᠢᠰᠲ᠋ᠧᠮ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠪᠠᠷ ᠬᠥᠭᠵᠢᠭᠰᠡᠨ ᠵᠠᠭᠤᠴᠢᠯᠠᠭᠤᠷ᠂ ᠲᠧᠯᠸᠢᠰ ᠤᠨ ᠲᠣᠮᠣ ᠳᠡᠯᠭᠡᠴᠡ ᠪᠠ ᠭᠠᠷ ᠤᠲᠠᠰᠤᠨ ᠤ ᠵᠢᠵᠢᠭ ᠳᠡᠯᠭᠡᠴᠡ ᠶᠢ ᠨᠢᠭᠡᠳᠦᠯᠲᠡᠶ ᠲᠥᠯᠥᠪᠯᠡᠵᠦ᠂ ᠬᠡᠲᠦ ᠥᠨᠳᠥᠷ ᠲᠤᠳᠤᠷᠠᠴᠠᠲᠤ ᠶᠢᠨ ᠦᠵᠦᠭᠦᠷ ᠠᠴᠠ ᠦᠵᠦᠭᠦᠷ ᠬᠦᠷᠲᠡᠯᠡᠬᠢ ᠪᠥᠬᠦ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠨᠡᠪᠲᠡᠷᠡᠭᠦᠯᠦᠨ ᠬᠥᠭᠵᠢᠭᠦᠯᠬᠦ ᠶᠢ ᠠᠬᠢᠭᠤᠯᠪᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠱᠠᠩᠬᠠᠢ ᠶᠢᠨ ᠵᠣᠬᠢᠶᠠᠮᠠᠯ ᠣᠶᠣᠨ ᠤ ᠥᠨᠳᠦᠷᠯᠢᠭ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠡᠲᠦ ᠥᠨᠳᠥᠷ ᠲᠤᠳᠤᠷᠠᠴᠠᠲᠤ ᠬᠢᠭᠡᠳ ᠵᠣᠬᠢᠶᠠᠮᠠᠯ ᠣᠶᠤᠨ ᠢ ᠠᠭᠤᠰᠤᠯᠴᠠᠭᠤᠯᠤᠨ ᠬᠡᠷᠡᠭᠯᠡᠬᠦ ᠶᠢ ᠭᠦᠨᠵᠡᠭᠡᠶᠢᠷᠡᠭᠦᠯᠦᠨ᠂ ᠬᠤᠤᠰ ᠴᠢᠭᠯᠡᠯ ᠢᠶᠠᠷ ᠬᠦᠴᠦᠨ ᠨᠡᠮᠡᠷᠢᠯᠡᠬᠦ ᠶᠢ ᠠᠬᠢᠭᠤᠯᠵᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠠᠬᠢᠭᠤᠯᠪᠠ ᠃ ᠪᠡᠶ᠎ᠠ ᠪᠠᠨ ᠲᠠᠭᠠᠭᠠᠬᠤ ᠴᠢᠳᠠᠪᠤᠷᠢ ᠪᠠᠨ ᠲᠡᠭᠡᠭᠰᠢᠯᠡᠬᠦᠯᠵᠤ᠂ ᠱᠠᠩᠬᠠᠢ ᠶᠢᠨ ᠬᠡᠳᠦ ᠥᠨᠳᠥᠷ ᠲᠤᠳᠤᠷᠠᠴᠠᠲᠤ ᠶᠢᠨ ᠠᠵᠤ ᠦᠢᠯᠡᠰ ᠤᠨ ᠲᠠᠪᠠᠭᠤᠯᠢᠭ ᠢ ᠬᠦᠢᠴᠡᠳ ᠪᠠᠳᠠᠷᠠᠭᠤᠯᠵᠤ᠂ ᠲᠡᠭᠡᠳᠤ ᠲᠡᠰ ᠤᠨ ᠭᠤᠤᠯ ᠮᠡᠷᠭᠡᠵᠢᠯ ᠤᠨ ᠪᠡᠶ᠎ᠠ ᠪᠠᠨ ᠲᠠᠭᠠᠭᠠᠵᠤ ᠰᠢᠨ᠎ᠠ ᠶᠢ ᠡᠭᠦᠳᠭᠦ ᠭᠡᠷᠡᠭᠯᠡᠭᠡᠨ ᠤ ᠭᠦᠴᠦᠯᠠᠴᠠ ᠪᠠᠨ ᠨᠡᠮᠡᠭᠳᠡᠭᠦᠯᠵᠤ᠂ ᠠᠵᠤ ᠦᠢᠯᠡᠰ ᠤᠨ ᠰᠠᠭᠤᠷᠢ ᠪᠠᠨ ᠪᠠᠲᠤᠳᠬᠠᠪᠠ ᠃ ᠲᠤᠷᠰᠢᠯᠲᠠ ᠬᠢᠬᠦ ᠪᠠᠷ ᠳᠠᠮᠵᠢᠭᠤᠯᠤᠨ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠵᠤ᠂ ᠬᠡᠳᠦ ᠥᠨᠳᠥᠷ ᠲᠤᠳᠤᠷᠠᠴᠠᠲᠤ ᠪᠥᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ ᠃  ᠬᠦᠩ ᠵᠧᠩ ᠢᠯᠡᠷᠬᠡᠶᠢᠯᠡᠬᠦ ᠳᠤ ᠪᠠᠨ᠂ ᠣᠳᠣᠬᠠᠨ ᠳᠤ᠂ ᠱᠠᠩᠬᠠᠢ ᠶᠠᠭ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠭᠡᠨ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠪᠤᠶᠢᠵᠢᠭᠤᠯᠤᠨ ᠬᠥᠭᠵᠢᠭᠦᠯᠵᠦ ᠪᠠᠶᠢᠨ᠎ᠠ᠃ ᠪᠢᠳᠡ ︽ᠳᠤᠮᠳᠠᠳᠤ ᠤᠯᠤᠰ ︵ᠱᠠᠩᠬᠠᠶ  ︶ ᠤᠨ ᠬᠡᠲᠦ ᠥᠨᠳᠥᠷ ᠲᠤᠳᠤᠷᠠᠴᠠᠲᠤ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠬᠡᠲᠦ ᠥᠨᠳᠥᠷ ᠲᠤᠳᠤᠷᠠᠴᠠᠲᠤ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠱᠠᠩᠬᠠᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠳᠠᠪᠠᠭᠤᠯᠢᠭ ᠢ ᠪᠣᠶ ᠪᠣᠯᠭᠠᠪᠠ᠃ ᠠᠭᠤᠯᠭ᠎ᠠ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠡᠲᠦ ᠥᠨᠳᠥᠷ ᠲᠤᠳᠤᠷᠠᠴᠠᠲᠤ ᠠᠭᠤᠯᠭ᠎ᠠ ᠶᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠥᠨᠳᠦᠷᠯᠢᠭ ᠭᠠᠵᠠᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠮᠡᠷᠭᠡᠵᠢᠯ ᠤᠨ ᠰᠤᠳᠤᠯᠤᠨ ᠨᠡᠭᠡᠭᠡᠬᠦ᠂ ᠲᠣᠨᠤᠭ ᠲᠥᠬᠦᠭᠡᠷᠦᠮᠵᠢ ᠦᠢᠯᠡᠳᠬᠦ᠂ ᠠᠭᠤᠯᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠬᠢᠯᠢ ᠠᠯᠤᠰᠯᠠᠭᠰᠠᠨ ᠬᠠᠮᠲᠤᠷᠠᠯᠴᠠᠭ᠎ᠠ ᠶᠢ ᠠᠬᠢᠭᠤᠯᠪᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠬᠦ ᠶᠢ ᠴᠢᠩᠭᠠᠷᠠᠭᠤᠯᠵᠤ ᠂ ᠬᠡᠳᠦ ᠥᠨᠳᠥᠷ ᠲᠤᠳᠤᠷᠠᠴᠠᠲᠤ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ᠂ ᠵᠠᠩᠭᠢᠯᠠᠭ᠎ᠠ ᠶᠢᠨ ᠰᠡᠯᠪᠢᠭ ᠲᠣᠨᠤᠭ᠂ ᠵᠠᠩᠭᠢᠯᠠᠭ᠎ᠠ ᠶᠢᠨ ᠲᠥᠬᠦᠭᠡᠷᠦᠮᠵᠢ ᠶᠢᠨ ᠰᠢᠨ᠎ᠡ ᠶᠢ ᠡᠭᠦᠳᠬᠦ ᠰᠢᠪᠲᠤᠯᠤᠯᠲᠠ ᠶᠢ ᠠᠬᠢᠭᠤᠯᠵᠤ᠂ ᠰᠢᠨ᠎ᠡ ᠪᠠᠶᠢᠳᠠᠯ᠂ ᠰᠢᠨ᠎ᠡ ᠬᠡᠷᠡᠭᠯᠡᠭᠡ᠂ ᠰᠢᠨ᠎ᠡ ᠬᠡᠪ ᠵᠠᠭᠪᠤᠷ ᠢ ᠲᠠᠰᠤᠷᠠᠯᠲᠠ ᠦᠭᠡᠢ ᠪᠣᠶ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ︽ᠴᠥᠮ᠎ᠡ ᠶᠢᠨ ᠳᠡᠯᠪᠡᠴᠢᠯᠲᠡ ᠶᠢᠨ ᠴᠡᠭ︾ ᠢ ᠪᠦᠷᠢᠯᠳᠦᠭᠦᠯᠪᠡ ᠃ ᠰᠠᠶᠢᠨ ᠰᠠᠶᠢᠬᠠᠨ ᠠᠮᠢ ᠠᠬᠤᠢ ᠶᠢ ᠪᠤᠢ ᠪᠣᠯᠭᠠᠵᠤ᠂ ᠬᠡᠳᠦ ᠥᠨᠳᠥᠷ ᠲᠤᠳᠤᠷᠠᠴᠠᠲᠤ ᠴᠢᠨᠠᠷ ᠰᠠᠶᠢᠲᠠᠢ ᠡᠬᠢ ᠪᠠᠶᠠᠯᠢᠭ ᠲᠥᠪᠯᠡᠷᠡᠭᠰᠡᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠨᠡᠩ ᠤᠯᠠᠨ ᠬᠡᠳᠦ ᠥᠨᠳᠥᠷ ᠲᠤᠳᠤᠷᠠᠴᠠᠲᠤ ᠴᠢᠨᠠᠷ ᠰᠠᠶᠢᠲᠠᠢ ᠠᠵᠤ ᠠᠬᠤᠶᠢᠯᠠᠯ᠂ ᠰᠢᠯᠢᠳᠡᠭ ᠴᠢᠳᠠᠪᠤᠷᠢᠲᠠᠨ ᠢ ᠲᠠᠲᠠᠵᠤ ᠱᠠᠩᠬᠠᠢ ᠳᠤ ᠢᠷᠡᠭᠦᠯᠵᠦ ᠬᠥᠭᠵᠢᠭᠦᠯᠬᠦ ᠬᠡᠷᠡᠭᠲᠡᠢ ᠭᠡᠵᠡᠢ ᠃  ᠰᠢᠶᠦ᠋ᠩ ᠵᠢᠢ ᠵᠢᠶᠦ᠋ᠨ ᠢᠯᠡᠷᠬᠡᠶᠢᠯᠡᠬᠦ ᠳᠤ ᠪᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠪᠦᠬᠦ ᠲᠠᠯ᠎ᠠ ᠪᠠᠷ ᠪᠦᠬᠦ ᠬᠡᠯᠬᠢᠶ᠎ᠡ ᠪᠠᠷ ᠲᠦᠭᠡᠮᠡᠯᠵᠢᠭᠦᠯᠦᠨ ᠬᠡᠷᠡᠭᠯᠡᠬᠦ ᠶᠢ ᠲᠥᠷᠭᠡᠳᠭᠡᠬᠦ ᠬᠡᠷᠡᠭᠲᠡᠢ ᠭᠡᠵᠦ ᠳᠤᠷᠠᠳᠪᠠ ᠃ ᠣᠳᠣᠬᠠᠨ ᠳᠤ᠂ ᠬᠡᠲᠦ ᠥᠨᠳᠥᠷ ᠲᠤᠳᠤᠷᠠᠴᠠᠲᠤ ᠸᠢᠳᠢᠣ᠋ ᠪᠠᠷ ᠲᠦᠯᠦᠭᠡᠯᠡᠭᠦᠯᠦᠭᠰᠡᠨ ᠡᠯᠧᠺᠲᠷᠣᠨ ᠠᠵᠤ ᠦᠢᠯᠡᠰ ᠶᠠᠭ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠭᠠᠷᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠣᠲᠣᠭᠠᠳᠤ ᠬᠡᠷᠡᠭᠴᠡᠭᠡ ᠶᠢᠨ ᠵᠠᠬ᠎ᠠ ᠳᠡᠯᠭᠡᠭᠦᠷ ᠢ ᠥᠷᠭᠡᠳᠬᠡᠬᠦ᠂ ᠬᠡᠷᠡᠭᠯᠡᠭᠡᠨ ᠤ ᠲᠠᠰ ᠳᠡᠪᠰᠢᠬᠦ ᠶᠢ ᠠᠬᠢᠭᠤᠯᠬᠤ᠂ ᠠᠵᠤ ᠠᠬᠤᠶ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠴᠢᠬᠤᠯᠠ ᠬᠥᠳᠡᠯᠭᠡᠭᠦᠷ ᠪᠣᠯᠵᠤ ᠪᠠᠶᠢᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠣᠷᠣᠨ ᠨᠤᠲᠤᠭ ᠲᠠᠢ ᠬᠠᠮᠲᠤ ᠪᠠᠷ᠂ ︽ᠳᠤᠮᠳᠠᠳᠤ ᠤᠯᠤᠰ ︵ᠱᠠᠩᠬᠠᠢ︶ ᠤᠨ ᠬᠡᠳᠦ ᠥᠨᠳᠥᠷ ᠲᠤᠳᠤᠷᠠᠴᠠᠲᠤ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ︽ᠦᠵᠡᠵᠦ ᠰᠣᠨᠣᠰᠬᠤ ᠡᠯᠧᠺᠲᠷᠣᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠬᠦᠴᠦᠯᠡᠨ ᠰᠢᠪᠲᠤᠯᠵᠤ᠂ ᠴᠢᠨᠠᠷ ᠰᠠᠶᠢᠲᠠᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠠᠵᠤ ᠦᠢᠯᠡᠰ ᠤᠨ ᠡᠮᠬᠢ ᠵᠢᠷᠤᠮ ᠲᠠᠢ ᠪᠠᠶᠢᠷᠢᠰᠢᠭᠤᠯᠤᠯᠲᠠ ᠶᠢ ᠬᠥᠲᠥᠯᠥᠨ ᠵᠢᠯᠣᠭᠤᠳᠴᠤ᠂ ᠣᠳᠣᠬᠢᠴᠢᠯᠠᠭᠰᠠᠨ ᠦᠵᠡᠵᠦ ᠰᠣᠨᠣᠰᠬᠤ ᠡᠯᠧᠺᠲᠷᠣᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠵᠤ᠂ ᠦᠢᠯᠡᠳᠬᠦ ᠦᠢᠯᠡᠰ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ᠂ ᠰᠣᠶᠣᠯ ᠤᠨ ᠬᠦᠴᠦᠷᠬᠡᠭ ᠤᠯᠤᠰ ᠪᠠ ᠲᠣᠭᠠᠵᠢᠭᠤᠯᠤᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ ᠃  ᠷᠣᠣ ᠴᠢᠤᠸᠠᠨ ᠢᠯᠡᠷᠬᠡᠶᠢᠯᠡᠬᠦ ᠳᠤ ᠪᠠᠨ᠂ ᠶᠡᠷᠦᠩᠬᠡᠶ ᠱᠦᠵᠢ ᠰᠢ  ᠶᠢᠨ ᠫᠢᠩ ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠨᠢ ᠰᠣᠶᠣᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠰᠣᠶᠣᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠭᠰᠠᠨ ᠢᠶᠠᠷ ᠪᠠᠷᠠᠬᠤ ᠥᠬᠡᠶ᠂ ᠪᠠᠰᠠ ᠶᠡᠭᠡ ᠬᠡᠮᠵᠢᠶᠡᠨ ᠤ ᠰᠢᠨ᠎ᠡ ᠶᠢ ᠡᠭᠦᠳᠬᠦ ᠴᠢᠳᠠᠪᠤᠷᠢᠲᠠᠨ ᠢ ᠲᠥᠪᠯᠡᠷᠡᠭᠦᠯᠪᠡ᠂ ᠥᠭᠡᠳᠡᠷᠬᠡᠭ ᠠᠵᠤ ᠦᠢᠯᠡᠰ ᠪᠠᠶᠢᠵᠤ᠂ ᠠᠯᠤᠰ ᠢᠷᠡᠭᠡᠳᠦᠶ ᠲᠠᠢ ᠶᠤᠮ ᠭᠡᠵᠦ ᠵᠢᠭᠠᠵᠤ ᠭᠠᠷᠭᠠᠪᠠ ᠃ ᠣᠳᠣᠬᠠᠨ ᠳᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠨᠢᠭᠡᠨᠲᠡ ᠰᠣᠶᠣᠯ ᠤᠨ ᠵᠣᠬᠢᠶᠠᠨ ᠪᠦᠲᠦᠭᠡᠬᠦ᠂ ᠦᠢᠯᠡᠳᠪᠦᠷᠢᠯᠡᠬᠦ ᠂ ᠳᠠᠮᠵᠢᠭᠤᠯᠬᠤ᠂ ᠬᠡᠷᠡᠭᠯᠡᠬᠦ ᠡᠯ᠎ᠡ ᠲᠠᠯ᠎ᠠ ᠳᠤ ᠥᠷᠭᠡᠨ ᠢᠶᠠᠷ ᠬᠡᠷᠡᠭᠯᠡᠵᠦ᠂ ᠰᠣᠶᠣᠯ ᠨᠢ ᠰᠢᠨ᠎ᠡ ᠮᠡᠷᠭᠡᠵᠢᠯ ᠤᠨ ᠨᠡᠪᠴᠢᠯᠲᠡ ᠬᠠᠮᠤᠭ ᠤᠨ ᠥᠷᠭᠡᠨ ᠳᠡᠯᠭᠡᠷ᠂ ᠰᠢᠨ᠎ᠡ ᠶᠢ ᠡᠭᠦᠳᠬᠦ ᠳᠠᠪᠬᠤᠴᠠᠯ ᠬᠠᠮᠤᠭ ᠤᠨ ᠲᠦᠷᠭᠡᠨ᠂ ᠦᠷ᠎ᠡ ᠠᠰᠢᠭ ᠢᠶᠠᠷ ᠬᠠᠮᠤᠭ ᠤᠨ ᠢᠯᠡᠷᠬᠡᠶ ᠴᠢᠬᠤᠯᠠ ᠬᠦᠷᠢᠶᠡᠨ ᠤ ᠨᠢᠭᠡ ᠪᠣᠯᠵᠣ᠂ ᠰᠢᠨ᠎ᠡ ᠮᠡᠷᠭᠡᠵᠢᠯ ᠨᠢ ᠶᠠᠭ ᠰᠣᠶᠣᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠵᠤ ᠪᠠᠶᠢᠨ᠎ᠠ᠃ ᠲᠠᠪᠤᠨ ᠰᠠᠯᠠᠭ᠎ᠠ ᠮᠥᠴᠢᠷ ᠬᠡᠳᠦ ᠥᠨᠳᠥᠷ ᠲᠤᠳᠤᠷᠠᠴᠠᠲᠤ ᠬᠤᠰᠢᠭᠤᠴᠢ ᠠᠵᠢᠯᠯᠠᠭᠠᠨ ᠤ ᠲᠦᠯᠦᠪᠯᠡᠭᠡ ᠶᠢ ᠬᠠᠮᠲᠤᠷᠠᠨ ᠡᠷᠬᠢᠯᠡᠭᠰᠡᠨ ᠨᠢ ᠰᠣᠶᠣᠯ ᠤᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠦᠨᠵᠡᠭᠡᠶ ᠠᠭᠤᠰᠤᠯᠴᠠᠯ ᠤᠨ ᠪᠦᠲᠦᠮᠵᠢᠲᠡᠶ ᠲᠣᠭᠲᠠᠴᠠ ᠶᠢ ᠬᠠᠶᠢᠨ ᠰᠦᠪᠡᠭᠴᠢᠯᠡᠬᠦ ᠵᠠᠩᠭᠢᠯᠠᠭ᠎ᠠ ᠶᠢᠨ ᠠᠯᠬᠤᠮ ᠪᠣᠯᠤᠨ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠡᠯ᠎ᠡ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ︽ᠳᠤᠮᠳᠠᠳᠤ ᠤᠯᠤᠰ ︵ᠱᠠᠩᠬᠠᠶ︶ ᠤᠨ ᠬᠡᠳᠦ ᠥᠨᠳᠥᠷ ᠲᠤᠳᠤᠷᠠᠴᠠᠲᠤ ᠬᠤᠰᠢᠭᠤᠴᠢ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠣᠶᠣᠯ ᠤᠨ ᠲᠠᠯᠠᠪᠤᠷ ᠣᠷᠳᠣᠨ᠂ ᠰᠣᠶᠣᠯ ᠤᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ ᠬᠥᠲᠥᠯᠥᠨ ᠵᠢᠯᠣᠭᠤᠳᠴᠤ ᠪᠠᠶᠢᠭᠠᠳ ᠪᠦᠲᠦᠮᠵᠢᠲᠡᠶ ᠣᠷᠣᠯᠴᠠᠭᠤᠯᠵᠤ᠂ ᠲᠣᠭᠠᠵᠢᠭᠤᠯᠤᠭᠰᠠᠨ ᠲᠣᠭᠯᠠᠯᠲᠠ᠂ ᠲᠣᠭᠠᠵᠢᠭᠤᠯᠤᠭᠰᠠᠨ ᠤᠷᠠᠯᠢᠭ᠂ ᠰᠤᠭᠲᠤᠭᠤᠷᠠᠮᠠᠯ ᠮᠠᠶ᠋ᠢᠭ ᠤᠨ ᠪᠡᠶᠡᠴᠢᠯᠡᠨ ᠣᠶᠢᠯᠠᠭᠠᠬᠤ᠂ ᠰᠥᠨᠢ ᠶᠢᠨ ᠠᠵᠤ ᠠᠬᠤᠶ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠵᠡᠷᠭᠡ ᠬᠦᠷᠢᠶ᠎ᠡ ᠳᠤ ᠨᠢᠭᠡ ᠪᠦᠯᠦᠭ 4K/8K ᠶᠢᠨ ᠣᠨᠴᠠᠯᠢᠭ ᠲᠤ ᠳᠣᠭᠢᠷᠬᠠᠰᠠᠨ ᠴᠢᠨᠠᠷ ᠰᠠᠶᠢᠲᠠᠶ ᠰᠣᠶᠣᠯ ᠪᠠ ᠵᠢᠭᠤᠯᠴᠢᠯᠠᠯ ᠤᠨ ᠠᠭᠤᠯᠭ᠎ᠠ ᠪᠦᠲᠦᠭᠡᠭᠳᠡᠬᠦᠨ ᠢ ᠭᠠᠷᠭᠠᠵᠤ᠂ ᠬᠡᠷᠡᠭᠯᠡᠭᠡ ᠶᠢᠨ ᠰᠢᠨ᠎ᠡ ᠪᠠᠶᠢᠳᠠᠯ ᠰᠢᠨ᠎ᠡ ᠬᠡᠪ ᠵᠠᠭᠪᠤᠷ ᠢ ᠪᠣᠶᠢᠵᠢᠭᠤᠯᠪᠠ ᠃ ᠤᠯᠤᠰ ᠤᠨ ᠥᠮᠴᠢᠯᠡᠯᠲᠦ ᠤᠷᠠᠨ ᠰᠠᠶᠢᠬᠠᠨ ᠤ ᠬᠦᠷᠢᠶᠡᠯᠡᠩ ᠪᠦᠯᠬᠦᠮ ᠪᠠ ᠲᠣᠭᠯᠠᠯᠲᠠ ᠶᠢᠨ ᠠᠵᠤ ᠠᠬᠤᠶᠢᠯᠠᠯ ᠤᠨ ᠣᠨᠴᠠ ᠰᠢᠯᠢᠳᠡᠭ ᠲᠣᠭᠯᠠᠯᠲᠠ ᠶᠢᠨ ᠦᠢᠯᠡᠳᠬᠦᠨ ᠵᠣᠬᠢᠶᠠᠨ ᠪᠠᠶᠢᠭᠤᠯᠵᠤ ᠦᠢᠯᠡᠳᠪᠦᠷᠢᠯᠡᠬᠦ ᠶᠢ ᠢᠳᠡᠪᠬᠢᠲᠡᠶ ᠳᠡᠮᠵᠢᠵᠦ᠂ ᠰᠣᠶᠣᠯ ᠤᠨ ᠲᠠᠯᠠᠪᠤᠷ ᠣᠷᠳᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠤᠭᠲᠤᠭᠤᠷᠠᠮᠠᠯ ᠮᠠᠶ᠋ᠢᠭ ᠤᠨ ᠪᠡᠶᠡᠴᠢᠯᠡᠨ ᠣᠶᠢᠯᠠᠭᠠᠬᠤ ᠣᠷᠣᠨ ᠵᠠᠢ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠵᠡᠷᠭᠡ ᠰᠣᠶᠣᠯ ᠪᠠ ᠵᠢᠭᠤᠯᠴᠢᠯᠠᠯ ᠤᠨ ᠠᠬᠤᠶ ᠲᠠᠯᠠᠪᠠᠶ ᠶᠢᠨ ᠬᠡᠷᠡᠭᠯᠡᠯᠲᠡ ᠶᠢ ᠠᠬᠢᠭᠤᠯᠵᠤ᠂ ᠨᠠᠩ ᠣᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠪᠠ ᠰᠣᠶᠣᠯ ᠤᠨ ᠪᠦᠲᠦᠭᠡᠭᠳᠡᠬᠦᠨ ᠢᠶᠠᠷ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠢ ᠭᠡᠵᠡᠢ ᠃  ᠬᠤ᠋ ᠶᠢᠨ ᠵᠢᠶᠦ᠋ᠨ ᠢᠯᠡᠷᠬᠡᠶᠢᠯᠡᠬᠦ ᠳᠤ ᠪᠠᠨ᠂ ᠶᠡᠷᠦᠩᠬᠡᠢ ᠱᠦᠵᠢ ᠰᠢ  ᠶᠢᠨ ᠫᠢᠩ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠭᠤᠣᠯᠳᠠᠯᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠢᠯᠠᠩᠭᠤᠶ᠎ᠠ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠣᠯᠤᠨ ᠬᠤᠰᠢᠭᠤᠷᠠᠯ ᠮᠡᠷᠭᠡᠵᠢᠯ ᠢᠶᠠᠷ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠬᠦ ᠬᠦᠴᠦᠨ ᠢ ᠪᠤᠢ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠤᠨ᠎ᠠ ᠭᠡᠵᠦ ᠴᠢᠬᠤᠯᠠᠴᠢᠯᠠᠪᠠ᠃ ᠬᠡᠳᠦ ᠥᠨᠳᠥᠷ ᠲᠤᠳᠤᠷᠠᠴᠠᠲᠤ ᠸᠢᠳᠢᠣ᠋ ᠪᠣᠯ ᠲᠣᠭᠠᠵᠢᠭᠤᠯᠤᠭᠰᠠᠨ ᠂ ᠥᠨᠳᠥᠷ ᠲᠤᠳᠤᠷᠠᠴᠠᠲᠤ ᠪᠣᠯᠭᠠᠭᠰᠠᠨ ᠤ ᠳᠠᠷᠠᠭᠠᠬᠢ ᠰᠢᠨ᠎ᠡ ᠨᠢᠭᠡ ᠡᠭᠡᠯᠵᠢ ᠶᠢᠨ ᠴᠢᠬᠤᠯᠠ ᠶᠡᠭᠡ ᠮᠡᠷᠭᠡᠵᠢᠯ ᠤᠨ ᠰᠢᠨᠡᠴᠢᠯᠡᠯᠲᠡ ᠪᠣᠯᠤᠨ᠎ᠠ᠃ ᠶᠡᠷᠦᠩᠬᠡᠢ ᠬᠤᠷᠢᠶ᠎ᠠ ᠪᠠᠶᠢᠭᠤᠯᠤᠭᠳᠠᠭᠰᠠᠨ ᠠᠴᠠ ᠨᠠᠭᠠᠰᠢ ᠂ ᠰᠢᠨ᠎ᠡ ᠶᠢ ᠡᠭᠦᠳᠬᠦ ᠡᠨᠡ ᠬᠦ ᠭᠤᠣᠯ ᠬᠥᠭ ᠠᠶᠠᠰ ᠢ ᠪᠠᠲᠤ ᠡᠵᠡᠮᠳᠡᠵᠦ᠂ ︽5G + 4K/8K + AI︾ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯ ᠢ ᠦᠷᠭᠦᠯᠵᠢᠯᠡᠨ ᠭᠦᠨᠵᠡᠭᠡᠶᠢᠷᠡᠭᠦᠯᠵᠦ ᠂ ᠬᠡᠳᠦ ᠥᠨᠳᠥᠷ ᠲᠤᠳᠤᠷᠠᠴᠠᠲᠤ ᠸᠢᠳᠢᠣ᠋ ᠳᠠᠭᠤᠨ ᠳᠠᠪᠲᠠᠮᠵᠢᠲᠤ ᠨᠡᠪᠲᠡᠷᠡᠭᠦᠯᠭᠡ ᠪᠠᠷ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠠᠶᠢᠭᠤᠯᠵᠤ᠂ 4K/8K ᠬᠡᠳᠦ ᠥᠨᠳᠥᠷ ᠲᠤᠳᠤᠷᠠᠴᠠᠲᠤ ᠲᠧᠯᠸᠢᠰ ᠤᠨ ᠰᠤᠪᠠᠭ ᠢ ᠡᠬᠢᠯᠡᠨ ᠨᠡᠪᠲᠡᠷᠡᠭᠦᠯᠵᠦ᠂ ︽ᠵᠠᠭᠤᠨ ᠬᠤᠲᠠ ᠮᠢᠩᠭᠠᠨ ᠳᠡᠯᠭᠡᠴᠡ ︾ ᠬᠡᠳᠦ ᠥᠨᠳᠥᠷ ᠲᠤᠳᠤᠷᠠᠴᠠᠲᠤ ᠠᠵᠤ ᠦᠢᠯᠡᠰ ᠤᠨ ᠲᠥᠷᠥᠯ ᠵᠦᠢᠯ ᠢ ᠭᠠᠷᠭᠠᠵᠤ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ᠂ ︽ᠳᠤᠮᠳᠠᠳᠤ ᠤᠯᠤᠰ ᠤᠨ ᠤᠯᠠᠭᠠᠨ︾ 4 K/8K ᠬᠡᠳᠦ ᠥᠨᠳᠥᠷ ᠲᠤᠳᠤᠷᠠᠴᠠᠲᠤ ᠳᠠᠮᠵᠢᠭᠤᠯᠤᠨ ᠨᠡᠪᠲᠡᠷᠡᠭᠦᠯᠬᠦ ᠲᠡᠷᠭᠡ ᠨᠢ ᠡᠯ᠎ᠡ ᠤᠯᠤᠰ ᠤᠨ ᠨᠥᠬᠦᠷᠰᠡᠭ ᠬᠥᠮᠦᠰ ᠤᠨ ᠬᠠᠯᠠᠭᠤᠨ ᠬᠦᠷᠢᠶᠡᠯᠡᠯ ᠪᠠ ᠳᠡᠯᠡᠬᠡᠢ ᠶᠢᠨ ᠵᠠᠭᠤᠴᠢᠯᠠᠭᠤᠷ ᠤᠨ ᠠᠩᠬᠠᠷᠤᠯ ᠢ ᠲᠠᠲᠠᠪᠠ᠃ ᠥᠨᠥᠳᠦᠷ ᠤᠨ ᠲᠠᠪᠤᠨ ᠲᠠᠯ᠎ᠠ ᠪᠠᠷ ᠢᠶᠠᠨ ︽︿ᠳᠤᠮᠳᠠᠳᠤ ᠤᠯᠤᠰ ︵ᠱᠠᠩᠬᠠᠶ︶ ᠤᠨ ᠬᠡᠳᠦ ᠥᠨᠳᠥᠷ ᠲᠤᠳᠤᠷᠠᠴᠠᠲᠤ ᠬᠤᠰᠢᠭᠤᠴᠢ ᠠᠵᠢᠯᠯᠠᠭᠠᠨ ᠤ ᠲᠥᠯᠥᠪᠯᠡᠭᠡ﹀ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠴᠣ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠶᠡᠷᠦᠩᠬᠡᠢ ᠲᠠᠪᠴᠠᠩ ᠨᠢ ᠴᠢᠨᠠᠷ ᠰᠠᠶᠢᠲᠠᠢ ᠬᠡᠳᠦ ᠥᠨᠳᠥᠷ ᠲᠤᠳᠤᠷᠠᠴᠠᠲᠤ ᠠᠭᠤᠯᠭ᠎ᠠ ᠲᠠᠢ ᠠᠭᠤᠯᠭ᠎ᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠬᠡᠳᠦ ᠥᠨᠳᠥᠷ ᠲᠤᠳᠤᠷᠠᠴᠠᠲᠤ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠧᠯᠸᠢᠰ ᠤᠨ ᠲᠣᠮᠣ ᠵᠢᠵᠢᠭ ᠳᠡᠯᠭᠡᠴᠡ ᠶᠢ ᠠᠭᠤᠰᠤᠯᠴᠠᠭᠤᠯᠤᠨ ᠳᠠᠮᠵᠢᠭᠤᠯᠬᠤ ᠦᠢᠯᠡᠳᠦᠯᠭᠡ ᠶᠢ ᠭᠦᠨᠵᠡᠭᠡᠶᠢᠷᠡᠭᠦᠯᠵᠦ᠂ ᠳᠡᠭᠡᠳᠦ ᠬᠡᠮᠵᠢᠶᠡᠨ ᠤ ᠲᠣᠳᠣ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠵᠦ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ᠂ ᠰᠢᠨ᠎ᠡ ᠴᠢᠨᠠᠷ ᠤᠨ ᠳᠠᠮᠵᠢᠭᠤᠯᠭ᠎ᠠ ᠶᠢᠨ ᠬᠦᠴᠦᠨ᠂ ᠰᠢᠨ᠎ᠡ ᠴᠢᠨᠠᠷ ᠤᠨ ᠥᠷᠢᠰᠦᠯᠳᠦᠬᠦ ᠬᠦᠴᠦᠨ ᠤ ᠪᠤᠶᠢᠵᠢᠯᠲᠠ ᠶᠢ ᠭᠦᠨᠵᠡᠭᠡᠶᠢᠷᠡᠭᠦᠯᠵᠦ᠂ ᠰᠣᠶᠣᠯ ᠤᠨ ᠰᠢᠨ᠎ᠡ ᠡᠭᠦᠷᠭᠡ ᠶᠢ ᠬᠠᠮᠲᠤ ᠪᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ ᠭᠡᠵᠡᠢ ᠃  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠱᠠᠩᠬᠠᠶ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠱᠠᠩᠬᠠᠶ ᠶᠢᠨ ᠷᠠᠳᠢᠣ᠋ ᠲᠧᠯᠸᠢᠰ ᠬᠤᠷᠢᠶ᠎ᠠ᠂ ᠬᠡᠰᠡᠭ ᠠᠭᠤᠯᠭ᠎ᠠ ᠦᠢᠯᠡᠳᠬᠦ ᠪᠠᠶᠢᠭᠤᠯᠤᠮᠵᠢ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ ᠪᠠ ᠬᠡᠲᠦ ᠥᠨᠳᠥᠷ ᠲᠤᠳᠤᠷᠠᠴᠠᠲᠤ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map