ᠤᠲᠠᠰᠤᠲᠤ ᠲᠣᠭᠠᠴᠠᠯᠠᠭᠰᠠᠨ ᠲᠧᠯᠸᠢᠰ ᠤᠨ ᠬᠦᠯᠢᠶᠡᠨ ᠠᠪᠬᠤ ᠠᠷᠠᠴᠢᠯᠠᠵᠤ ᠬᠠᠮᠠᠭᠠᠯᠠᠬᠤ ᠶᠢᠨ ᠰᠦᠢᠳᠬᠡᠯ ᠬᠤᠷᠢᠶᠠᠬᠤ ᠦᠨᠳᠦᠰᠦᠨ ᠪᠠᠷᠢᠮᠵᠢᠶ᠎ᠠ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/2/19
  ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠦᠨ᠎ᠡ ᠲᠤᠭᠲᠠᠭᠠᠵᠤ ᠡᠵᠡᠩᠨᠡᠨ ᠦᠢᠯᠡᠴᠢᠯᠡᠬᠦ ᠴᠢᠨᠠᠷᠲᠠᠶ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ︵2024 ᠣᠨ ᠤ ᠬᠡᠪᠯᠡᠯ︶ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠦᠨ᠎ᠡ ᠰᠦᠢᠳᠭᠡᠯ ᠦᠰᠦᠭ ﹇ 2024﹈ 187 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠮᠠᠨ ᠤ ᠣᠷᠣᠨ ᠤ ᠤᠲᠠᠰᠤᠲᠤ ᠲᠣᠭᠠᠴᠠᠯᠠᠭᠰᠠᠨ ᠲᠧᠯᠸᠢᠰ ᠤᠨ ᠰᠦᠢᠳᠬᠡᠯ ᠬᠤᠷᠢᠶᠠᠬᠤ ᠦᠨᠳᠦᠰᠦᠨ ᠪᠠᠷᠢᠮᠵᠢᠶ᠎ᠠ ᠶᠢ ᠳᠣᠤᠷᠠᠬᠢ ᠮᠡᠲᠦ ᠨᠡᠶᠢᠲᠡᠯᠡᠶ᠎ᠡ᠄  1. ᠭᠤᠣᠯ ᠦᠵᠦᠭᠦᠷ ᠨᠢ ᠰᠠᠷ᠎ᠠ ᠪᠦᠷᠢ 26 ᠲᠥᠭᠦᠷᠢᠭ ᠪᠠᠶᠢᠵᠤ᠂ ᠳᠡᠳ᠋ ᠦᠵᠦᠭᠦᠷ ᠨᠢ ᠰᠠᠷ᠎ᠠ ᠪᠦᠷᠢ 6 ᠲᠥᠭᠦᠷᠢᠭ ᠪᠣᠯᠣᠨ᠎ᠠ᠃  2. ᠭᠤᠤᠯ ᠦᠵᠦᠭᠦᠷ ᠤᠨ ᠠᠩᠬ᠎ᠠ ᠤᠭᠰᠠᠷᠠᠬᠤ ᠰᠦᠢᠳᠬᠡᠯ 300 ᠲᠥᠭᠦᠷᠢᠭ ᠪᠠᠶᠢᠵᠤ᠂ ᠳᠡᠳ᠋ ᠦᠵᠦᠭᠦᠷ ᠨᠡᠮᠡᠬᠦ ᠪᠦᠷᠢ 50 ᠲᠥᠭᠦᠷᠢᠭ ᠨᠡᠮᠡᠵᠦ ᠬᠤᠷᠢᠶᠠᠨ᠎ᠠ᠃  3. ᠬᠡᠷᠡᠭᠯᠡᠭᠴᠢᠳ ᠤᠶᠤᠨᠴᠢ ᠺᠠᠷᠲ ᠢᠶᠠᠨ ᠰᠣᠯᠢᠬᠤ ᠪᠤᠶᠤ ᠨᠥᠬᠦᠵᠦ ᠭᠦᠢᠴᠡᠳᠬᠡᠪᠡᠯ 35 ᠲᠦᠭᠦᠷᠢᠭ ᠤᠨ ᠬᠥᠯᠥᠰᠥ ᠦᠷᠳᠡᠭ ᠤᠨ ᠵᠠᠷᠤᠳᠠᠯ ᠬᠤᠷᠢᠶᠠᠨ᠎ᠠ᠃  ᠣᠨᠴᠠᠭᠠᠶᠢᠯᠠᠨ ᠵᠠᠷᠯᠠᠪᠠ᠃    ᠳᠠᠭᠠᠯᠳᠤᠭᠤᠯᠤᠯ᠄ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠦᠨ᠎ᠡ ᠲᠤᠭᠲᠠᠭᠠᠵᠤ ᠡᠵᠡᠩᠨᠡᠨ ᠦᠢᠯᠡᠴᠢᠯᠡᠬᠦ ᠴᠢᠨᠠᠷᠲᠠᠶ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ

 

  

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map