ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ ᠶᠢᠨ ᠤᠯᠤᠰ ᠤᠨ ᠰᠤᠶᠤᠯ ᠢ ᠬᠠᠮᠠᠭᠠᠯᠠᠵᠦ ᠤᠯᠠᠮᠵᠢᠯᠠᠨ ᠠᠰᠢᠭᠯᠠᠬᠤ ᠢᠨᠵᠧᠨᠧᠷᠢᠩ ᠤᠨ ᠨᠦᠬᠡᠴᠡᠯᠡᠬᠦ ᠬᠦᠮᠦᠷᠭᠡ ᠳᠤ ᠣᠷᠤᠭᠤᠯᠤᠭᠰᠠᠨ ᠦᠷ᠎ᠡ ᠳ᠋ᠦᠩ ᠤᠨ ᠨᠡᠶᠢᠲᠡᠯᠡᠯ
ᠨᠡᠶᠢᠲᠡᠯᠡᠭᠰᠡᠨ ᠴᠠᠭ᠄
2024/2/5
  ᠡᠮᠦᠨᠡᠬᠢ ᠬᠤᠭᠤᠴᠠᠭᠠᠨ ᠤ ᠣᠷᠣᠨ ᠨᠤᠲᠤᠭ ᠤᠨ ᠲᠠᠨᠢᠯᠴᠠᠭᠤᠯᠭ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠬᠠᠮᠲᠤᠷᠠᠨ ᠬᠢᠨᠠᠭᠰᠠᠨ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠭᠰᠠᠨ ᠰᠠᠭᠤᠷᠢᠨ ᠳᠡᠭᠡᠷ᠎ᠡ᠂ ᠰᠣᠶᠣᠯ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠢᠨᠵᠧᠨᠧᠷᠢᠩ ᠤᠨ ᠨᠥᠭᠡᠴᠡ ᠶᠢᠨ ᠬᠥᠮᠥᠷᠭᠡ ᠶᠢ ᠪᠦᠷᠢᠯᠳᠦᠭᠦᠯᠵᠦ᠂ ᠮᠠᠨ ᠤ ᠲᠣᠪᠴᠢᠶ᠎ᠠ ᠶᠢᠨ 1 ᠲᠥᠷᠥᠯ ᠵᠦᠢᠯ ᠢ ᠨᠥᠭᠡᠴᠡᠯᠡᠬᠦ ᠬᠥᠮᠥᠷᠭᠡ ᠳᠤ ᠣᠷᠣᠭᠤᠯᠪᠠ᠃ ᠡᠳᠦᠭᠡ ᠳᠣᠤᠷᠠᠬᠢ ᠮᠡᠲᠦ ᠵᠠᠷᠯᠠᠶ᠎ᠠ᠃  ᠨᠢᠭᠡ᠂ ᠲᠥᠷᠥᠯ ᠵᠦᠢᠯ ᠤᠨ ᠨᠡᠷᠡᠶᠢᠳᠦᠯ ᠵᠢᠴᠢ ᠪᠦᠲᠦᠭᠡᠨ ᠪᠠᠶᠢᠭᠤᠯᠬᠤ ᠭᠠᠵᠠᠷ  ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨᠲᠤ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠪᠦᠲᠦᠭᠡᠨ ᠪᠠᠶᠢᠭᠤᠯᠬᠤ ᠭᠠᠵᠠᠷ᠄ ᠬᠢᠩᠭᠠᠨ ᠠᠶᠢᠮᠠᠭ ᠤᠨ ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠡᠷᠢᠶᠡᠨ ᠬᠤᠲᠠ᠂ ᠰᠥᠨᠢᠳ ᠪᠠᠷᠠᠭᠤᠨ ᠬᠤᠰᠢᠭᠤ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ ᠵᠡᠷᠭᠡ 14 ᠬᠢᠯᠢ ᠶᠢᠨ ᠬᠤᠰᠢᠭᠤ ︵ᠬᠤᠲᠠ︶  ᠬᠤᠶᠠᠷ᠂ ᠬᠢᠨᠠᠯᠲᠠ ᠲᠠᠯᠪᠢᠬᠤ ᠰᠠᠯᠠᠭ᠎ᠠ ᠮᠦᠴᠢᠷ  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ  ᠭᠤᠷᠪᠠ᠂ ᠨᠡᠶᠢᠲᠡᠯᠡᠬᠦ ᠬᠤᠭᠤᠴᠠᠭ᠎ᠠ  2024 ᠣᠨ ᠤ 2 ᠳ᠋ᠤᠭᠠᠷ ᠰᠠᠷ᠎ᠠ ᠶᠢᠨ 5 ᠤ ᠡᠳᠦᠷ ᠠᠴᠠ 9 ᠤ ᠡᠳᠦᠷ ᠪᠣᠯᠲᠠᠯ᠎ᠠ  ᠳᠥᠷᠪᠡ᠂ ᠬᠠᠷᠢᠯᠴᠠᠬᠤ ᠬᠡᠯᠪᠡᠷᠢ  ᠬᠠᠷᠢᠯᠴᠠᠬᠤ ᠬᠥᠮᠥᠨ᠄ ᠠᠨ ᠠᠪᠠᠭᠠᠢ  ᠬᠠᠷᠢᠯᠴᠠᠬᠤ ᠤᠲᠠᠰᠤ᠄ 0471 - 4590220 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map