ᠪᠥᠬᠦ ᠣᠷᠣᠨ ᠤ ᠬᠤᠶᠠᠷ ᠤᠯᠠᠭᠠᠨ ᠬᠤᠶᠠᠷ ᠰᠢᠯᠢᠳᠡᠭ ᠢ ᠲᠠᠨᠢᠯᠴᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/3/12
  ︽2023 ᠣᠨ ᠤ ᠪᠥᠬᠦ ᠣᠷᠣᠨ ᠤ ᠲᠠᠪᠤᠨ ᠰᠠᠷ᠎ᠠ ᠶᠢᠨ ᠳᠥᠷᠪᠡᠨ ᠤ ᠤᠯᠠᠭᠠᠨ ᠲᠤᠭᠴᠢ ᠡᠪᠯᠡᠯ ᠤᠨ ᠬᠤᠷᠢᠶ᠎ᠠ ︵ᠡᠪᠯᠡᠯ ᠤᠨ ᠡᠭᠦᠷ︶᠂ ᠪᠥᠬᠦ ᠣᠷᠣᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ ᠪᠥᠬᠦ ᠣᠷᠣᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ ᠢ ᠰᠢᠯᠭᠠᠷᠠᠭᠤᠯᠤᠨ ᠰᠣᠩᠭᠤᠬᠤ ᠠᠵᠢᠯ ᠢ ᠰᠠᠶᠢᠲᠤᠷ ᠬᠢᠬᠦ ᠲᠤᠬᠠᠶ ᠤᠷᠢᠳᠴᠢᠯᠠᠭᠰᠠᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠪᠴᠢᠶ᠎ᠠ ᠶᠢᠨ ᠡᠪᠯᠡᠯ ᠤᠨ ᠬᠤᠷᠢᠶ᠎ᠠ ᠪᠠᠲᠤᠯᠠᠨ ᠲᠠᠨᠢᠯᠴᠠᠭᠤᠯᠬᠤ ᠪᠠᠷᠢᠮᠵᠢᠶ᠎ᠠ ᠲᠠᠢ ᠬᠠᠷᠭᠤᠭᠤᠯᠵᠤ᠂ ᠪᠣᠭᠤᠮᠲᠠ ᠶᠢ ᠴᠢᠩᠭ᠎ᠠ ᠰᠠᠬᠢᠵᠤ᠂ ᠲᠣᠪᠴᠢᠶ᠎ᠠ ᠶᠢᠨ ᠳᠠᠮᠵᠢᠭᠤᠯᠤᠨ ᠰᠠᠴᠤᠷᠠᠭᠤᠯᠬᠤ ᠲᠥᠪ ᠤᠨ 841 ᠡᠪᠯᠡᠯ ᠤᠨ ᠡᠭᠦᠷ ᠠᠴᠠ ᠪᠥᠬᠦ ᠣᠷᠣᠨ ᠤ ᠲᠠᠪᠤᠨ ᠰᠠᠷ᠎ᠠ ᠶᠢᠨ ᠳᠥᠷᠪᠡᠨ ᠤ ᠤᠯᠠᠭᠠᠨ ᠲᠤᠭᠴᠢ ᠡᠪᠯᠡᠯ ᠤᠨ ᠡᠭᠦᠷ ᠲᠤ ᠭᠤᠶᠤᠴᠢᠯᠠᠨ ᠮᠡᠳᠡᠭᠦᠯᠵᠦ᠂ ᠲᠤᠤ ᡁᠢ ᠭᠠᠩ ᠢ ᠲᠠᠨᠢᠯᠴᠠᠭᠤᠯᠤᠨ ᠪᠥᠬᠦ ᠣᠷᠣᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ ᠢ ᠭᠤᠶᠤᠴᠢᠯᠠᠨ ᠮᠡᠳᠡᠭᠦᠯᠬᠦ ᠪᠠᠷ ᠲᠥᠯᠥᠪᠯᠡᠵᠦ ᠪᠣᠶ᠂ ᠡᠳᠦᠭᠡ ᠨᠡᠶᠢᠲᠡᠯᠡᠶ᠎ᠡ᠃  ᠨᠡᠶᠢᠲᠡᠯᠡᠯ ᠤᠨ ᠬᠤᠭᠤᠴᠠᠭᠠᠨ ᠳᠤ᠂ ᠨᠢᠭᠡᠴᠢ ᠪᠤᠶᠤ ᠬᠤᠪᠢ ᠬᠥᠮᠦᠨ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠨᠡᠶᠢᠲᠡᠯᠡᠭᠳᠡᠭᠰᠡᠨ ᠡᠲᠡᠭᠡᠳ ᠤᠨ ᠬᠠᠮᠢᠶ᠎ᠠ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃  ᠨᠡᠶᠢᠲᠡᠯᠡᠬᠦ ᠴᠠᠭ᠄ 2024 ᠣᠨ ᠤ 3 ᠳ᠋ᠤᠭᠠᠷ ᠰᠠᠷ᠎ᠠ ᠶᠢᠨ 12 ᠤ ᠡᠳᠦᠷ ᠠᠴᠠ 18 ᠤ ᠡᠳᠦᠷ ᠪᠣᠯᠲᠠᠯ᠎ᠠ  ᠬᠠᠷᠢᠯᠴᠠᠬᠤ ᠤᠲᠠᠰᠤ᠄ 0471 – 4590066    ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠤᠷᠢᠶ᠎ᠠ2024 ᠣᠨ ᠤ 3 ᠳ᠋ᠤᠭᠠᠷ ᠰᠠᠷ᠎ᠠ ᠶᠢᠨ 12 ᠤ ᠡᠳᠦᠷ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map