2023 ᠣᠨ ᠤ ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠳᠤ ᠲᠠᠨᠢᠯᠴᠠᠭᠤᠯᠬᠤ ᠱᠠᠩᠨᠠᠯ ᠬᠦᠷᠲᠡᠬᠦ ᠪᠦᠲᠦᠭᠡᠯ ᠵᠢᠴᠢ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠲᠣᠮᠣ ᠱᠠᠩᠨᠠᠯ ᠤᠨ ᠪᠦᠲᠦᠭᠡᠯ ᠢ ᠲᠠᠨᠢᠯᠴᠠᠭᠤᠯᠤᠨ ᠰᠢᠯᠭᠠᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠶᠢᠳᠡᠯᠡᠯ
ᠨᠡᠶᠢᠲᠡᠯᠡᠭᠰᠡᠨ ᠴᠠᠭ᠄
2024/3/20
     ᠷᠠᠳᠢᠣ᠋ ᠲᠧᠯᠸᠢᠰ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠠᠬᠢᠭᠤᠯᠵᠤ᠂ ᠵᠣᠬᠢᠶᠠᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ︽ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠤᠨ ᠱᠠᠩᠨᠠᠯ ᠰᠢᠯᠭᠠᠷᠠᠭᠤᠯᠬᠤ ᠶᠡᠷᠦᠩᠬᠡᠶ ᠲᠥᠰᠦᠯ︾᠂ ︽ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠤᠨ ᠱᠠᠩᠨᠠᠯ ᠰᠢᠯᠭᠠᠷᠠᠭᠤᠯᠬᠤ ᠳᠦᠷᠢᠮ︾ ᠤᠨ ᠲᠣᠭᠲᠠᠭᠠᠯ ᠵᠢᠴᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ ᠤᠨ ︽ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠲᠣᠮᠣ ᠱᠠᠩᠨᠠᠯ ᠤᠨ 28 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠲᠧᠯᠸᠢᠰ ᠤᠷᠠᠨ ᠰᠠᠶᠢᠬᠠᠨ ᠤ ︿ᠣᠳᠣᠨ ᠭᠡᠷᠡᠯ ᠱᠠᠩᠨᠠᠯ﹀ ᠢ ᠰᠢᠯᠭᠠᠷᠠᠭᠤᠯᠬᠤ ᠠᠵᠢᠯ ᠤᠨ ᠲᠤᠬᠠᠶ ᠮᠡᠳᠡᠭᠳᠡᠯ︾ ᠪᠠ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠠᠲᠤ ᠬᠤᠷᠠᠯ ᠤᠨ ︿ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠲᠣᠮᠣ ᠱᠠᠩᠨᠠᠯ ᠤᠨ 2023 ᠣᠨ ᠤ ᠷᠠᠳᠢᠣ᠋ ᠲᠧᠯᠸᠢᠰ ᠤᠨ ᠫᠷᠤᠭ᠍ᠷᠠᠮ ᠤᠨ ᠱᠠᠩᠨᠠᠯ ᠰᠢᠯᠭᠠᠷᠠᠭᠤᠯᠬᠤ ᠠᠵᠢᠯ ᠤᠨ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ 2023 ᠣᠨ ᠤ ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 2023 ᠣᠨ ᠤ ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠰᠣᠨᠢᠨ ᠮᠡᠳᠡᠭᠡᠨ ᠤ ᠬᠤᠷᠢᠶ᠎ᠠ ᠶᠢᠨ ᠰᠤᠷᠭᠠᠨ ᠬᠥᠮᠦᠵᠢᠯ ᠤᠨ ᠫᠷᠤᠭ᠍ᠷᠠᠮ ᠵᠢᠴᠢ ᠰᠢᠨ᠎ᠡ ᠵᠠᠭᠤᠴᠢᠯᠠᠭᠤᠷ ᠤᠨ ᠪᠦᠲᠦᠭᠡᠯ ᠤᠨ ᠱᠠᠩᠨᠠᠯ ᠭᠥᠷᠳᠡᠭᠰᠡᠨ 57 ᠪᠦᠲᠦᠭᠡᠯ ᠢ ᠰᠢᠯᠭᠠᠷᠠᠭᠤᠯᠤᠨ ᠭᠠᠷᠭᠠᠵᠤ᠂ ᠲᠣᠮᠣ ᠬᠡᠯᠪᠡᠷᠢ ᠶᠢᠨ ᠰᠣᠶᠣᠯ ᠤᠨ ᠶᠡᠷᠦᠩᠬᠡᠶᠢᠯᠡᠭᠰᠡᠨ ᠤᠷᠠᠯᠢᠭ ᠤᠨ ᠫᠷᠤᠭ᠍ᠷᠠᠮ ︽ᠬᠠᠲᠤᠨ ᠭᠤᠤᠯ ᠤᠨ ᠰᠦᠭ ᠰᠦᠨᠡᠰᠦ ︵ᠨᠢᠭᠡᠳᠦᠭᠡᠷ ᠤᠯᠠᠷᠢᠯ︶︾ ᠵᠡᠷᠭᠡ 15 ᠪᠦᠲᠦᠭᠡᠯ ᠢ ᠰᠣᠩᠭᠤᠨ ᠭᠠᠷᠭᠠᠵᠤ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠲᠣᠮᠣ ᠱᠠᠩᠨᠠᠯ ᠤᠨ 28 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠲᠧᠯᠸᠢᠰ ᠤᠷᠠᠨ ᠰᠠᠶᠢᠬᠠᠨ ᠤ ︽ᠣᠳᠣᠨ ᠬᠡᠷᠡᠯ ᠱᠠᠩᠨᠠᠯ︾ ᠤᠨ ᠰᠢᠯᠭᠠᠷᠠᠭᠤᠯᠤᠯᠲᠠ ᠳᠤ ᠣᠷᠣᠯᠴᠠᠬᠤ ᠪᠠᠷ ᠪᠠᠶᠢᠨ᠎ᠠ᠃ ︽︿ᠪᠤᠭᠤᠲᠤ ᠶᠢᠨ ᠪᠣᠯᠣᠳ ᠲᠡᠮᠦᠷ ᠤᠨ ᠦᠢᠯᠡᠳᠬᠡᠯ﹀ ᠨᠢ ᠧᠦ᠋ᠷᠣᠫᠠ ᠲᠢᠪ ᠤᠨ ᠠᠩᠬᠠᠨ ᠤ ᠳᠠᠩᠰᠠ ᠶᠢ ᠨᠡᠬᠡᠭᠡᠭᠰᠡᠨ᠂ ᠠᠩᠬᠠᠳᠠᠭᠴᠢ ᠪᠦᠯᠦᠭ ᠬᠠᠩᠭᠠᠭᠴᠢ ᠲᠡᠮᠦᠷ ᠵᠠᠮ ᠤᠨ ᠪᠣᠯᠣᠳ ᠲᠡᠮᠦᠷ ᠵᠠᠮ ᠤᠨ ᠲᠡᠷᠭᠡ ᠬᠥᠳᠡᠯᠦᠭᠰᠡᠨ︾ ᠵᠡᠷᠭᠡ 17 ᠪᠦᠲᠦᠭᠡᠯ ᠢ ᠰᠢᠯᠭᠠᠷᠠᠭᠤᠯᠵᠤ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠶᠡᠭᠡ ᠱᠠᠩᠨᠠᠯ ᠤᠨ 2023 ᠣᠨ ᠤ ᠷᠠᠳᠢᠣ᠋ ᠲᠧᠯᠸᠢᠰ ᠤᠨ ᠰᠣᠨᠢᠨ ᠮᠡᠳᠡᠭᠡᠨ ᠤ ᠪᠦᠲᠦᠭᠡᠯ ᠤᠨ ᠱᠠᠩᠨᠠᠯ ᠳᠤ ᠣᠷᠣᠯᠴᠠᠬᠤ ᠪᠠᠷ ᠪᠠᠶᠢᠨ᠎ᠠ᠃ ᠷᠠᠳᠢᠤ᠋ ᠨᠡᠪᠲᠡᠷᠡᠭᠦᠯᠭᠡ ᠶᠢᠨ ᠵᠦᠴᠦᠭᠡ ︽ᠤᠯᠠᠭᠠᠨ ᠲᠤᠭ ᠵᠢᠷᠤᠭ ᠮᠡᠲᠦ︾ ᠵᠡᠷᠭᠡ 4 ᠪᠦᠲᠦᠭᠡᠯ ᠢ ᠰᠣᠩᠭᠤᠨ ᠭᠠᠷᠭᠠᠵᠤ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠶᠡᠭᠡ ᠱᠠᠩᠨᠠᠯ ᠤᠨ ᠰᠢᠯᠭᠠᠷᠠᠭᠤᠯᠤᠯᠲᠠ ᠳᠤ ᠤᠷᠤᠯᠴᠠᠬᠤ ᠪᠠᠷ ᠪᠠᠶᠢᠨ᠎ᠠ᠂ 2023 ᠣᠨ ᠤ ᠷᠠᠳᠢᠣ᠋ ᠲᠧᠯᠸᠢᠰ ᠤᠨ ᠵᠦᠴᠦᠭᠡ ᠵᠢᠴᠢ ᠷᠠᠳᠢᠣ᠋ ᠤᠳᠬ᠎ᠠ ᠤᠷᠠᠯᠢᠭ ᠤᠨ ᠪᠦᠲᠦᠭᠡᠯ ᠤᠨ ᠱᠠᠩᠨᠠᠯ ᠢ ᠡᠳᠦᠭᠡ ᠨᠡᠶᠢᠲᠡᠯᠡᠶ᠎ᠡ᠂ ᠨᠡᠶᠢᠭᠡᠮ ᠤᠨ ᠬᠢᠨᠠᠯᠲᠠ ᠲᠠᠯᠪᠢᠵᠤ ᠦᠨᠡᠯᠡᠯᠲᠡ ᠬᠢᠬᠦ ᠶᠢ ᠪᠠᠶᠠᠷᠯᠠᠨ ᠤᠭᠲᠤᠵᠤ ᠪᠠᠶᠢᠨ᠎ᠠ᠃ ᠰᠦᠯᠵᠢᠶᠡᠨ ᠳᠡᠭᠡᠷ᠎ᠡ ᠨᠡᠶᠢᠲᠡᠯᠡᠬᠦ ᠴᠠᠭ ᠨᠢ 2023 ᠣᠨ ᠤ 3 ᠳ᠋ᠤᠭᠠᠷ ᠰᠠᠷ᠎ᠠ ᠶᠢᠨ 20 ᠤ ᠡᠳᠦᠷ ᠠᠴᠠ 26 ᠤ ᠡᠳᠦᠷ ᠪᠣᠯᠲᠠᠯ᠎ᠠ ᠪᠠᠶᠢᠵᠤ᠂ ᠨᠡᠶᠢᠲᠡ 5 ᠠᠵᠢᠯᠯᠠᠬᠤ ᠡᠳᠦᠷ ᠪᠣᠯᠤᠨ᠎ᠠ᠃ ᠨᠡᠶᠢᠲᠡᠯᠡᠯ ᠤᠨ ᠬᠤᠭᠤᠴᠠᠭᠠᠨ ᠳᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤᠲᠠᠰᠤ ᠢᠷᠡᠭᠦᠯᠬᠦ ᠪᠠᠷ ᠳᠠᠮᠵᠢᠭᠤᠯᠤᠨ ᠪᠦᠲᠦᠭᠡᠯ ᠤᠨ ᠬᠠᠮᠢᠶ᠎ᠠ ᠪᠥᠬᠦᠶ ᠪᠠᠶᠢᠳᠠᠯ ᠪᠠ ᠠᠰᠠᠭᠤᠳᠠᠯ ᠢ ᠬᠠᠷᠢᠭᠤ ᠲᠤᠰᠬᠠᠵᠤ ᠪᠣᠯᠣᠨ᠎ᠠ᠂ ᠬᠠᠷᠢᠭᠤ ᠲᠤᠰᠬᠠᠬᠤ ᠤᠲᠠᠰᠤ᠄ 0471 - 4590219᠂ 4590031    ᠳᠠᠭᠠᠯᠳᠤᠭᠤᠯᠤᠯ᠄  1.ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠤᠨ 2023 ᠣᠨ ᠤ ᠰᠣᠨᠢᠨ ᠮᠡᠳᠡᠭᠡᠨ ᠤ ᠬᠤᠷᠢᠶ᠎ᠠ ᠶᠢᠨ ᠰᠤᠷᠭᠠᠨ ᠬᠥᠮᠦᠵᠢᠯ ᠤᠨ ᠫᠷᠤᠭ᠍ᠷᠠᠮ ᠵᠢᠴᠢ ᠰᠢᠨ᠎ᠡ ᠵᠠᠭᠤᠴᠢᠯᠠᠭᠤᠷ ᠤᠨ ᠪᠦᠲᠦᠭᠡᠯ ᠤᠨ ᠱᠠᠩᠨᠠᠯ ᠭᠥᠷᠳᠡᠬᠦ ᠨᠡᠷᠡᠰ  2.28 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠲᠧᠯᠸᠢᠰ ᠤᠷᠠᠨ ᠰᠠᠶᠢᠬᠠᠨ ᠤ ︽ᠣᠳᠤᠨ ᠭᠡᠷᠡᠯ ᠱᠠᠩᠨᠠᠯ︾ ᠳᠤ ᠲᠠᠨᠢᠯᠴᠠᠭᠤᠯᠬᠤ ᠪᠦᠲᠦᠭᠡᠯ ᠤᠨ ᠨᠡᠷᠡᠰ  3.ᠲᠤᠮᠲᠠᠲᠤ ᠤᠯᠤᠰ ᠤᠨ ᠷᠠᠳᠢᠤ᠋ ᠲᠧᠯᠸᠢᠰ ᠤᠨ ᠶᠡᠭᠡ ᠱᠠᠩᠨᠠᠯ ᠳᠤ ᠲᠠᠨᠢᠯᠴᠠᠭᠤᠯᠬᠤ 2023 ᠤᠨ ᠤ ᠰᠤᠨᠢᠨ ᠮᠡᠲᠡᠬᠡᠨ ᠤ ᠰᠤᠲᠤᠯᠤᠯ ᠤᠨ ᠨᠡᠷᠡᠰ  4.ᠳᠤᠮᠲᠠᠲᠦ ᠤᠯᠤᠰ ᠤᠨ ᠷᠠᠳᠢᠤ᠋ ᠨᠡᠪᠲᠡᠷᠡᠭᠦᠯᠭᠡ ᠲᠧᠯᠸᠢᠰ ᠤᠨ ᠶᠡᠭᠡ ᠱᠠᠩᠨᠠᠯ ᠳᠤ ᠲᠠᠨᠢᠯᠴᠠᠭᠤᠯᠬᠤ 2023 ᠤᠨ ᠤ ᠷᠠᠳᠢᠤ᠋ ᠨᠡᠪᠲᠡᠷᠡᠭᠦᠯᠭᠡ ᠶᠢᠨ ᠵᠦᠴᠤᠭᠡ ᠪᠤᠯᠤᠨ ᠷᠠᠳᠢᠤ᠋ ᠨᠡᠪᠲᠡᠷᠡᠭᠦᠯᠬᠡ ᠶᠢᠨ ᠤᠷᠠᠨ ᠰᠠᠶᠢᠬᠠᠨ ᠤ ᠪᠦᠲᠦᠭᠡᠯ ᠤᠨ ᠨᠡᠷᠡᠰ  
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map