| | | | | | 3 ᠳ᠋ᠤᠭᠠᠷ ᠰᠠᠷ᠎ᠠ ᠶᠢᠨ 21 ᠤ ᠡᠳᠦᠷ᠂ ᠮᠠᠨ ᠤ ᠲᠣᠪᠴᠢᠶ᠎ᠠ 2024 ᠣᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠢᠴᠢ ᠨᠠᠮ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠲᠣᠪᠴᠢᠶ᠎ᠠ ᠶᠢᠨ ᠤᠳᠤᠷᠢᠳᠤᠯᠭ᠎ᠠ᠂ ᠶᠡᠷᠦᠩᠬᠡᠶ ᠢᠨᠵᠧᠨᠧᠷ᠂ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠳᠤ ᠰᠠᠭᠤᠭ᠎ᠠ ᠬᠤᠷᠢᠶᠠᠨ ᠤ ᠥᠷᠲᠡᠭᠡ ᠶᠢᠨ | ᠭᠤᠤᠯ ᠬᠠᠷᠢᠭᠤᠴᠠᠯᠭᠠᠲᠠᠨ᠂ ᠪᠠᠶᠢᠭᠤᠯᠭ᠎ᠠ ᠶᠢᠨ ᠪᠥᠬᠦ ᠠᠯᠪᠠᠲᠠᠨ᠂ ᠠᠵᠢᠯ ᠦᠢᠯᠡᠰ ᠤᠨ ᠨᠢᠭᠡᠴᠢ ᠵᠢᠴᠢ ᠳᠠᠮᠵᠢᠭᠤᠯᠤᠨ ᠰᠠᠴᠤᠷᠠᠭᠤᠯᠬᠤ ᠲᠥᠪ ᠤᠨ ᠡᠯ᠎ᠡ ᠬᠤᠪᠢᠶᠠᠷᠢ | ᠰᠠᠯᠪᠤᠷᠢ ᠪᠠᠶᠢᠭᠤᠯᠤᠮᠵᠢ ᠶᠢᠨ ᠪᠠᠭ ᠤᠨ ᠭᠡᠰᠢᠭᠦᠨ ᠪᠠ ᠨᠠᠮ ᠤᠨ ᠠᠵᠢᠯ ᠤᠨ ᠺᠠᠳ᠋ᠷ᠂ ᠵᠠᠭᠤᠴᠢᠯᠠᠭᠤᠷ ᠤᠨ ᠲᠥᠪ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ | ᠲᠠᠯᠪᠢᠬᠤ ᠲᠤᠰᠬᠠᠶ ᠲᠤᠰᠢᠶᠠᠯᠲᠠᠨ ᠨᠡᠶᠢᠲᠡ 100 ᠭᠠᠷᠤᠶ ᠬᠥᠮᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠰᠢᠶᠤᠤ ᠲᠢᠶᠧ 2023 ᠣᠨ ᠤ | ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠵᠢᠴᠢ ᠣᠯᠤᠭᠰᠠᠨ ᠠᠮᠵᠢᠯᠲᠠ ᠪᠦᠲᠦᠮᠵᠢ ᠪᠠᠨ ᠡᠷᠭᠢᠴᠡᠭᠦᠯᠦᠨ ᠳ᠋ᠦᠩᠨᠡᠵᠦ᠂ 2024 ᠣᠨ ᠤ ᠨᠠᠮ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠶᠠᠨ ᠭᠦᠸᠧ ᠰᠢᠩ ᠨᠥᠬᠦᠷ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠳᠡᠭᠡᠷ᠎ᠡ ᠪᠠᠰᠠ | ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ | ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠡᠶᠢᠲᠡᠯᠡᠭᠰᠡᠨ 5 ᠵᠢᠯ ᠤᠨ ᠤᠢ ᠪᠣᠯᠤᠨ᠎ᠠ᠂ | ᠨᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠤᠯᠤᠰ ᠲᠥᠷᠥ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠷᠠᠭᠤᠯᠵᠤ᠂ ᠤᠯᠤᠰ ᠲᠥᠷᠥ ᠶᠢ ᠡᠷᠬᠢᠮᠯᠡᠬᠦ ᠶᠢ ᠢᠮᠠᠭᠲᠠ ᠷᠠᠳᠢᠣ᠋ ᠲᠧᠯᠸᠢᠰ ᠤᠨ ᠠᠵᠢᠯ ᠤᠨ | ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ︔ ᠤᠨᠤᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠬᠡᠷᠡᠭᠲᠡᠢ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠵᠣᠬᠢᠶᠠᠨ ᠪᠠᠶᠢᠭᠤᠯᠤᠯᠲᠠ ᠶᠢᠨ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠬᠦᠳᠦᠯᠦᠨ | ᠳᠠᠭᠠᠭᠤᠯᠬᠤ ᠬᠡᠷᠡᠭᠲᠡᠢ︔ ᠦᠨᠳᠦᠰᠦᠨ ᠬᠦᠭ ᠠᠶᠠᠰ ᠢ ᠳᠤᠪᠤᠶᠢᠯᠭᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ | ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ︔ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠪᠣᠯᠤᠨ | ᠨᠢᠭᠡᠳᠦᠮᠡᠯ ᠹᠷᠣᠨᠲ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠣᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠬᠤ ᠶᠢ ᠴᠢᠷᠮᠠᠶᠢᠨ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠷᠠᠳᠢᠣ᠋ ᠲᠧᠯᠸᠢᠰ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ | ︵ᠪᠠᠶᠢᠭᠤᠯᠭ᠎ᠠ ᠶᠢᠨ ᠨᠠᠮ ᠤᠨ ᠬᠤᠷᠢᠶ᠎ᠠ︶ | |