2024 ᠣᠨ ᠤ ᠢᠯᠡ ᠪᠠᠷ ᠠᠵᠢᠯᠲᠠᠨ ᠡᠯᠰᠡᠬᠦ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠯᠲᠠ ᠶᠢᠨ ᠶᠠᠪᠤᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/3/7
ᠡᠯ᠎ᠡ ᠰᠢᠯᠭᠠᠭᠤᠯᠤᠭᠴᠢ ᠳᠤ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠵᠠᠷᠯᠠᠯ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠯᠲᠠ ᠶᠢᠨ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄  ᠨᠢᠭᠡ᠂ ᠪᠡᠶ᠎ᠡ ᠶᠢᠨ ᠪᠠᠶᠢᠴᠠᠭᠠᠯᠲᠠ ᠶᠢᠨ ᠰᠢᠨᠵᠢᠯᠡᠨ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠰᠠᠨ ᠬᠥᠮᠥᠰ ᠤᠨ ᠨᠡᠷᠡᠰ  ᠠᠵᠢᠯ ᠤᠨ ᠪᠠᠶᠢᠷᠢ ᠨᠢᠭᠡᠪᠦᠷᠢ ᠶᠢᠨ ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠬᠦᠷᠲᠡᠯᠡᠬᠢ ᠳᠡᠰ ᠳᠠᠷᠠᠭᠠᠯᠠᠯ ᠪᠠ ᠲᠣᠰ ᠠᠵᠢᠯ ᠤᠨ ᠪᠠᠶᠢᠷᠢ ᠶᠢᠨ ᠪᠣᠳᠠᠲᠠᠶ ᠤᠷᠢᠬᠤ ᠲᠥᠯᠥᠪᠯᠡᠭᠡ ᠶᠢᠨ ᠲᠤᠭ᠎ᠠ ᠪᠠᠷ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠯᠲᠠ ᠶᠢᠨ ᠬᠡᠪᠴᠢᠶᠡᠨ ᠳᠤ ᠣᠷᠣᠬᠤ ᠵᠢᠱᠢᠭᠳᠡᠭᠴᠢ ᠶᠢ ᠲᠣᠭᠲᠠᠭᠠᠨ᠎ᠠ᠃ ︵ᠳᠠᠭᠠᠯᠳᠤᠭᠤᠯᠤᠯ ᠢ ᠦᠵᠡ︶  ᠬᠤᠶᠠᠷ᠂ ᠪᠡᠶ᠎ᠡ ᠶᠢᠨ ᠪᠠᠶᠢᠴᠠᠭᠠᠯᠲᠠ  ︵ᠨᠢᠭᠡ︶ ᠴᠤᠭᠯᠠᠷᠠᠬᠤ ᠴᠠᠭ᠄ 2024 ᠣᠨ ᠤ 3 ᠳ᠋ᠤᠭᠠᠷ ᠰᠠᠷ᠎ᠠ ᠶᠢᠨ 13 ᠤ ᠡᠳᠦᠷ ︵ᠭᠠᠷᠠᠭ ᠤᠨ ᠭᠤᠷᠪᠠᠨ︶ ᠤᠨ ᠦᠳᠡ ᠶᠢᠨ ᠡᠮᠦᠨᠡᠬᠢ 7᠄ 30 ᠳᠤ᠃  ︵ᠬᠤᠶᠠᠷ︶ ᠴᠤᠭᠯᠠᠷᠠᠬᠤ ᠭᠠᠵᠠᠷ᠄ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨ᠎ᠡ ᠲᠣᠭᠤᠷᠢᠭ ᠤᠨ ᠪᠠᠷᠠᠭᠤᠨ ᠬᠤᠶᠢᠲᠤ ᠡᠭᠦᠳᠡ ︵ᠰᠠᠶᠢᠬᠠᠨ ᠲᠣᠭᠤᠷᠢᠭ ᠤᠨ ᠳ᠋ᠦᠩ ᠶᠢᠩ ᠡᠮᠦᠨ᠎ᠡ ᠵᠠᠮ ᠬᠢᠭᠡᠳ ᠰᠢᠤᠸᠠᠢ ᠶᠤᠸᠠᠨ ᠵᠡᠭᠦᠨ ᠵᠡᠭᠡᠯᠢ ᠶᠢᠨ ᠠᠭᠤᠯᠵᠠᠷ᠂ ᠥᠪᠥᠷ ᠮᠣᠩᠭᠤᠯ ᠤᠨ ᠠᠢ ᠮᠢᠩ ᠡᠮᠨᠡᠯᠭᠡ ᠶᠢᠨ ᠬᠤᠷᠢᠶ᠎ᠠ ᠶᠢᠨ ᠡᠰᠡᠷᠭᠦ ᠲᠠᠯ᠎ᠠ︶᠃  ︵ᠭᠤᠷᠪᠠ︶ ᠠᠪᠴᠢᠷᠠᠬᠤ ᠮᠠᠲ᠋ᠧᠷᠢᠶᠠᠯ  1. ᠲᠤᠰ ᠬᠦᠮᠦᠨ ᠤ ᠪᠡᠶ᠎ᠡ ᠶᠢᠨ ᠦᠨᠡᠮᠯᠡᠯ᠂ 2 ᠢᠮᠠᠬᠤ ᠶᠢᠨ ᠦᠩᠭᠡᠲᠦ ᠲᠢᠲᠢᠮ ᠦᠭᠡᠢ ᠰᠡᠭᠦᠳᠡᠷ 1 ᠬᠠᠭᠤᠳᠠᠰᠤ ︵ᠡᠯᠧᠺᠲᠷᠣᠨ ᠤ ᠪᠤᠰᠤ︶᠂ ᠬᠠᠷ᠎ᠠ ᠥᠩᠭᠡ ᠶᠢᠨ ᠳᠤᠮᠳᠠᠴᠢ ᠴᠢᠨᠠᠷᠲᠠᠢ ᠪᠢᠷ 1 ᠭᠤᠳᠤᠯᠢ᠃  2. ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭ ᠢ ᠨᠢᠭᠡᠴᠢ ᠶᠢᠨ ᠠᠵᠢᠯᠲᠠᠳ ᠠᠴᠠ ᠴᠤᠭᠯᠠᠷᠠᠯ ᠤᠨ ᠴᠡᠭ ᠤᠨ ᠲᠤᠬᠠᠶ ᠶᠢᠨ ᠲᠠᠯᠠᠪᠠᠶ ᠳᠤ ᠲᠠᠷᠬᠠᠭᠠᠨ᠎ᠠ᠃  ︵ᠲᠦᠷᠪᠡ︶ ᠪᠤᠰᠤᠳ ᠠᠩᠬᠠᠷᠬᠤ ᠵᠦᠢᠯ  1. ᠪᠡᠶ᠎ᠡ ᠶᠢᠨ ᠪᠠᠶᠢᠴᠠᠭᠠᠯᠲᠠ ᠬᠢᠬᠦ ᠠᠴᠠ ᠨᠢᠭᠡ ᠡᠳᠦᠷ ᠤᠨ ᠡᠮᠦᠨ᠎ᠡ ᠰᠤᠯᠠ ᠬᠤᠭᠤᠯᠠ ᠤᠮᠳᠠ ᠢᠳᠡᠵᠦ᠂ ᠠᠷᠢᠬᠢ ᠤᠤᠭᠤᠵᠤ ᠪᠣᠯᠬᠤ ᠦᠭᠡᠢ᠂ ᠶᠠᠳᠠᠷᠠᠵᠤ ᠵᠦᠳᠡᠷᠡᠵᠦ ᠪᠣᠯᠬᠤ ᠦᠭᠡᠢ᠃  2. ᠪᠡᠶ᠎ᠡ ᠶᠢᠨ ᠪᠠᠶᠢᠴᠠᠭᠠᠯᠲᠠ ᠬᠢᠬᠦ ᠲᠤᠬᠠᠢ ᠶᠢᠨ ᠡᠳᠦᠷ ᠲᠤ ᠪᠠᠨ ᠥᠯᠥᠨ ᠪᠠᠶᠢᠵᠤ᠂ ᠢᠳᠡᠵᠦ ᠪᠣᠯᠬᠤ ᠦᠭᠡᠢ᠂ ᠤᠤᠭᠤᠵᠤ ᠪᠣᠯᠬᠤ ᠦᠭᠡᠢ᠂ ᠡᠰᠡ ᠲᠡᠭᠡᠪᠡᠯ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠣᠨᠣᠪᠴᠢᠲᠤ ᠴᠢᠨᠠᠷ ᠢ ᠨᠦᠯᠦᠭᠡᠯᠡᠨ᠎ᠡ᠂ ᠪᠡᠶ᠎ᠡ ᠶᠢᠨ ᠪᠠᠶᠢᠴᠠᠭᠠᠯᠲᠠ ᠬᠢᠬᠦ ᠲᠤᠬᠠᠢ ᠶᠢᠨ ᠡᠳᠦᠷ ᠲᠤ ᠦᠨᠡᠲᠦ ᠵᠦᠢᠯᠡᠰ ᠢᠶᠠᠨ ᠠᠪᠴᠤ ᠶᠠᠪᠤᠵᠤ ᠪᠣᠯᠬᠤ ᠦᠭᠡᠢ᠃  3. ᠡᠮᠡᠭᠲᠡᠶ ᠰᠢᠯᠭᠠᠭᠤᠯᠤᠭᠴᠢ ᠬᠡᠷᠪᠡ ᠰᠠᠷ᠎ᠠ ᠶᠢᠨ ᠭᠬᠢᠷ ᠤᠨ ᠬᠤᠭᠤᠴᠠᠭᠠᠨ ᠳᠤ ᠪᠠᠶᠢᠪᠠᠯ᠂ ᠪᠡᠶ᠎ᠡ ᠶᠢᠨ ᠪᠠᠶᠢᠴᠠᠭᠠᠯᠲᠠ ᠬᠢᠬᠦ ᠲᠤᠬᠠᠢ ᠶᠢᠨ ᠡᠳᠦᠷ ᠨᠢ ᠰᠢᠭᠡᠰᠦᠨ ᠤ ᠪᠠᠶᠢᠴᠠᠭᠠᠯᠲᠠ ᠪᠠ ᠡᠮᠡᠭᠲᠡᠶ ᠶᠢᠨ ᠰᠠᠯᠠᠭᠠᠨ ᠤ ᠪᠡᠶ᠎ᠡ ᠶᠢᠨ ᠪᠠᠶᠢᠴᠠᠭᠠᠯᠲᠠ ᠬᠢᠬᠦ ᠥᠬᠡᠶ ᠪᠠᠶᠢᠵᠤ ᠪᠣᠯᠣᠨ᠎ᠠ᠂ ᠰᠠᠷ᠎ᠠ ᠶᠢᠨ ᠭᠬᠢᠷ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠪᠡᠶ᠎ᠡ ᠶᠢᠨ ᠪᠠᠶᠢᠴᠠᠭᠠᠯᠲᠠ ᠶᠢᠨ ᠲᠥᠪ ᠲᠤ ᠬᠦᠷᠴᠦ ᠲᠣᠰ ᠲᠥᠷᠥᠯ ᠵᠦᠢᠯ ᠢ ᠨᠥᠬᠦᠨ ᠬᠢᠯᠭᠡᠨ᠎ᠡ᠃ ᠬᠡᠷᠪᠡ ᠨᠢᠭᠡᠨᠲᠡ ᠵᠢᠷᠮᠦᠰᠦᠯᠡᠭᠰᠡᠨ ᠪᠣᠯ ᠲᠡᠷᠡ ᠳᠠᠷᠤᠶ ᠳᠤ ᠨᠢ ᠪᠡᠶ᠎ᠡ ᠶᠢᠨ ᠪᠠᠶᠢᠴᠠᠭᠠᠯᠲᠠ ᠶᠢᠨ ᠡᠮᠴᠢ ᠳᠤ ᠮᠡᠳᠡᠭᠳᠡᠵᠦ᠂ X ᠰᠠᠴᠤᠷᠠᠭ ᠤᠨ ᠪᠠᠶᠢᠴᠠᠭᠠᠯᠲᠠ ᠪᠠ ᠡᠮᠡᠭᠲᠡᠶ ᠶᠢᠨ ᠰᠠᠯᠠᠭᠠᠨ ᠤ ᠪᠡᠶ᠎ᠡ ᠶᠢᠨ ᠪᠠᠶᠢᠴᠠᠭᠠᠯᠲᠠ ᠬᠢᠬᠦ ᠠᠴᠠ ᠵᠠᠶᠢᠯᠠᠰᠬᠢᠬᠤ ᠬᠡᠷᠡᠭᠲᠡᠶ᠃ ᠰᠢᠯ ᠦᠭᠡᠢ ᠬᠠᠷᠠᠭ᠎ᠠ ᠶᠢ ᠪᠠᠶᠢᠴᠠᠭᠠᠬᠤ ᠲᠣᠯᠠ ᠬᠠᠷᠠᠭ᠎ᠠ ᠮᠠᠭᠤᠲᠠᠢ ᠬᠦᠮᠦᠰ ᠳᠠᠯᠳᠠ ᠨᠢᠳᠦᠨ ᠰᠢᠯ ᠵᠡᠭᠦᠵᠦ ᠪᠣᠯᠬᠤ ᠦᠭᠡᠢ᠃  4. ᠪᠡᠶ᠎ᠡ ᠶᠢᠨ ᠪᠠᠶᠢᠴᠠᠭᠠᠯᠲᠠ ᠶᠢᠨ450 ᠲᠦᠭᠦᠷᠢᠭ ᠤᠨ ᠵᠠᠷᠤᠳᠠᠯ ᠢ ᠤᠷᠢᠭᠳᠠᠭᠰᠠᠨ ᠬᠥᠮᠦᠰ ᠥᠪᠡᠷᠲᠡᠭᠡᠨ ᠡᠭᠦᠷᠭᠡᠯᠡᠨ᠎ᠡ᠃  5. ᠬᠡᠷᠪᠡ ᠲᠣᠭᠲᠠᠭᠰᠠᠨ ᠴᠠᠭ ᠲᠤ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠦᠭᠡᠢ ᠪᠣᠯ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠯᠲᠠ ᠶᠢᠨ ᠬᠢᠷᠢ ᠬᠡᠮ ᠢᠶᠠᠨ ᠠᠶᠠᠨᠳᠠᠭᠠᠨ ᠬᠠᠶᠠᠭᠰᠠᠨ ᠢᠶᠠᠷ ᠦᠵᠡᠨ᠎ᠡ᠃  6. ᠤᠷᠢᠭᠳᠠᠭᠰᠠᠳ ᠤᠨ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠪᠤᠶᠤ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠴᠢᠬᠤᠯᠠ ᠡᠪᠡᠳᠴᠢᠨ ᠤ ᠲᠡᠦᠬᠡ ᠵᠡᠷᠭᠡ ᠪᠠᠨ ᠨᠢᠭᠤᠨ ᠳᠠᠯᠳᠠᠯᠠᠭᠰᠠᠨ ᠠᠴᠠ ᠪᠣᠯᠵᠣ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠦᠨᠡᠨ ᠪᠣᠳᠠᠲᠠᠶ ᠪᠢᠰᠢ ᠪᠠᠶᠢᠪᠠᠯ᠂ ᠤᠷᠢᠵᠤ ᠬᠡᠷᠡᠭᠯᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃  7.ᠬᠡᠷᠪᠡ ᠪᠡᠶ᠎ᠡ ᠶᠢᠨ ᠪᠠᠶᠢᠴᠠᠭᠠᠯᠲᠠ ᠳᠤ ᠶᠡᠷᠦ ᠪᠤᠰᠤ ᠶᠢᠨ ᠦᠷ᠎ᠡ ᠳ᠋ᠦᠩ ᠲᠠᠢ ᠬᠥᠮᠥᠨ ᠪᠠᠶᠢᠪᠠᠯ᠂ ᠪᠠᠶᠢᠭᠤᠯᠭ᠎ᠠ ᠨᠢᠭᠡᠴᠢ ᠨᠢ ᠪᠡᠶ᠎ᠡ ᠶᠢᠨ ᠪᠠᠶᠢᠴᠠᠭᠠᠯᠲᠠ ᠬᠢᠭᠰᠡᠨ ᠤ ᠳᠠᠷᠠᠭ᠎ᠠ ᠲᠡᠭᠦᠨ ᠳᠤ ᠮᠡᠳᠡᠭᠳᠡᠵᠦ ᠳᠠᠬᠢᠨ ᠪᠠᠶᠢᠴᠠᠭᠠᠯᠲᠠ ᠬᠢᠯᠭᠡᠨ᠎ᠡ᠃  8. ᠪᠦᠬᠦ ᠪᠠᠶᠢᠴᠠᠭᠠᠯᠲᠠ ᠶᠢᠨ ᠵᠦᠢᠯ ᠢᠶᠠᠨ ᠳᠠᠭᠤᠰᠬᠠᠭᠰᠠᠨ ᠤ ᠳᠠᠷᠠᠭ᠎ᠠ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ ᠪᠠᠨ ᠡᠮᠦᠨ᠎ᠡ ᠲᠠᠪᠴᠠᠩ ᠳᠤ ᠲᠤᠰᠢᠶᠠᠭᠠᠷᠠᠢ᠃  ᠭᠤᠷᠪᠠ᠂ ᠰᠢᠨᠵᠢᠯᠡᠨ ᠪᠠᠶᠢᠴᠠᠭᠠᠯᠲᠠ  ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠦᠰ ᠲᠣᠭᠲᠠᠭᠠᠯ ᠶᠣᠰᠣᠭᠠᠷ ᠰᠢᠨᠵᠢᠯᠡᠨ ᠪᠠᠶᠢᠴᠠᠭᠠᠯᠲᠠ ᠶᠢᠨ ᠭᠤᠭᠴᠤᠭ᠎ᠠ ᠳᠤ ᠣᠷᠣᠵᠤ᠂ ᠪᠣᠳᠠᠲᠠᠶ ᠰᠢᠨᠵᠢᠯᠡᠨ ᠪᠠᠶᠢᠴᠠᠭᠠᠬᠤ ᠵᠦᠢᠯᠡᠰ ᠢ ᠠᠰᠲᠠᠭᠠᠨ ᠲᠣᠬᠢᠷᠠᠭᠤᠯᠵᠤ᠂ ᠰᠢᠯᠭᠠᠭᠤᠯᠤᠭᠴᠢ ᠬᠠᠷᠢᠯᠴᠠᠬᠤ ᠣᠳᠠᠰᠣ ᠶᠢᠨ ᠢᠶᠠᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃  ᠠᠰᠠᠭᠤᠨ ᠯᠠᠪᠯᠠᠬᠤ ᠤᠲᠠᠰᠤ᠄ 0471 - 4590026  ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 - 12᠄ 00 ᠪᠣᠯᠲᠠᠯ᠎ᠠ᠂ ᠦᠳᠡ ᠶᠢᠨ ᠬᠤᠶᠢᠨ᠎ᠠ 14᠄ 30 - 17᠄ 00  ᠪᠣᠯᠲᠠᠯ᠎ᠠ ︵ᠠᠵᠢᠯᠯᠠᠬᠤ ᠡᠳᠦᠷ︶  ᠣᠨᠴᠠᠭᠠᠶᠢᠯᠠᠨ ᠵᠠᠷᠯᠠᠪᠠ᠃    ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ 2024 ᠣᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤᠷᠢᠵᠤ ᠡᠯᠰᠡᠬᠦ ᠪᠡᠶ᠎ᠡ ᠶᠢᠨ ᠪᠠᠶᠢᠴᠠᠭᠠᠯᠲᠠ ᠰᠢᠨᠵᠢᠯᠡᠨ ᠪᠠᠶᠢᠴᠠᠭᠠᠯᠲᠠ ᠶᠢᠨ ᠬᠡᠪᠴᠢᠶᠡᠨ ᠳᠤ ᠤᠷᠤᠭᠰᠠᠨ ᠬᠥᠮᠦᠰ ᠤᠨ ᠨᠡᠷᠡᠰ

 

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map