ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠶᠢᠨ ᠤᠷᠤᠯᠳᠤᠭᠠᠨ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/4/11
ᠡᠯ᠎ᠡ ᠠᠶᠢᠮᠠᠭ ᠬᠤᠲᠠ᠂ ᠮᠠᠨᠵᠤᠤᠷ ᠬᠤᠲᠠ ᠵᠢᠴᠢ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠡᠯ᠎ᠡ ᠰᠠᠯᠠᠭ᠎ᠠ ᠮᠥᠴᠢᠷ ᠨᠢᠭᠡᠴᠢ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠬᠤᠷᠢᠶ᠎ᠠ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ᠂ ᠡᠯ᠎ᠡ ᠬᠤᠯᠪᠤᠭᠳᠠᠯ ᠪᠦᠬᠦᠢ ᠶᠡᠭᠡ ᠳᠡᠭᠡᠳᠦ ᠰᠤᠷᠭᠠᠭᠤᠯᠢ ︵ᠳᠡᠭᠡᠳᠦ ᠰᠤᠷᠭᠠᠭᠤᠯᠢ ᠰᠠᠯᠪᠤᠷᠢ︶ ᠳᠤ᠄  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠠᠭᠤᠤ ᠶᠡᠭᠡ ᠦᠢᠯᠡᠳᠦᠯᠭᠡ ᠪᠣᠯᠤᠨ ᠠᠷᠠᠳ ᠲᠦᠮᠡᠨ ᠤ ᠵᠣᠯ ᠵᠢᠷᠭᠠᠯ ᠢ ᠪᠣᠰᠤᠭ᠎ᠠ ᠴᠣᠭᠴᠠᠵᠢᠭᠤᠯᠤᠨ ᠢᠯᠡᠷᠡᠭᠦᠯᠵᠦ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠳᠠᠮᠵᠢᠭᠤᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠤᠮᠠᠷᠠᠲᠤ ᠶᠢᠨ ᠰᠣᠶᠣᠯ︾ ᠢ ᠴᠣᠭᠴᠠᠯᠠᠵᠤ᠂ ᠰᠦᠷᠯᠢᠭ ᠰᠠᠶᠢᠬᠠᠨ ᠪᠠ ᠭᠤᠶᠤ ᠰᠠᠶᠢᠬᠠᠨ᠂ ᠢᠲᠡᠭᠡᠵᠦ ᠪᠣᠯᠬᠤ ᠬᠠᠶᠢᠷᠠᠲᠠᠢ ᠬᠥᠭᠡᠷᠦᠬᠦᠨ ᠥᠪᠥᠷ ᠮᠣᠩᠭᠤᠯ ᠤᠨ ᠲᠦᠷᠢ ᠲᠥᠷᠬᠦ ᠶᠢ ᠤᠯᠠᠮ ᠴᠢᠨᠠᠭᠰᠢᠳᠠ ᠢᠯᠡᠷᠡᠭᠦᠯᠬᠦ ᠬᠡᠷᠡᠭᠲᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠤ᠋ ᠲᠧᠯᠸᠢᠰ ᠤᠨ ᠲᠣᠪᠴᠢᠶ᠎ᠠ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠬᠤᠷ ᠸᠢᠳᠢᠤ᠋ ᠪᠠ ᠪᠢᠴᠢᠯ ᠣᠬᠤᠷ ᠵᠦᠴᠦᠭᠡ ᠶᠢᠨ ᠤᠷᠤᠯᠳᠤᠭᠠᠨ ᠢ ᠡᠷᠬᠢᠯᠡᠵᠦ᠂ ᠪᠦᠬᠦ ᠣᠷᠣᠨ ᠵᠢᠴᠢ ᠪᠦᠬᠦ ᠤᠯᠤᠰ ᠤᠨ ᠰᠦᠯᠵᠢᠶᠡᠨ ᠠᠨᠳᠠ ᠠᠴᠠ ᠭᠤᠣᠯ ᠰᠡᠳᠦᠪᠲᠦ ᠣᠬᠤᠷ ᠸᠢᠳᠢᠤ᠋᠂ ᠪᠢᠴᠢᠯ ᠣᠬᠤᠷ ᠵᠦᠴᠦᠭᠡ ᠶᠢᠨ ᠪᠦᠲᠦᠭᠡᠭᠳᠡᠬᠦᠨ ᠵᠢᠴᠢ ᠪᠦᠲᠦᠭᠡᠯᠴᠢ ᠰᠠᠨᠠᠭ᠎ᠠ ᠶᠢ ᠥᠷᠭᠡᠨ ᠢᠶᠠᠷ ᠴᠤᠭᠯᠠᠭᠤᠯᠵᠤ᠂ ᠡᠳᠦᠭᠡ ᠤᠷᠤᠯᠳᠤᠭᠠᠨ ᠤ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃  ᠨᠢᠭᠡ᠂ ᠤᠷᠤᠯᠳᠤᠭᠠᠨ ᠤ ᠭᠤᠤᠯ ᠰᠡᠳᠦᠪ  ᠦᠵᠡᠰᠭᠦᠯᠡᠩᠲᠦ ᠰᠠᠶᠢᠬᠠᠨ ᠤᠮᠠᠷᠠᠲᠤ ᠬᠢᠯᠢ ᠶᠢ ᠪᠢ ᠰᠡᠭᠦᠳᠡᠷᠯᠡᠨ᠎ᠡ  ᠬᠤᠶᠠᠷ᠂ ᠪᠦᠲᠦᠭᠡᠯ ᠤᠨ ᠭᠤᠣᠯ ᠰᠡᠳᠦᠪ  ︵ᠨᠢᠭᠡ︶ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠪᠠᠷ ᠴᠢᠨᠡᠭᠡᠯᠢᠭᠵᠢᠬᠦ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠵᠡᠷᠭᠡ ᠶᠢᠨ ᠲᠣᠭᠤᠷᠢᠨ ᠳᠤ᠂ ᠥᠪᠥᠷ ᠮᠣᠩᠭᠤᠯ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃  ︵ᠬᠤᠶᠠᠷ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ᠂ ᠬᠠᠮᠲᠤ ᠪᠠᠷ ᠴᠡᠴᠡᠭᠯᠡᠨ ᠬᠥᠭᠵᠢᠭᠰᠡᠨ ᠦᠯᠢᠭᠡᠷ ᠢ ᠶᠠᠷᠢᠨ᠎ᠠ᠃ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠲᠡᠦᠬᠡ ᠶᠢᠨ ᠰᠠᠶᠢᠬᠠᠨ ᠦᠯᠢᠭᠡᠷ ᠢ ᠭᠦᠨ ᠠᠭᠤᠳᠠᠯᠵᠤ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠬᠤ ᠪᠠ ᠲᠤᠪᠤᠶᠢᠯᠭᠠᠬᠤ᠂ ᠴᠠᠭ ᠦᠶ᠎ᠡ ᠶᠢᠨ ᠵᠣᠷᠢᠭ ᠰᠠᠨᠠᠭ᠎ᠠ ᠪᠠ ᠣᠳᠣᠬᠠᠨ ᠤ ᠠᠮᠢᠳᠤᠷᠠᠯ ᠲᠠᠢ ᠤᠶᠠᠯᠳᠤᠭᠤᠯᠤᠨ ᠳᠤᠮᠳᠠᠳᠤ ᠶᠢᠨ ᠰᠣᠶᠣᠯ ᠤᠨ ᠥᠨᠢ ᠤᠳᠠᠭᠠᠨ ᠤ ᠷᠢᠳᠢ ᠰᠢᠳᠢ ᠶᠢ ᠢᠯᠡᠷᠡᠭᠦᠯᠬᠦ ᠬᠡᠷᠡᠭᠲᠡᠢ᠃  ︵ᠭᠤᠷᠪᠠ︶ ︽ᠤᠮᠠᠷᠠᠲᠤ ᠬᠢᠯᠢ ᠶᠢᠨ ᠰᠣᠶᠣᠯ︾ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠶ ᠰᠤᠳᠤᠯᠤᠨ ᠲᠠᠶᠢᠯᠪᠤᠷᠢᠯᠠᠵᠤ᠂ ᠤᠮᠠᠷᠠᠲᠤ ᠬᠢᠯᠢ ᠶᠢᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠢᠴᠡᠳ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠴᠠᠭ ᠦᠶ᠎ᠡ ᠶᠢᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠣᠷᠳᠣ ᠴᠠᠭᠠᠨ ᠬᠡᠷᠡᠮ ᠤᠨ ᠰᠣᠶᠣᠯ᠂ ᠠᠮᠢ ᠠᠬᠤᠶ ᠶᠢᠨ ᠰᠣᠶᠣᠯ᠂ ᠠᠵᠤ ᠦᠢᠯᠡᠳᠪᠦᠷᠢ ᠶᠢᠨ ᠰᠣᠶᠣᠯ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠵᠡᠷᠭᠡ ᠠᠭᠤᠯᠭ᠎ᠠ ᠶᠢ ᠬᠠᠮᠤᠷᠴᠤ᠂ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠲᠠᠯ᠎ᠠ ᠠᠴᠠ ᠰᠢᠨ᠎ᠡ ᠴᠠᠭ ᠦᠶ᠎ᠡ ᠶᠢᠨ ︽ᠤᠮᠠᠷᠠᠲᠤ ᠬᠢᠯᠢ ᠶᠢᠨ ᠰᠣᠶᠣᠯ︾ ᠤᠨ ᠥᠯᠢᠭᠡᠷ ᠢ ᠰᠠᠶᠢᠲᠤᠷ ᠲᠣᠭᠠᠴᠢᠨ ᠶᠠᠷᠢᠬᠤ ᠬᠡᠷᠡᠭᠲᠡᠢ᠃  ︵ᠲᠦᠷᠪᠡ︶ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠢᠯᠠᠭᠠᠭᠳᠠᠬᠤᠨ᠂ ᠠᠷᠭ᠎ᠠ ᠬᠡᠯᠪᠡᠷᠢ ᠪᠠ ᠬᠡᠯᠡᠨ ᠤ ᠢᠯᠡᠳᠬᠡᠯ ᠤᠨ ᠰᠢᠨ᠎ᠡ ᠶᠢ ᠡᠭᠦᠳᠴᠦ᠂ ︽ᠤᠷᠠᠯᠢᠭ + ᠮᠡᠷᠭᠡᠵᠢᠯ︾ ᠤᠨ ᠣᠨᠴᠠᠯᠢᠭ ᠢ ᠢᠯᠡᠷᠡᠭᠦᠯᠵᠦ᠂ ᠵᠠᠯᠠᠭᠤᠴᠤᠳ ᠪᠠᠭᠠᠴᠤᠳ ᠲᠤ ᠬᠠᠨᠳᠤᠵᠤ᠂ ᠵᠠᠯᠠᠭᠤᠴᠤᠳ ᠪᠠᠭᠠᠴᠤᠳ ᠤᠨ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠠᠲᠤ ᠪᠠᠬᠢ ᠪᠣᠯᠭᠠᠵᠤ᠂ ᠴᠠᠭ ᠦᠶ᠎ᠡ ᠶᠢᠨ ᠭᠤᠤᠯ ᠬᠥᠭ ᠠᠶᠠᠰ ᠢ ᠴᠤᠤᠷᠢᠶᠠᠳᠤᠭᠤᠯᠬᠤ ᠬᠡᠷᠡᠭᠲᠡᠢ᠃  ︵ᠲᠠᠪᠤ︶ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠪᠢᠴᠢᠯ ᠣᠬᠤᠷ ᠵᠦᠴᠦᠭᠡ ᠶᠢ ᠳᠠᠭᠠᠵᠤ ᠵᠢᠭᠤᠯᠴᠢᠯᠠᠬᠤ︾ ᠵᠣᠬᠢᠶᠠᠨ ᠪᠦᠲᠦᠭᠡᠬᠦ ᠲᠥᠯᠥᠪᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠬᠤᠷ ᠵᠦᠴᠦᠭᠡ ᠶᠢ ᠳᠠᠭᠠᠵᠤ ᠤᠮᠠᠷᠠᠲᠤ ᠬᠢᠯᠢ ᠪᠠᠷ ᠵᠢᠭᠤᠯᠴᠢᠯᠠᠬᠤ︾ ᠪᠠᠷ ᠭᠤᠤᠯ ᠰᠡᠳᠦᠪ ᠪᠣᠯᠭᠠᠨ ᠪᠢᠴᠢᠯ ᠣᠬᠤᠷ ᠵᠦᠴᠦᠭᠡ ᠶᠢᠨ ᠹᠢᠯᠢᠮ ᠪᠠ ᠥᠯᠢᠭᠡᠷ ᠳᠡᠪᠲᠡᠷ ᠢᠶᠠᠨ ᠵᠣᠬᠢᠶᠠᠨ ᠪᠦᠲᠦᠭᠡᠨ᠎ᠡ᠃ ᠥᠪᠥᠷ ᠮᠣᠩᠭᠤᠯ ᠤᠨ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠲᠠᠢ ᠤᠶᠠᠯᠳᠤᠭᠤᠯᠤᠨ᠂ ︽ᠰᠡᠳᠦᠪ ᠢ ᠣᠨᠣᠪᠴᠢᠲᠠᠶ ᠰᠣᠩᠭᠤᠬᠤ᠂ ᠥᠯᠢᠭᠡᠷ ᠢ ᠰᠠᠶᠢᠲᠤᠷ ᠶᠠᠷᠢᠬᠤ᠂ ᠰᠣᠳᠣᠨ ᠪᠦᠲᠦᠭᠡᠯ ᠢ ᠰᠡᠭᠦᠳᠡᠷᠯᠡᠬᠦ︾ ᠱᠠᠭᠠᠷᠳᠠᠯᠭ᠎ᠠ ᠶᠣᠰᠣᠭᠠᠷ᠂ ᠪᠢᠴᠢᠯ ᠣᠬᠤᠷ ᠵᠦᠴᠦᠭᠡ ᠶᠢᠨ ᠲᠥᠷᠥᠯ ᠵᠦᠢᠯ ᠳᠤ ᠰᠣᠶᠣᠯ ᠪᠠ ᠵᠢᠭᠤᠯᠴᠢᠯᠠᠯ ᠤᠨ ᠡᠯᠧᠮᠧᠨ᠋ᠲ᠂ ᠪᠦᠲᠦᠭᠡᠯᠴᠢ ᠰᠡᠳᠬᠢᠮᠵᠢ᠂ ᠦᠢᠯᠡ ᠶᠠᠪᠤᠳᠠᠯ ᠢ ᠨᠡᠮᠡᠭᠳᠡᠭᠦᠯᠬᠦ ᠬᠡᠷᠡᠭᠲᠡᠢ᠃  ︵ᠵᠢᠷᠭᠤᠭ᠎ᠠ︶ ᠤᠷᠤᠯᠳᠤᠭᠠᠨ ᠤ ᠭᠤᠣᠯ ᠰᠡᠳᠦᠪ ᠲᠤ ᠨᠡᠶᠢᠴᠡᠬᠦ ᠪᠤᠰᠤᠳ ᠪᠦᠲᠦᠭᠡᠯ᠃  ᠭᠤᠷᠪᠠ᠂ ᠪᠦᠲᠦᠭᠡᠯ ᠤᠨ ᠱᠠᠭᠠᠷᠳᠠᠯᠭ᠎ᠠ  ︵ᠨᠢᠭᠡ︶ ᠤᠷᠤᠯᠳᠤᠭᠠᠨ ᠳᠤ ᠣᠷᠣᠯᠴᠠᠬᠤ ᠪᠦᠲᠦᠭᠡᠯ ᠨᠢ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠰᠦᠯᠵᠢᠶᠡᠨ ᠤ ᠣᠨᠴᠠᠯᠢᠭ ᠢ ᠲᠤᠪᠤᠶᠢᠯᠭᠠᠨ᠂ ᠬᠡᠯᠪᠡᠷᠢ ᠨᠢ ᠰᠢᠨ᠎ᠡ ᠰᠣᠷᠭᠤᠭ᠂ ᠠᠭᠤᠯᠤᠭᠳᠠᠬᠤᠨ ᠨᠢ ᠡᠯᠪᠡᠭ ᠪᠠᠶᠠᠯᠢᠭ᠂ ᠰᠦᠯᠵᠢᠶᠡᠨ ᠤ ᠳᠠᠮᠵᠢᠭᠤᠯᠭ᠎ᠠ ᠳᠤ ᠵᠣᠬᠢᠴᠠᠬᠤ ᠬᠡᠷᠡᠭᠲᠡᠢ᠃ ᠪᠠᠭ᠎ᠠ ᠪᠠᠷ ᠶᠡᠭᠡ ᠶᠢ ᠲᠤᠰᠬᠠᠬᠤ᠂ ᠵᠢᠵᠢᠭ ᠳᠦᠷᠢ ᠪᠠᠷ ᠲᠣᠮᠣ ᠴᠠᠭ ᠦᠶ᠎ᠡ ᠶᠢ ᠲᠤᠰᠬᠠᠬᠤ᠂ ᠪᠠᠭ᠎ᠠ ᠦᠯᠢᠭᠡᠷ ᠢᠶᠠᠷ ᠶᠡᠭᠡ ᠶᠣᠰᠣ ᠤᠴᠢᠷ ᠢ ᠶᠠᠷᠢᠬᠤ ᠶᠢ ᠵᠣᠷᠢᠭᠵᠢᠭᠤᠯᠵᠤ᠂ ᠬᠤᠭᠤᠰᠤᠷᠠᠬᠤ᠂ ᠵᠠᠭᠪᠤᠷᠵᠢᠭᠤᠯᠬᠤ᠂ ᠬᠡᠯᠬᠢᠵᠢᠭᠦᠯᠬᠦ ᠶᠢ ᠡᠷᠡᠰ ᠬᠤᠷᠢᠭᠯᠠᠬᠤ ᠬᠡᠷᠡᠭᠲᠡᠢ᠃  ︵ᠬᠤᠶᠠᠷ︶ ᠤᠷᠤᠯᠳᠤᠭᠠᠨ ᠳᠤ ᠣᠷᠣᠯᠴᠠᠬᠤ ᠪᠦᠲᠦᠭᠡᠯ ᠨᠢ ᠡᠮᠦᠨᠡᠬᠢ ᠬᠤᠶᠠᠷ ᠬᠤᠭᠤᠴᠠᠭᠠᠨ ᠤ ᠤᠷᠤᠯᠳᠤᠭᠠᠨ ᠳᠤ ᠣᠷᠣᠯᠴᠠᠭᠰᠠᠨ ᠦᠭᠡᠢ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠪᠠᠶᠢᠬᠤ ᠬᠡᠷᠡᠭᠲᠡᠢ᠃ ᠪᠦᠲᠦᠭᠡᠯ ᠤᠨ ᠴᠠᠭ ᠤᠨ ᠤᠷᠲᠤ ᠶᠢᠨ ᠬᠡᠮᠵᠢᠶ᠎ᠡ ᠨᠢ 15 ᠰᠧᠺᠦ᠋ᠨ᠋ᠲ ᠠᠴᠠ ᠣᠬᠤᠷ ᠪᠠᠶᠢᠵᠤ ᠪᠣᠯᠬᠤ ᠦᠭᠡᠶ᠂ ᠬᠠᠮᠤᠭ ᠤᠨ ᠤᠷᠲᠤ ᠳᠤ ᠪᠠᠨ 5 ᠮᠢᠨᠦ᠋ᠲ ᠠᠴᠠ ᠬᠡᠲᠦᠷᠡᠵᠦ ᠪᠣᠯᠬᠤ ᠦᠭᠡᠶ᠃  ︵ᠭᠤᠷᠪᠠ︶ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠬᠡᠪ ᠪᠠᠷᠢᠮᠵᠢᠶ᠎ᠠ ᠶᠢᠨ ᠪᠣᠯᠵᠣᠯᠲᠤ ᠲᠤᠭ᠎ᠠ ᠶᠢᠨ ᠬᠠᠮᠤᠭ ᠤᠨ ᠳᠣᠣᠷ᠎ᠠ ᠢᠯᠭᠠᠮᠵᠢ ᠨᠢ 1080P ᠠᠴᠠ ᠳᠣᠣᠷ᠎ᠠ ᠪᠠᠶᠢᠵᠤ ᠪᠣᠯᠬᠤ ᠦᠭᠡᠢ︔ ᠬᠥᠨᠳᠡᠯᠡᠨ ᠳᠡᠯᠭᠡᠴᠡ᠂ ᠪᠣᠰᠤᠭ᠎ᠠ ᠳᠡᠯᠭᠡᠴᠡ ᠨᠢ ᠴᠥᠮ ᠬᠡᠪ ᠤᠨ ᠪᠠᠶᠢᠵᠤ᠂ ᠳᠠᠭᠤᠨ ᠤ ᠳᠠᠪᠲᠠᠮᠵᠢ ᠳᠠᠭᠤᠨ ᠤ ᠶᠡᠭᠡ ᠪᠠᠭ᠎ᠠ ᠨᠢ ᠬᠡᠪ ᠤᠨ ᠪᠦᠭᠡᠳ ᠲᠣᠳᠣᠷᠬᠠᠢ ᠪᠠᠶᠢᠵᠤ᠂ ᠲᠡᠰᠦᠷᠡᠬᠦ ᠲᠠᠭᠤᠨ ᠦᠭᠡᠢ᠂ ᠱᠤᠤᠭᠢᠶᠠᠨ ᠦᠭᠡᠢ ᠪᠠᠶᠢᠬᠤ ᠬᠡᠷᠡᠭᠲᠡᠢ︔ ᠸᠢᠳᠢᠤ᠋ ᠶᠢᠨ ᠬᠡᠯᠪᠡᠷᠢ ᠨᠢ MP4 ᠪᠤᠶᠤ MOV ᠪᠠᠶᠢᠬᠤ ᠬᠡᠷᠡᠭᠲᠡᠢ᠃  ︵ᠲᠦᠷᠪᠡ︶ ᠪᠢᠴᠢᠯ ᠣᠬᠤᠷ ᠵᠦᠴᠦᠭᠡ ᠶᠢᠨ ᠹᠢᠯᠢᠮ ᠤᠨ ᠱᠠᠭᠠᠷᠳᠠᠯᠭ᠎ᠠ᠃ ᠦᠢᠯᠡᠳᠬᠦ ᠪᠠᠶᠢᠭᠤᠯᠤᠮᠵᠢ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠲᠠᠢ ᠪᠠᠶᠢᠬᠤ ᠴᠢᠬᠤᠯᠠᠲᠠᠶ ᠪᠠᠶᠢᠪᠠᠯ᠂ ᠤᠷᠤᠯᠳᠤᠭᠠᠨ ᠳᠤ ᠣᠷᠣᠯᠴᠠᠬᠤ ᠪᠦᠲᠦᠭᠡᠯ ᠨᠢ 2024 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠵᠤᠬᠢᠶᠠᠵᠤ ᠳᠠᠭᠤᠰᠬᠠᠭᠰᠠᠨ ᠪᠦᠲᠦᠭᠡᠯ ᠪᠠᠶᠢᠬᠤ ᠬᠡᠷᠡᠭᠲᠡᠶ᠃ ᠪᠦᠲᠦᠭᠡᠯ ᠤᠨ ᠭᠠᠭᠴᠠ ᠪᠦᠯᠦᠭ ᠤᠨ ᠴᠠᠭ ᠤᠨ ᠤᠷᠲᠤ ᠶᠢᠨ ᠬᠡᠮᠵᠢᠶ᠎ᠡ ᠶᠢ ᠬᠠᠮᠤᠭ ᠤᠨ ᠪᠣᠭᠤᠨᠢ ᠨᠢ 60 ᠰᠧᠺᠦ᠋ᠨ᠋ᠳ᠋ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠬᠠᠮᠤᠭ ᠤᠨ ᠤᠷᠲᠤ ᠳᠤ ᠪᠠᠨ 15 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠶ᠃ ᠪᠡᠶᠡᠯᠡᠭᠦᠯᠦᠭᠰᠡᠨ ᠪᠢᠴᠢᠯ ᠣᠬᠤᠷ ᠵᠦᠴᠦᠭᠡ ᠨᠢ ᠪᠦᠷᠢᠨ ᠪᠦᠲᠦᠨ ᠵᠢᠷᠤᠭ ᠳᠦᠷᠰᠦ᠂ ᠳᠠᠭᠤ᠂ ᠴᠠᠭ ᠤᠨ ᠺᠣᠳ᠋ ᠬᠡᠯᠪᠡᠷᠢ ᠶᠢᠨ ᠥᠯᠢᠭᠡᠷ ᠹᠢᠯᠢᠮ ᠤᠨ ᠵᠠᠭᠤᠴᠢ ᠶᠢ ᠪᠦᠷᠢᠯᠳᠦᠭᠦᠯᠵᠦ᠂ ᠹᠢᠯᠢᠮ ᠤᠨ ᠡᠬᠢᠯᠡᠯᠲᠡ᠂ ᠲᠡᠭᠦᠰᠭᠡᠯ ᠤᠨ ᠳᠡᠯᠭᠡᠴᠡ ᠶᠢᠨ ᠦᠰᠦᠭ ᠨᠢ ᠦᠯᠢᠭᠡᠷ ᠹᠢᠯᠢᠮ ᠤᠨ ᠳᠡᠯᠭᠡᠴᠡ ᠶᠢᠨ ᠦᠰᠦᠭ ᠲᠠᠢ ᠨᠢᠭᠡᠳᠦᠯᠲᠡᠢ ᠪᠠᠶᠢᠬᠤ ᠬᠡᠷᠡᠭᠲᠡᠢ᠃  ︵ᠲᠠᠪᠤ︶ ᠪᠢᠴᠢᠯ ᠣᠬᠤᠷ ᠵᠦᠴᠦᠭᠡ ᠶᠢᠨ ᠪᠦᠲᠦᠭᠡᠯᠴᠢ ᠶᠢ ᠡᠯᠰᠡᠬᠦ ᠱᠠᠭᠠᠷᠳᠠᠯᠭ᠎ᠠ᠃ ᠡᠯᠰᠡᠬᠦ ᠳᠤ ᠣᠷᠣᠯᠴᠠᠭᠰᠠᠨ ᠪᠢᠴᠢᠯ ᠣᠬᠤᠷ ᠵᠦᠴᠦᠭᠡ ᠶᠢᠨ ᠪᠦᠲᠦᠭᠡᠯ ᠤᠨ ᠭᠠᠭᠴᠠ ᠪᠦᠯᠦᠭ ᠨᠢ 15 ᠮᠢᠨᠦ᠋ᠲ ᠠᠴᠠ ᠬᠡᠲᠦᠷᠡᠵᠦ ᠪᠣᠯᠬᠤ ᠦᠭᠡᠢ᠂ 50% ᠶᠢᠨ ᠪᠦᠯᠦᠭ ᠤᠨ ᠲᠤᠭ᠎ᠠ ᠶᠢᠨ ᠲᠣᠶᠢᠮᠣ ᠶᠢ ᠬᠠᠩᠭᠠᠬᠤ ᠴᠢᠬᠤᠯᠠ ᠲᠠᠢ᠂ ᠭᠠᠭᠴᠠ ᠪᠦᠯᠦᠭ ᠤᠨ ᠲᠣᠶᠢᠮᠣ ᠶᠢᠨ ᠦᠰᠦᠭ ᠤᠨ ᠲᠤᠭ᠎ᠠ ᠶᠢ 300 ᠠᠴᠠ ᠬᠡᠲᠦᠷᠡᠭᠦᠯᠵᠦ ᠪᠣᠯᠬᠤ ᠦᠭᠡᠢ︔ ᠵᠦᠴᠦᠭᠡ ᠶᠢᠨ ᠳᠡᠪᠲᠡᠷ ᠤᠨ ᠪᠦᠲᠦᠭᠡᠯᠴᠢ ᠨᠢ ᠪᠡᠶ᠎ᠡ ᠪᠠᠨ ᠳᠠᠭᠠᠭᠠᠭᠰᠠᠨ 300 ᠦᠰᠦᠭ ᠤᠨ ᠦᠵᠡᠯ ᠰᠠᠨᠠᠭᠠᠨ ᠤ ᠠᠭᠤᠯᠤᠭᠳᠠᠬᠤᠨ᠂ 1500 ᠦᠰᠦᠭ ᠣᠷᠴᠢᠮ ᠤᠨ ᠦᠯᠢᠭᠡᠷ ᠤᠨ ᠲᠣᠶᠢᠮᠣ ᠪᠠᠶᠢᠬᠤ ᠬᠡᠷᠡᠭᠲᠡᠢ᠃  ᠳᠥᠷᠪᠡ᠂ ᠬᠡᠪᠯᠡᠯ ᠤᠨ ᠡᠷᠬᠡ ᠶᠢᠨ ᠱᠠᠭᠠᠷᠳᠠᠯᠭ᠎ᠠ  ︵ᠨᠢᠭᠡ︶ ᠰᠢᠯᠭᠠᠷᠠᠭᠤᠯᠤᠯᠲᠠ ᠳᠤ ᠣᠷᠣᠯᠴᠠᠭᠰᠠᠨ ᠪᠦᠲᠦᠭᠡᠯ ᠨᠢ ᠬᠡᠪᠯᠡᠯ ᠤᠨ ᠡᠷᠬᠡ ᠪᠠᠷ ᠶᠠᠮᠠᠷᠪᠠ ᠭᠤᠷᠪᠠᠳᠠᠬᠢ ᠡᠲᠡᠭᠡᠳ ᠲᠤ ᠰᠢᠯᠵᠢᠭᠦᠯᠦᠨ ᠥᠭᠭᠦᠭᠰᠡᠨ ᠦᠭᠡᠢ ᠵᠦᠴᠦᠭᠡ ᠶᠢᠨ ᠳᠡᠪᠲᠡᠷ ᠪᠤᠶᠤ ᠪᠦᠲᠦᠭᠡᠯᠴᠢ ᠰᠠᠨᠠᠭ᠎ᠠ ᠠᠴᠠ ᠪᠣᠯᠵᠤ ᠵᠣᠬᠢᠶᠠᠭᠴᠢ ᠲᠠᠢ ᠮᠠᠷᠭᠤᠭᠠᠨ ᠦᠭᠡᠢ ᠵᠣᠬᠢᠶᠠᠯ ᠪᠦᠲᠦᠭᠡᠯ ᠤᠨ ᠡᠷᠬᠡ ᠲᠠᠢ ᠪᠠᠶᠢᠬᠤ ᠬᠡᠷᠡᠭᠲᠡᠢ᠃ ᠬᠡᠷᠪᠡ ᠪᠤᠰᠤᠳ ᠬᠦᠮᠦᠨ ᠥᠪᠡᠷ ᠤᠨ ᠪᠦᠲᠦᠭᠡᠯ ᠢᠶᠠᠨ ᠥᠭᠡᠷᠡᠴᠢᠯᠡᠨ ᠨᠠᠶᠢᠷᠠᠭᠤᠯᠪᠠᠯ᠂ ᠡᠷᠬᠡᠪᠰᠢ ᠤᠭ ᠵᠣᠬᠢᠶᠠᠯ ᠪᠦᠲᠦᠭᠡᠯ ᠤᠨ ᠡᠷᠬᠡᠲᠦ ᠬᠦᠮᠦᠨ ᠠᠴᠠ ᠡᠷᠬᠡ ᠣᠯᠭᠤᠨ ᠥᠭᠡᠷᠡᠴᠢᠯᠡᠨ ᠨᠠᠶᠢᠷᠠᠭᠤᠯᠬᠤ ᠡᠷᠬᠡ ᠶᠢ ᠪᠢᠴᠢᠭ ᠤᠨ ᠬᠡᠯᠪᠡᠷᠢ ᠪᠠᠷ ᠡᠷᠬᠡ ᠣᠯᠭᠤᠭᠰᠠᠨ ᠮᠠᠲ᠋ᠧᠷᠢᠶᠠᠯ ᠪᠣᠯᠭᠠᠨ ᠭᠠᠷᠭᠠᠬᠤ ᠬᠡᠷᠡᠭᠲᠡᠢ᠃  ︵ᠬᠤᠶᠠᠷ︶ ᠰᠢᠯᠭᠠᠷᠠᠭᠤᠯᠤᠯᠲᠠ ᠳᠤ ᠣᠷᠣᠯᠴᠠᠭᠰᠠᠨ ᠪᠦᠲᠦᠭᠡᠯ ᠨᠢ ᠬᠠᠭᠤᠯᠤᠭᠰᠠᠨ᠂ ᠬᠤᠯᠠᠭᠠᠶᠢᠯᠠᠭᠰᠠᠨ ᠢᠶᠠᠷ ᠲᠣᠭᠲᠠᠭᠠᠭᠳᠠᠭᠰᠠᠨ ᠪᠣᠯ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ ᠨᠢᠭᠡᠨᠲᠡ ᠰᠣᠩᠭᠤᠭᠳᠠᠭᠰᠠᠨ ᠵᠣᠬᠢᠶᠠᠯ ᠪᠦᠲᠦᠭᠡᠯ ᠪᠠ ᠬᠤᠪᠢ ᠬᠥᠮᠦᠨ ᠰᠣᠩᠭᠤᠭᠳᠠᠭᠰᠠᠨ ᠬᠢᠷᠢ ᠭᠡᠮ ᠢᠶᠠᠨ ᠬᠦᠴᠦᠨ ᠦᠭᠡᠶ ᠪᠣᠯᠭᠠᠵᠤ᠂ ᠲᠤᠰ ᠪᠦᠲᠦᠭᠡᠯ ᠤᠨ ᠰᠢᠯᠭᠠᠷᠠᠭᠤᠯᠤᠭᠰᠠᠨ ᠦᠷ᠎ᠡ ᠳ᠋ᠦᠩ ᠨᠢ ᠬᠦᠴᠦᠨ ᠦᠭᠡᠶ ᠪᠣᠯᠤᠨ᠎ᠠ᠃  ︵ᠭᠤᠷᠪᠠ︶ ᠳᠡᠮᠵᠢᠯᠭᠡ ᠬᠦᠷᠲᠡᠭᠰᠡᠨ ᠵᠣᠬᠢᠶᠠᠯ ᠪᠦᠲᠦᠭᠡᠯ ᠤᠨ ᠬᠡᠪᠯᠡᠯ ᠤᠨ ᠡᠷᠬᠡ ᠨᠢ ᠭᠤᠣᠯᠯᠠᠨ ᠡᠷᠬᠢᠯᠡᠭᠴᠢ ᠲᠠᠯ᠎ᠠ ᠳᠤ ᠬᠠᠷᠢᠶᠠᠯᠠᠭᠳᠠᠵᠤ᠂ ᠵᠣᠬᠢᠶᠠᠨ ᠪᠦᠲᠦᠭᠡᠭᠴᠢ ᠨᠡᠷ᠎ᠡ ᠪᠢᠴᠢᠬᠦ ᠡᠷᠬᠡ ᠲᠠᠢ᠃ ᠬᠡᠷᠪᠡ ᠭᠤᠣᠯᠯᠠᠨ ᠡᠷᠬᠢᠯᠡᠭᠴᠢ ᠲᠠᠯ᠎ᠠ ᠶᠢᠨ ᠬᠢᠨ ᠵᠦᠴᠦᠭᠡ ᠶᠢᠨ ᠳᠡᠪᠲᠡᠷ ᠤᠨ ᠬᠡᠪᠯᠡᠯ ᠤᠨ ᠡᠷᠬᠡ ᠶᠢ ᠰᠢᠯᠵᠢᠭᠦᠯᠦᠨ ᠥᠭᠬᠦ᠂ ᠵᠥᠪᠰᠢᠶᠡᠷᠡᠭᠦᠯᠦᠭᠰᠡᠨ ᠤ ᠠᠰᠢᠭ ᠣᠷᠣᠯᠭ᠎ᠠ ᠶᠢ ᠵᠣᠬᠢᠶᠠᠨ ᠪᠦᠲᠦᠭᠡᠭᠴᠢ ᠳᠤ ᠥᠮᠴᠢᠯᠡᠭᠦᠯᠵᠦ᠂ ᠭᠤᠣᠯᠯᠠᠨ ᠡᠷᠬᠢᠯᠡᠭᠴᠢ ᠲᠠᠯ᠎ᠠ ᠨᠢ ᠪᠡᠯᠡ ᠮᠥᠩᠭᠦ ᠬᠤᠷᠢᠶᠠᠭᠰᠠᠨ ᠤ ᠳᠠᠷᠠᠭ᠎ᠠ ᠵᠣᠬᠢᠶᠠᠨ ᠪᠦᠲᠦᠭᠡᠭᠴᠢ ᠳᠤ ᠰᠢᠯᠵᠢᠭᠦᠯᠦᠨ ᠥᠭᠬᠦ ᠬᠡᠷᠡᠭᠲᠡᠢ᠃  ᠲᠠᠪᠤ᠂  ᠰᠢᠯᠭᠠᠷᠠᠭᠤᠯᠤᠯᠲᠠ ᠳᠤ ᠨᠡᠷ᠎ᠡ ᠮᠡᠳᠡᠭᠦᠯᠬᠦ  ︵ᠨᠢᠭᠡ︶ ᠰᠢᠯᠭᠠᠷᠠᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠢ ᠵᠢᠴᠢ ᠬᠤᠪᠢ ᠬᠥᠮᠦᠨ 2024 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠰᠢᠯᠢᠳᠡᠭ ᠣᠬᠤᠷ ᠸᠢᠳᠢᠣ᠋ ᠶᠢᠨ ᠡᠭᠦᠯᠡᠨ ᠲᠠᠪᠴᠠᠩ ︵ᠰᠦᠯᠵᠢᠶᠡᠨ ᠬᠠᠶ᠋ᠢᠭ᠄ http://d.txnmg.com ︶ ᠳᠤ ᠳᠠᠩᠰᠠᠯᠠᠵᠤ᠂ ᠪᠦᠲᠦᠭᠡᠯ ᠤᠨ ᠢᠶᠠᠨ ᠮᠡᠳᠡᠭᠡ ᠵᠠᠩᠭᠢ ᠶᠢ ᠲᠡᠮᠳᠡᠭᠯᠡᠬᠦ ᠶᠢᠨ ᠬᠠᠮᠲᠤ ᠤᠷᠤᠯᠳᠤᠭᠠᠨ ᠳᠤ ᠣᠷᠣᠯᠴᠠᠬᠤ ᠪᠦᠲᠦᠭᠡᠯ ᠪᠠ ᠬᠡᠪᠯᠡᠯ ᠤᠨ ᠡᠷᠬᠡ ᠶᠢᠨ ᠠᠮᠠᠯᠠᠯᠲᠠ ᠶᠢᠨ ᠪᠢᠴᠢᠭ ᠢ ᠳᠡᠭᠡᠭᠰᠢ ᠳᠠᠮᠵᠢᠭᠤᠯᠤᠭᠰᠠᠨ ᠤ ᠳᠠᠷᠠᠭ᠎ᠠ᠂ ᠭᠤᠶᠤᠴᠢᠯᠠᠨ ᠮᠡᠳᠡᠭᠦᠯᠦᠯᠲᠡ ᠶᠢ ᠲᠤᠰᠢᠶᠠᠨ᠎ᠠ᠃  ︵ᠬᠤᠶᠠᠷ︶ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠤᠷᠤᠯᠳᠤᠭᠠᠨ ᠳᠤ ᠣᠷᠣᠯᠴᠠᠬᠤ ᠪᠦᠲᠦᠭᠡᠯ ᠳᠤ ᠰᠦᠯᠵᠢᠶᠡᠨ ᠳᠡᠭᠡᠷ᠎ᠡ ᠪᠢᠯᠧᠲ ᠥᠭᠬᠦ ᠪᠠ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠪᠠᠷ ᠡᠴᠦᠰ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠰᠦᠯᠵᠢᠶ᠎ᠡ ᠪᠠᠷ ᠳᠠᠮᠵᠢᠭᠤᠯᠤᠨ ᠪᠦᠲᠦᠭᠡᠯ ᠤᠨ ᠨᠡᠷᠡᠰ ᠢ ᠢᠯᠡ ᠪᠠᠷ ᠨᠡᠶᠢᠲᠡᠯᠡᠬᠦ ᠶᠢᠨ ᠬᠠᠮᠲᠤ ᠰᠦᠯᠵᠢᠶᠡᠨ ᠳᠡᠭᠡᠷ᠎ᠡ ᠳᠡᠯᠭᠡᠨ ᠨᠡᠪᠲᠡᠷᠡᠭᠦᠯᠦᠨ᠎ᠡ᠃  ︵ᠭᠤᠷᠪᠠ︶ ᠣᠬᠤᠷ ᠸᠢᠳᠢᠤ᠋ ᠶᠢᠨ ᠪᠦᠲᠦᠭᠡᠯ ᠢ ᠡᠯᠰᠡᠬᠦ ᠴᠠᠭ ᠨᠢ 2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠠᠴᠠ 8 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ᠪᠠᠶᠢᠵᠤ᠂ ᠪᠢᠴᠢᠯ ᠣᠬᠤᠷ ᠵᠦᠴᠦᠭᠡ ᠡᠯᠰᠡᠬᠦ ᠴᠠᠭ ᠨᠢ 2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠪᠣᠯᠣᠨ᠎ᠠ᠃  ︵ᠲᠦᠷᠪᠡ︶ ᠨᠡᠶᠢᠲᠡᠯᠡᠬᠦ  ᠣᠬᠤᠷ ᠸᠢᠳᠢᠤ᠋ ᠶᠢᠨ ᠪᠦᠲᠦᠭᠡᠯ ᠢ ᠰᠢᠯᠭᠠᠷᠠᠭᠤᠯᠬᠤ ᠴᠠᠭ ᠨᠢ 9 ᠳ᠋ᠦ᠋ᠭᠡᠷ ᠰᠠᠷ᠎ᠠ ᠶᠢᠨ 1 ᠤ ᠡᠳᠦᠷ ᠠᠴᠠ 22 ᠤ ᠡᠳᠦᠷ ᠪᠣᠯᠲᠠᠯ᠎ᠠ ᠪᠠᠶᠢᠵᠤ᠂ ᠪᠢᠴᠢᠯ ᠣᠬᠤᠷ ᠵᠦᠴᠦᠭᠡ ᠶᠢ ᠰᠢᠯᠭᠠᠷᠠᠭᠤᠯᠬᠤ ᠴᠠᠭ ᠨᠢ 2024 ᠣᠨ ᠤ 6 ᠳ᠋ᠤᠭᠠᠷ ᠰᠠᠷ᠎ᠠ ᠶᠢᠨ 16 ᠤ ᠡᠳᠦᠷ ᠠᠴᠠ 30 ᠤ ᠡᠳᠦᠷ ᠪᠣᠯᠲᠠᠯ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠫᠣᠷᠲ᠋ᠧᠯ ᠰᠦᠯᠵᠢᠶᠡᠨ ᠳᠡᠭᠡᠷ᠎ᠡ ᠳᠡᠮᠵᠢᠬᠦ ᠪᠠᠷ ᠪᠠᠶᠢᠭ᠎ᠠ ᠰᠢᠯᠢᠳᠡᠭ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠶᠢᠨ ᠨᠡᠷᠡᠰ ᠢ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃ ᠨᠡᠶᠢᠲᠡᠯᠡᠬᠦ ᠪᠠᠷ ᠳᠠᠮᠵᠢᠭᠤᠯᠤᠨ᠂ ᠣᠨᠳᠣᠤ ᠰᠠᠨᠠᠯ ᠥᠬᠡᠶ ᠪᠣᠯ ᠲᠣᠰ ᠬᠤᠭᠤᠴᠠᠭᠠᠨ ᠤ ᠤᠷᠤᠯᠳᠤᠭᠠᠨ ᠢ ᠳᠡᠮᠵᠢᠭᠰᠡᠨ ᠰᠢᠯᠢᠳᠡᠭ ᠣᠬᠤᠷ ᠸᠢᠳᠢᠣ᠋ ᠪᠠᠷ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠮᠡᠳᠡᠭᠳᠡᠯ ᠳᠠᠷᠤᠮᠠᠯᠯᠠᠨ ᠲᠠᠷᠬᠠᠭᠠᠵᠤ᠂ ᠨᠡᠶᠢᠭᠡᠮ ᠳᠤ ᠨᠡᠶᠢᠲᠡᠯᠡᠨ᠎ᠡ᠃  ᠵᠢᠷᠭᠤᠭ᠎ᠠ᠂ ᠳᠡᠮᠵᠢᠬᠦ ᠣᠷᠣᠨ ᠲᠤᠭ᠎ᠠ ᠵᠢᠴᠢ ᠳᠡᠮᠵᠢᠬᠦ ᠪᠠᠶᠢᠷᠢᠯᠠᠭᠤᠯᠤᠯᠲᠠ  ︵ᠨᠢᠭᠡ︶ ᠣᠬᠤᠷ ᠸᠢᠳᠢᠤ᠋ ᠶᠢᠨ ᠤᠷᠤᠯᠳᠤᠭᠠᠨ ᠤ ᠱᠠᠩᠨᠠᠯ ᠤᠨ ᠲᠣᠬᠢᠷᠠᠭᠤᠯᠤᠯᠲᠠ᠄  ᠤᠷᠤᠯᠳᠤᠭᠠᠨ ᠳᠤ ᠣᠨᠴᠠ ᠳᠡᠰ ᠤᠨ ᠪᠦᠲᠦᠭᠡᠯ ᠢ 1 ᠲᠣᠬᠢᠷᠠᠭᠤᠯᠵᠤ᠂ 3 ᠲᠦᠮᠡᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠨᠢᠭᠡᠳᠦᠭᠡᠷ ᠳᠡᠰ ᠤᠨ ᠪᠦᠲᠦᠭᠡᠯ 1 ᠪᠠᠶᠢᠵᠤ᠂ ᠪᠦᠲᠦᠭᠡᠯ ᠪᠦᠷᠢ ᠶᠢ 2 ᠲᠦᠮᠡᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠬᠤᠶᠠᠳᠤᠭᠠᠷ ᠳᠡᠰ ᠤᠨ ᠪᠦᠲᠦᠭᠡᠯ 2 ᠪᠠᠶᠢᠵᠤ᠂ ᠪᠦᠲᠦᠭᠡᠯ ᠪᠦᠷᠢ ᠶᠢ 5000 ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠭᠤᠷᠪᠠᠳᠤᠭᠠᠷ ᠳᠡᠰ ᠤᠨ ᠪᠦᠲᠦᠭᠡᠯ 3 ᠪᠠᠶᠢᠵᠤ᠂ ᠪᠦᠲᠦᠭᠡᠯ ᠪᠦᠷᠢ ᠶᠢ 3000 ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠬᠠᠮᠤᠭ ᠤᠨ ᠰᠢᠯᠢᠳᠡᠭ ᠳᠠᠮᠵᠢᠭᠤᠯᠭ᠎ᠠ ᠶᠢᠨ ᠪᠦᠲᠦᠭᠡᠯ 5 ᠪᠠᠶᠢᠵᠤ᠂ ᠪᠦᠲᠦᠭᠡᠯ ᠪᠦᠷᠢ ᠶᠢ 2 ᠮᠢᠩᠭᠠᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠬᠠᠮᠤᠭ ᠤᠨ ᠰᠢᠯᠢᠳᠡᠭ ᠪᠦᠲᠦᠭᠡᠯᠴᠢ ᠪᠦᠲᠦᠭᠡᠯ 5 ᠪᠠᠶᠢᠵᠤ᠂ ᠪᠦᠲᠦᠭᠡᠯ ᠪᠦᠷᠢ ᠶᠢ 2 ᠮᠢᠩᠭᠠᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠰᠢᠯᠢᠳᠡᠭ ᠪᠦᠲᠦᠭᠡᠯ 20 ᠪᠠᠶᠢᠵᠤ᠂ ᠪᠦᠲᠦᠭᠡᠯ ᠪᠦᠷᠢ ᠶᠢ 1 ᠮᠢᠩᠭᠠᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠵᠣᠬᠢᠶᠠᠨ ᠪᠠᠶᠢᠭᠤᠯᠤᠭᠰᠠᠨ ᠰᠢᠯᠢᠳᠡᠭ ᠨᠢᠭᠡᠴᠢ 20 ᠪᠠᠶᠢᠵᠤ᠂  ᠬᠥᠬᠢᠬᠦᠯᠦᠯ ᠱᠠᠩᠨᠠᠯ ᠤᠨ ᠮᠧᠳᠠᠯ ᠣᠯᠭᠤᠨ᠎ᠠ᠃  ︵ᠬᠤᠶᠠᠷ︶ ᠪᠢᠴᠢᠯ ᠣᠬᠤᠷ ᠵᠦᠴᠦᠭᠡ ᠶᠢᠨ ᠤᠷᠤᠯᠳᠤᠭᠠᠨ ᠤ ᠨᠢᠭᠡᠴᠢ ᠹᠢᠯᠢᠮ ᠤᠨ ᠤᠷᠤᠯᠳᠤᠭᠠᠨ ᠤ ᠳᠡᠮᠵᠢᠬᠦ ᠪᠠᠶᠢᠷᠢᠯᠠᠭᠤᠯᠤᠯᠲᠠ᠄  ᠨᠢᠭᠡᠳᠦᠭᠡᠷ ᠳᠡᠰ ᠤᠨ ᠪᠦᠲᠦᠭᠡᠯ 1 ᠪᠠᠶᠢᠵᠤ᠂ ᠪᠦᠲᠦᠭᠡᠯ ᠪᠦᠷᠢ ᠶᠢ 3 ᠲᠦᠮᠡᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠬᠤᠶᠠᠳᠤᠭᠠᠷ ᠳᠡᠰ ᠤᠨ ᠪᠦᠲᠦᠭᠡᠯ 1 ᠪᠠᠶᠢᠵᠤ᠂ ᠪᠦᠲᠦᠭᠡᠯ ᠪᠦᠷᠢ ᠶᠢ 2 ᠲᠦᠮᠡᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠭᠤᠷᠪᠠᠳᠤᠭᠠᠷ ᠳᠡᠰ ᠤᠨ ᠪᠦᠲᠦᠭᠡᠯ 1 ᠪᠠᠶᠢᠵᠤ᠂ ᠪᠦᠲᠦᠭᠡᠯ ᠪᠦᠷᠢ ᠶᠢ 1 ᠲᠦᠮᠡᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠰᠢᠯᠢᠳᠡᠭ ᠪᠦᠲᠦᠭᠡᠯ 3 ᠪᠠᠶᠢᠵᠤ᠂ ᠪᠦᠳᠦᠬᠡᠯ ᠪᠦᠷᠢ ᠶᠢ ᠲᠠᠪᠤᠨ ᠮᠢᠩᠭᠠᠨ ᠲᠦᠬᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ︵ᠭᠤᠷᠪᠠ︶ ᠪᠢᠴᠢᠯ ᠣᠬᠤᠷ ᠵᠦᠴᠦᠭᠡ ᠶᠢᠨ ᠤᠷᠤᠯᠳᠤᠭᠠᠨ ᠤ ᠨᠢᠭᠡᠴᠢ ᠪᠦᠲᠦᠭᠡᠯᠴᠢ ᠶᠢᠨ ᠤᠷᠤᠯᠳᠤᠭᠠᠨ ᠤ ᠳᠡᠮᠵᠢᠬᠦ ᠪᠠᠶᠢᠷᠢᠯᠠᠭᠤᠯᠤᠯᠲᠠ᠄  ᠨᠢᠭᠡᠳᠦᠭᠡᠷ ᠳᠡᠰ ᠤᠨ ᠪᠦᠲᠦᠭᠡᠯ 1 ᠪᠠᠶᠢᠵᠤ᠂ ᠪᠦᠲᠦᠭᠡᠯᠴᠢ ᠪᠦᠷᠢ ᠶᠢ 1 ᠲᠦᠮᠡᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠬᠤᠶᠠᠳᠤᠭᠠᠷ ᠳᠡᠰ ᠤᠨ ᠪᠦᠲᠦᠭᠡᠯ 2 ᠪᠠᠶᠢᠵᠤ᠂ ᠪᠦᠲᠦᠭᠡᠯᠴᠢ ᠪᠦᠷᠢ ᠶᠢ 5 ᠮᠢᠩᠭᠠᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠭᠤᠷᠪᠠᠳᠤᠭᠠᠷ ᠳᠡᠰ ᠤᠨ ᠪᠦᠲᠦᠭᠡᠯ 3 ᠪᠠᠶᠢᠵᠤ᠂ ᠪᠦᠲᠦᠭᠡᠯᠴᠢ ᠪᠦᠷᠢ ᠶᠢ 3000 ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠰᠢᠯᠢᠳᠡᠭ ᠪᠦᠲᠦᠭᠡᠯ 5 ᠪᠠᠶᠢᠵᠤ᠂ ᠪᠦᠲᠦᠭᠡᠯᠴᠢ ᠪᠦᠷᠢ ᠶᠢ 2 ᠮᠢᠩᠭᠠᠨ ᠲᠥᠭᠦᠷᠢᠭ ᠤᠨ ᠠᠷᠠᠳ ᠤᠨ ᠵᠣᠭᠤᠰ ᠢᠶᠠᠷ ᠳᠡᠮᠵᠢᠨ᠎ᠡ᠃  ᠳᠣᠯᠤᠭ᠎ᠠ᠂ ᠠᠵᠢᠯ ᠤᠨ ᠱᠠᠭᠠᠷᠳᠠᠯᠭ᠎ᠠ  ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠮᠪᠠᠢ ᠵᠣᠬᠢᠶᠠᠨ ᠪᠠᠶᠢᠭᠤᠯᠤᠨ᠎ᠠ᠃ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠥᠬᠦᠶ ᠨᠢᠭᠡᠴᠢ ᠨᠦᠭᠦᠳ ᠲᠣᠰ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠬᠤ ᠶᠢ ᠰᠦᠯᠵᠢᠶᠡᠨ ᠤ ᠦᠵᠡᠵᠦ ᠰᠣᠨᠣᠰᠬᠤ ᠤᠳᠬ᠎ᠠ ᠤᠷᠠᠯᠢᠭ ᠢ ᠴᠡᠴᠡᠭᠯᠡᠭᠦᠯᠦᠨ ᠬᠥᠭᠵᠢᠭᠦᠯᠬᠦ᠂ ᠰᠦᠯᠵᠢᠶᠡᠨ ᠤ ᠦᠵᠡᠵᠦ ᠰᠣᠨᠣᠰᠬᠤ ᠠᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠨᠢᠭᠡ ᠵᠦᠢᠯ ᠤᠨ ᠴᠢᠬᠤᠯᠠ ᠠᠵᠢᠯ ᠪᠣᠯᠭᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃  ︵ᠬᠤᠶᠠᠷ︶ ᠶᠡᠭᠡ ᠪᠠᠷ ᠤᠬᠠᠭᠤᠯᠵᠤ᠂ ᠥᠷᠭᠡᠨ ᠢᠶᠠᠷ ᠳᠠᠶᠢᠴᠢᠯᠠᠨ᠎ᠠ᠃ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠥᠬᠦᠶ ᠨᠢᠭᠡᠴᠢ ᠨᠦᠭᠦᠳ ᠲᠣᠰ ᠬᠠᠷᠢᠶ᠎ᠠ ᠣᠷᠣᠨ ᠪᠣᠯᠤᠨ ᠲᠣᠰ ᠨᠢᠭᠡᠴᠢ ᠶᠢᠨ ᠢᠶᠠᠨ PC ᠦᠵᠦᠭᠦᠷ᠂ ᠰᠢᠯᠵᠢᠮᠡᠯ ᠦᠵᠦᠭᠦᠷ ᠢᠶᠠᠷ ᠳᠠᠮᠵᠢᠭᠤᠯᠤᠨ ᠠᠵᠢᠯᠯᠠᠭ᠎ᠠ ᠶᠢᠨ ᠭᠤᠤᠯ ᠰᠡᠳᠦᠪ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠡᠯᠰᠡᠬᠦ ᠠᠷᠭ᠎ᠠ ᠬᠡᠯᠪᠡᠷᠢ᠂ ᠱᠠᠩᠨᠠᠯ ᠤᠨ ᠵᠦᠢᠯ ᠤᠨ ᠪᠠᠶᠢᠷᠢᠯᠠᠭᠤᠯᠤᠯᠲᠠ ᠵᠡᠷᠭᠡ ᠶᠢ ᠥᠷᠭᠡᠨ ᠢᠶᠠᠷ ᠤᠬᠠᠭᠤᠯᠵᠤ᠂ ᠵᠣᠬᠢᠶᠠᠨ ᠪᠦᠲᠦᠭᠡᠬᠦ ᠴᠢᠳᠠᠪᠤᠷᠢ ᠲᠠᠢ ᠪᠠᠶᠢᠭᠤᠯᠤᠮᠵᠢ᠂ ᠪᠦᠯᠬᠦᠮ ᠨᠡᠶᠢᠲᠡ ᠪᠣᠯᠤᠨ ᠬᠤᠪᠢ ᠬᠥᠮᠦᠨ ᠤ ᠭᠤᠶᠤᠴᠢᠯᠠᠨ ᠮᠡᠳᠡᠭᠦᠯᠬᠦ ᠢᠳᠡᠪᠬᠢᠵᠢᠯ ᠢ ᠭᠦᠢᠴᠡᠳ ᠳᠠᠶᠢᠴᠢᠯᠠᠨ᠂ ᠪᠥᠬᠦ ᠨᠡᠶᠢᠭᠡᠮ ᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠢᠯᠡᠭᠦᠬᠡᠨ ᠪᠦᠲᠦᠭᠡᠯ ᠭᠠᠷᠭᠠᠯᠭᠠᠵᠤ᠂ ᠰᠠᠶᠢᠨ ᠪᠦᠲᠦᠭᠡᠯ ᠭᠠᠷᠭᠠᠯᠭᠠᠬᠤ ᠬᠡᠷᠡᠭᠲᠡᠶ᠃  ︵ᠭᠤᠷᠪᠠ︶ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠥᠬᠦᠶ ᠨᠢᠭᠡᠴᠢ ᠨᠦᠭᠦᠳ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ᠰᠦᠯᠵᠢᠶᠡᠨ ᠤ ᠦᠵᠡᠵᠦ ᠰᠣᠨᠣᠰᠬᠤ ᠤᠬᠠᠭᠤᠯᠭ᠎ᠠ ᠶᠢᠨ ᠠᠵᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠭᠠᠷᠠᠭᠤᠯᠤᠯᠲᠠ ᠳᠤ ᠣᠷᠣᠯᠴᠠᠬᠤ ᠪᠦᠲᠦᠭᠡᠯ ᠤᠨ ᠤᠳᠤᠷᠢᠳᠤᠮᠵᠢ ᠶᠢᠨ ᠪᠣᠭᠤᠮᠲᠠ᠂ ᠠᠭᠤᠯᠭ᠎ᠠ ᠶᠢᠨ ᠪᠣᠭᠤᠮᠲᠠ᠂ ᠠᠵᠢᠯᠲᠠᠨ ᠤ ᠪᠣᠭᠤᠮᠲᠠ᠂ ᠨᠡᠪᠲᠡᠷᠡᠭᠦᠯᠬᠦ ᠪᠣᠭᠤᠮᠲᠠ᠂ ᠹᠢᠯᠢᠮ ᠤᠨ ᠬᠠᠷᠠᠮᠵᠢ ᠶᠢᠨ ᠪᠣᠭᠤᠮᠲᠠ᠂ ᠤᠬᠠᠭᠤᠯᠭ᠎ᠠ ᠶᠢᠨ ᠪᠣᠭᠤᠮᠲᠠ ᠶᠢ ᠰᠠᠶᠢᠲᠤᠷ ᠠᠳᠬᠤᠵᠤ᠂ ᠫᠷᠤᠭ᠍ᠷᠠᠮ ᠢ ᠬᠢᠨᠠᠨ ᠬᠠᠷᠭᠤᠭᠤᠯᠬᠤ ᠶᠢ ᠴᠢᠩᠭᠠᠳᠬᠠᠨ᠂ ᠠᠵᠢᠯᠯᠠᠭ᠎ᠠ ᠶᠢᠨ ᠤᠬᠠᠭᠤᠯᠭ᠎ᠠ ᠶᠢ ᠢᠮᠠᠭᠲᠠ ᠵᠥᠪ ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠣᠯᠤᠨ ᠥᠷᠲᠡᠭ ᠤᠨ ᠬᠠᠨᠳᠤᠰᠢ ᠶᠢ ᠪᠠᠷᠢᠮᠲᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃  ᠣᠨᠴᠠᠭᠠᠶᠢᠯᠠᠨ ᠮᠡᠳᠡᠭᠳᠡᠪᠡ᠃  ᠳᠠᠭᠠᠯᠳᠤᠭᠤᠯᠤᠯ᠄ ᠬᠡᠪᠯᠡᠯ ᠤᠨ ᠡᠷᠬᠡ ᠶᠢᠨ ᠠᠮᠠᠯᠠᠯᠲᠠ ᠶᠢᠨ ᠪᠢᠴᠢᠭ  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 4 ᠳ᠋ᠦ᠋ᠭᠡᠷ ᠰᠠᠷ᠎ᠠ ᠶᠢᠨ 11 ᠤ ᠡᠳᠦᠷ    ︵ᠬᠠᠷᠢᠯᠴᠠᠬᠤ ᠬᠥᠮᠦᠨ᠄ ᠰᠢᠩ ᠶᠦᠩ ᠵᠢᠶᠧ᠂ ᠬᠠᠷᠢᠯᠴᠠᠬᠤ ᠤᠲᠠᠰᠤ᠄ 0471- 4590042︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map