2024 ᠣᠨ ᠤ ᠦᠵᠡᠵᠦ ᠰᠣᠨᠣᠰᠬᠤ ᠳᠤᠮᠳᠠᠳᠤ ᠤᠯᠤᠰ ᠤᠨ ︽ᠠᠨᠠᠷ ᠤᠨ ᠴᠡᠴᠡᠭ ᠢᠷᠡᠭᠡᠳᠦᠶ ᠵᠦᠭ ᠳᠡᠯᠭᠡᠷᠡᠬᠦ︾ ᠵᠢᠷᠭᠤᠳᠤᠭᠠᠷ ᠬᠤᠭᠤᠴᠠᠭᠠᠨ ᠤ ︽ᠭᠤᠷᠪᠠᠨ ᠰᠠᠷ᠎ᠠ ᠶᠢᠨ ᠭᠤᠷᠪᠠᠨ︾ ᠤ ᠰᠦᠯᠵᠢᠶᠡᠨ ᠤ ᠣᠬᠤᠷ ᠸᠢᠳᠢᠤ᠋ ᠶᠢᠨ ᠤᠷᠤᠯᠳᠤᠭᠠᠨ ᠢ ᠡᠷᠬᠢᠯᠡᠬᠦ ᠮᠡᠳᠡᠭᠳᠡᠯ
ᠨᠡᠶᠢᠲᠡᠯᠡᠭᠰᠡᠨ ᠴᠠᠭ᠄
2024/4/15
        2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ᠂ ᠪᠥᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ᠂ ᠷᠠᠳᠢᠣ᠋ ᠲᠧᠯᠸᠢᠰ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠠᠪᠤᠨ ᠥᠪᠡᠷᠲᠡᠭᠡᠨ ᠵᠠᠰᠠᠬᠤ ᠣᠷᠣᠨ ︽ᠠᠨᠠᠷ ᠤᠨ ᠴᠡᠴᠡᠭ ᠢᠷᠡᠭᠡᠳᠦᠶ ᠵᠦᠭ ᠳᠡᠯᠭᠡᠷᠡᠬᠦ︾ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠵᠢᠷᠭᠤᠳᠤᠭᠠᠷ ᠬᠤᠭᠤᠴᠠᠭᠠᠨ ᠤ ︽ᠭᠤᠷᠪᠠᠨ ᠰᠠᠷ᠎ᠠ ᠶᠢᠨ ᠭᠤᠷᠪᠠᠨ︾ ᠤ ᠰᠦᠯᠵᠢᠶᠡᠨ ᠤ ᠣᠬᠤᠷ ᠸᠢᠳᠢᠣ᠋ ᠶᠢᠨ ᠤᠷᠤᠯᠳᠤᠭᠠᠨ ︵ᠳᠣᠷᠣᠭᠰᠢ ᠤᠷᠤᠯᠳᠤᠭᠠᠨ ᠭᠡᠵᠦ ᠲᠣᠪᠴᠢᠯᠠᠨ᠎ᠠ︶ ᠢ ᠬᠠᠮᠲᠤ ᠪᠠᠷ ᠡᠷᠬᠢᠯᠡᠬᠦ ᠪᠥᠭᠡᠳ ᠤᠷᠤᠯᠳᠤᠭᠠᠨ ᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ 2024 ᠣᠨ ᠤ ︽ᠳᠤᠮᠳᠠᠳᠤ ᠤᠯᠤᠰ ᠢ ᠦᠵᠡᠵᠦ ᠰᠣᠨᠣᠰᠬᠤ︾ ᠰᠢᠯᠢᠳᠡᠭ ᠣᠬᠤᠷ ᠸᠢᠳᠢᠣ᠋ ᠴᠤᠭᠯᠠᠭᠤᠯᠤᠨ ᠳᠡᠯᠭᠡᠨ ᠦᠵᠡᠭᠦᠯᠬᠦ ᠰᠢᠷᠢᠰ ᠠᠵᠢᠯᠯᠠᠭ᠎ᠠ ᠳᠤ ᠣᠷᠣᠭᠤᠯᠬᠤ ᠪᠠᠷ ᠠᠵᠠ ᠲᠣᠬᠢᠶᠠᠯ ᠪᠣᠯᠭᠠᠵᠤ᠂ ᠣᠬᠤᠷ ᠸᠢᠳᠢᠣ᠋ ᠶᠢᠨ ᠴᠣᠭᠴᠠ ᠶᠢ ᠠᠰᠢᠭᠯᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠲᠠᠶ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ ᠡᠳᠦᠭᠡ ᠤᠷᠤᠯᠳᠤᠭᠠᠨ ᠤ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄        ᠨᠢᠭᠡ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ        ︵ᠨᠢᠭᠡ︶ ᠵᠢᠯᠤᠭᠤᠳᠬᠤ ᠨᠢᠭᠡᠴᠢ        ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠠᠮᠢᠶᠠᠷᠤᠯᠲᠠ ᠶᠢᠨ ᠵᠤᠷᠭᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠤᠬᠠᠭᠤᠯᠬᠤ ᠬᠡᠯᠲᠡᠰ᠃        ︵ᠬᠤᠶᠠᠷ︶ ᠭᠤᠣᠯᠯᠠᠨ ᠡᠷᠬᠢᠯᠡᠬᠦ ᠨᠢᠭᠡᠴᠢ        ᠭᠤᠸᠠᠩᠰᠢ᠂ ᠥᠪᠥᠷ ᠮᠣᠩᠭᠤᠯ᠂ ᠲᠥᠪᠡᠳ᠂ ᠨᠢᠩᠰᠢᠶᠠ᠂ ᠰᠢᠨᠵᠢᠶᠠᠩ ᠤᠨ ᠷᠠᠳᠢᠣ᠋ ᠲᠧᠯᠸᠢᠰ ᠤᠨ ᠲᠣᠪᠴᠢᠶ᠎ᠠ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠦᠨᠳᠦᠰᠦᠲᠡᠨ ᠤ ᠱᠠᠰᠢᠨ ᠰᠤᠷᠲᠠᠬᠤᠨ ᠤ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠤᠸᠠᠩᠰᠢ ᠶᠢᠨ ᠷᠠᠳᠢᠣ᠋ ᠲᠧᠯᠸᠢᠰ ᠬᠤᠷᠢᠶ᠎ᠠ᠂ ᠭᠤᠸᠠᠩᠰᠢ ᠶᠢᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ᠃        ︵ᠭᠤᠷᠪᠠ︶ ᠳᠠᠭᠠᠭᠠᠨ ᠡᠷᠬᠢᠯᠡᠬᠦ ᠨᠢᠭᠡᠴᠢ        ᠭᠤᠸᠠᠩᠰᠢ ᠶᠢᠨ ᠷᠠᠳᠢᠣ᠋ ᠲᠧᠯᠸᠢᠰ ᠬᠤᠷᠢᠶᠠᠨ ᠤ ᠬᠤᠲᠠ ᠰᠤᠪᠠᠭ᠂ ᠭᠤᠸᠠᠩᠰᠢ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠵᠠᠭᠤᠴᠢᠯᠠᠭᠤᠷ ᠤᠨ ᠳᠡᠭᠡᠳᠦ ᠰᠤᠷᠭᠠᠭᠤᠯᠢ᠃        ᠬᠤᠶᠠᠷ᠂ ᠡᠯᠰᠡᠬᠦ ᠠᠭᠤᠯᠭ᠎ᠠ        ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠵᠣᠬᠢᠶᠠᠨ ᠪᠦᠲᠦᠭᠡᠬᠦ ᠬᠦᠭ ᠠᠶᠠᠰ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠬᠠᠮᠲᠤ ᠪᠠᠷ ᠴᠢᠨᠡᠭᠡᠯᠢᠭᠵᠢᠭᠰᠡᠨ ᠵᠣᠯ ᠵᠢᠷᠭᠠᠯᠲᠤ ᠭᠡᠷ ᠣᠷᠣᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠭᠡᠷ ᠣᠷᠣᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠤᠷ ᠠᠮᠤᠭᠤᠯᠠᠩ ᠦᠵᠡᠰᠬᠦᠯᠡᠩᠲᠦ ᠰᠠᠶᠢᠬᠠᠨ ᠭᠡᠷ ᠣᠷᠣᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠠᠮᠤᠷ ᠠᠮᠤᠭᠤᠯᠠᠩ ᠭᠡᠷ ᠣᠷᠣᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠪᠦᠲᠦᠭᠡᠯ ᠤᠨ ᠱᠠᠭᠠᠷᠳᠠᠯᠭ᠎ᠠ ᠵᠥᠪ ᠣᠨᠣᠪᠴᠢᠲᠠᠶ᠂ ᠪᠣᠳᠠᠲᠤ ᠪᠠᠶᠢᠳᠠᠯ ᠲᠠᠢ ᠣᠶᠢᠷᠠᠲᠤᠵᠤ᠂ ᠠᠮᠢᠳᠤᠷᠠᠯ ᠲᠠᠢ ᠣᠶᠢᠷᠠᠲᠤᠵᠤ᠂ ᠣᠯᠠᠨ ᠲᠦᠮᠡᠨ ᠲᠠᠢ ᠣᠶᠢᠷᠠᠳᠴᠤ᠂ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠵᠦ᠂ ᠳᠤᠮᠳᠠᠳᠤ ᠤᠯᠤᠰ ᠤᠨ ᠭᠤᠸ᠎ᠠ ᠦᠵᠡᠰᠭᠦᠯᠡᠩ ᠢ ᠢᠯᠡᠷᠡᠭᠦᠯᠵᠦ᠂ ᠦᠨᠡᠨ ᠰᠠᠶᠢᠨ ᠰᠠᠶᠢᠬᠠᠨ ᠢ ᠢᠯᠡᠳᠬᠡᠵᠦ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠶ ᠃ ᠳᠦᠷᠢ ᠲᠥᠷᠬᠦ ᠶᠢᠨ ᠤᠬᠠᠭᠤᠯᠭ᠎ᠠ ᠶᠢᠨ ᠹᠢᠯᠢᠮ᠂ ᠠᠵᠢᠯ ᠲᠥᠷᠥᠯ ᠤᠨ ᠬᠠᠷᠢᠭᠤ ᠮᠡᠳᠡᠭᠦᠯᠦᠯᠲᠡ ᠶᠢᠨ ᠹᠢᠯᠢᠮ ᠪᠠ ᠬᠤᠭᠤᠰᠤᠨ ᠥᠩᠭᠡ ᠦᠵᠡᠮᠵᠢ ᠶᠢᠨ ᠹᠢᠯᠢᠮ ᠠᠴᠠ ᠵᠠᠶᠢᠯᠠᠰᠬᠢᠨ᠎ᠡ᠃ ᠭᠤᠣᠯᠳᠠᠭᠤ ᠳᠣᠣᠷᠠᠬᠢ ᠠᠭᠤᠯᠭ᠎ᠠ ᠶᠢᠨ ᠲᠣᠭᠤᠷᠢᠨ ᠳᠤ ᠪᠦᠲᠦᠭᠡᠯ ᠡᠯᠰᠡᠨ᠎ᠡ᠄        ︵ᠨᠢᠭᠡ︶ ᠡᠶ᠎ᠡ ᠵᠣᠬᠢᠴᠠᠯ ᠤᠨ ᠪᠦᠲᠦᠭᠡᠯ᠄ ᠪᠦᠯᠬᠦᠮᠳᠡᠯ ᠲᠠᠢ ᠡᠶ᠎ᠡ ᠵᠣᠬᠢᠴᠠᠯ ᠲᠠᠢ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠨ᠎ᠠᠳᠤᠮᠳᠠᠳᠤ ᠶᠢᠨ ᠬᠦᠪᠡᠭᠦᠳ ᠥᠬᠢᠳ ᠰᠡᠳᠬᠢᠯ ᠵᠢᠷᠦᠬᠡ ᠪᠠᠨ ᠬᠤᠯᠪᠣᠵᠤ᠂ ᠪᠦᠯᠬᠦᠮᠳᠡᠯ ᠲᠠᠢ ᠡᠶ᠎ᠡ ᠵᠣᠬᠢᠴᠠᠯ ᠲᠠᠢ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠨ᠎ᠠ᠃ ᠤᠷᠤᠯᠳᠤᠭᠠᠨ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠠᠨᠠᠷ ᠤᠨ ᠦᠷ᠎ᠡ ᠰᠢᠭ ᠨᠢᠭᠲᠠ ᠪᠦᠯᠬᠦᠮᠳᠡᠯ ᠢ ᠢᠯᠡᠷᠡᠭᠦᠯᠵᠦ᠂ ᠬᠥᠭᠵᠢᠯ ᠪᠠᠳᠠᠷᠠᠯ ᠤᠨ ᠢᠷᠠᠭᠤ ᠠᠯᠳᠠᠷ ᠢ ᠬᠠᠮᠲᠤ ᠪᠠᠷ ᠡᠳ᠋ᠯᠡᠵᠦ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤ ᠪᠠᠷ ᠰᠦᠪᠡᠭᠴᠢᠯᠡᠵᠦ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠭᠰᠡᠨ ᠦᠯᠢᠭᠡᠷ ᠢ ᠶᠠᠷᠢᠨ᠎ᠠ᠃        ︵ᠬᠤᠶᠠᠷ︶ ᠭᠤᠸ᠎ᠠ ᠰᠠᠶᠢᠬᠠᠨ ᠤ ᠪᠦᠲᠦᠭᠡᠯ᠄ ᠦᠵᠡᠰᠬᠦᠯᠡᠩᠲᠦ ᠰᠠᠶᠢᠬᠠᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠬᠠᠮᠲᠤ ᠪᠠᠷ ᠴᠣᠭᠴᠠᠯᠠᠨ᠎ᠠ        ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠰᠢᠨ᠎ᠡ ᠪᠠᠶᠢᠷᠢᠰᠢᠯ ᠢ ᠬᠠᠮᠲᠤ ᠪᠠᠷ ᠴᠣᠭᠴᠠᠯᠠᠨ᠎ᠠ᠃ ᠤᠷᠤᠯᠳᠤᠭᠠᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠭᠤᠸ᠎ᠠ ᠰᠠᠶᠢᠬᠠᠨ ᠢ ᠲᠡᠮᠳᠡᠭᠯᠡᠵᠦ᠂ ᠪᠣᠯᠪᠠᠰᠤᠨ ᠳᠠᠪᠰᠢᠩᠭᠤᠢ ᠰᠣᠶᠣᠯ ᠢᠷᠭᠡᠨᠰᠢᠯ ᠤᠨ ᠭᠡᠷᠡᠯ ᠭᠢᠯᠪᠠᠭ᠎ᠠ ᠶᠢ ᠢᠯᠡᠷᠡᠭᠦᠯᠵᠦ᠂ ᠭᠡᠷᠡᠯ ᠰᠠᠴᠤᠷᠠᠩᠭᠤᠢ ᠤᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠵᠢᠷᠤᠭᠯᠠᠨ᠎ᠠ᠃        ︵ᠭᠤᠷᠪᠠ︶ ᠰᠣᠶᠣᠯ ᠤᠨ ᠪᠦᠲᠦᠭᠡᠯ᠄ ᠤᠯᠠᠮᠵᠢᠯᠠᠯᠲᠤ ᠰᠣᠶᠣᠯ ᠤᠨ ᠰᠢᠨ᠎ᠡ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠎ᠡᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠵᠤ᠂ ᠰᠣᠩᠭᠤᠳᠠᠭ ᠰᠣᠶᠣᠯ᠂ ᠦᠨᠳᠦᠰᠦᠲᠡᠨ ᠤ ᠤᠷ᠎ᠠ ᠮᠡᠷᠭᠡᠰᠢᠯ ᠤᠨ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠲᠠᠩᠰᠤᠭ ᠰᠠᠶᠢᠬᠠᠨ ᠦᠨᠳᠦᠰᠦᠲᠡᠨ ᠤ ᠰᠣᠶᠣᠯ ᠤᠨ ᠵᠢᠷᠤᠭ ᠳᠦᠷᠰᠦ ᠶᠢ ᠵᠢᠷᠤᠭᠯᠠᠵᠤ᠂ ᠰᠣᠶᠣᠯ ᠤᠨ ᠬᠦᠴᠦᠷᠬᠡᠭ ᠤᠯᠤᠰ ᠲᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃        ︵ᠲᠦᠷᠪᠡ︶ ᠡᠷᠡᠯᠬᠡᠭᠯᠡᠨ ᠤᠷᠤᠭᠰᠢᠯᠠᠬᠤ ᠶᠢᠨ ᠪᠦᠲᠦᠭᠡᠯ᠄ ᠡᠷᠡᠮᠡᠬᠡᠶᠢᠯᠡᠨ ᠤᠷᠤᠭᠰᠢᠯᠠᠬᠤ ᠰᠢᠨ᠎ᠡ ᠬᠠᠭᠤᠳᠠᠰᠤ ᠶᠢ ᠬᠠᠮᠲᠤ ᠪᠠᠷ ᠴᠣᠭᠴᠠᠯᠠᠨ᠎ᠠᠲᠡᠮᠡᠴᠡᠭᠴᠢ ᠰᠢᠨ᠎ᠡ ᠴᠠᠭ ᠦᠶ᠎ᠡ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠭᠡᠷᠡᠯ ᠰᠠᠴᠤᠷᠠᠩᠭᠤᠢ ᠬᠠᠭᠤᠳᠠᠰᠤ ᠶᠢ ᠬᠠᠮᠲᠤ ᠳᠤ ᠴᠣᠭᠴᠠᠯᠠᠨ᠎ᠠ᠃ ᠤᠷᠤᠯᠳᠤᠭᠠᠨ ᠨᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠵᠣᠯ ᠵᠢᠷᠭᠠᠯᠲᠤ ᠭᠡᠷ ᠣᠷᠣᠨ ᠢ ᠪᠦᠲᠦᠭᠡᠨ ᠪᠠᠶᠢᠭᠤᠯᠬᠤ ᠦᠨᠡᠨ ᠪᠣᠳᠠᠲᠠᠶ ᠭᠱᠠᠨ ᠵᠠᠭᠤᠷ᠎ᠠ ᠶᠢ ᠪᠠᠷᠢᠵᠤ᠂ ᠪᠦᠬᠦ ᠤᠯᠤᠰ ᠤᠨ ᠡᠯ᠎ᠡ ᠠᠵᠢᠯ ᠲᠥᠷᠥᠯ ᠤᠨ ᠲᠡᠮᠡᠴᠡᠭᠴᠢᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠴᠠᠭ ᠦᠶ᠎ᠡ ᠶᠢᠨ ᠬᠤᠪᠢᠷᠠᠯᠲᠠ ᠶᠢ ᠭᠡᠷᠡᠴᠢᠯᠡᠵᠦ᠂ ︽ᠲᠡᠮᠡᠴᠡᠯᠲᠦ ᠳᠤᠮᠳᠠᠳᠤ ᠤᠯᠤᠰ︾ ᠤᠨ ᠬᠠᠶᠢᠷ᠎ᠠ ᠬᠠᠯᠠᠮᠵᠢ ᠶᠢᠨ ᠬᠦᠴᠦᠨ ᠢ ᠳᠠᠮᠵᠢᠭᠤᠯᠤᠨ᠎ᠠ᠃        ᠭᠤᠷᠪᠠ᠂ ᠪᠦᠲᠦᠭᠡᠯ ᠡᠯᠰᠡᠬᠦ        ᠤᠷᠤᠯᠳᠤᠭᠠᠨ ᠨᠢ ᠪᠦᠬᠦ ᠤᠯᠤᠰ ᠵᠢᠴᠢ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠤᠯᠤᠰ ᠤᠨ ᠣᠬᠤᠷ ᠸᠢᠳᠢᠤ᠋ ᠶᠢᠨ ᠵᠣᠬᠢᠶᠠᠨ ᠪᠦᠲᠦᠭᠡᠯᠭᠡ ᠶᠢᠨ ᠪᠠᠭ᠋ᠠᠲᠠᠳ ᠪᠠᠶᠢᠵᠤ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠲᠦᠭᠡᠯ ᠡᠯᠰᠡᠬᠦ ᠳᠤ ᠬᠤᠪᠢ ᠬᠥᠮᠦᠨ᠂ ᠪᠦᠯᠬᠦᠮ᠂ ᠺᠣᠮᠫᠠᠨᠢ᠂ ᠨᠢᠭᠡᠴᠢ ᠵᠡᠷᠭᠡ ᠬᠡᠯᠪᠡᠷᠢ ᠪᠠᠷ ᠤᠷᠤᠯᠳᠤᠭᠠᠨ ᠳᠤ ᠣᠷᠣᠯᠴᠠᠬᠤ ᠪᠠ ᠪᠠᠲᠤᠯᠠᠨ ᠲᠠᠨᠢᠯᠴᠠᠭᠤᠯᠵᠤ ᠪᠣᠯᠤᠨ᠎ᠠ᠃ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠨᠢ ᠤᠤᠭᠠᠯ ᠪᠦᠲᠦᠭᠡᠯ᠂ ᠬᠡᠯᠪᠡᠷᠢ ᠨᠢ ᠰᠢᠨ᠎ᠡ ᠰᠡᠪᠡᠭᠦᠨ ᠪᠠᠶᠢᠵᠤ᠂ ᠰᠦᠯᠵᠢᠶᠡᠨ ᠤ ᠳᠠᠮᠵᠢᠭᠤᠯᠭ᠎ᠠ ᠶᠢᠨ ᠣᠨᠴᠠᠯᠢᠭ ᠲᠠᠢ ᠨᠡᠶᠢᠴᠡᠵᠦ᠂ ᠬᠤᠯᠠᠭᠠᠶᠢᠯᠠᠬᠤ ᠬᠠᠭᠤᠯᠬᠤ ᠴᠢᠩᠭ᠎ᠠ ᠬᠤᠷᠢᠭᠯᠠᠬᠤ ᠶᠢᠨ ᠬᠠᠮᠲᠤ 2023 ᠣᠨ ᠤ 5 ᠳ᠋ᠤᠭᠠᠷ ᠰᠠᠷ᠎ᠠ ᠠᠴᠠ ᠰᠡᠭᠦᠯᠡᠷᠬᠢ ᠪᠦᠲᠦᠭᠡᠯ ᠪᠠᠶᠢᠵᠤ᠂  ᠴᠠᠭ ᠤᠨ ᠤᠷᠲᠤ ᠨᠢ 1 ᠮᠢᠨᠦ᠋ᠲ ᠠᠴᠠ ᠣᠬᠤᠷ᠂ 10 ᠮᠢᠨᠦ᠋ᠲ ᠠᠴᠠ ᠤᠷᠲᠤ ᠪᠠᠶᠢᠵᠤ ᠪᠣᠯᠬᠤ ᠦᠭᠡᠢ᠃        ︵ᠨᠢᠭᠡ︶ ᠮᠡᠷᠭᠡᠵᠢᠯ ᠤᠨ ᠠᠭᠤᠯᠭ᠎ᠠ ᠶᠢᠨ ᠱᠠᠭᠠᠷᠳᠠᠯᠭ᠎ᠠ        ᠸᠢᠳᠢᠤ᠋ ᠶᠢᠨ ᠬᠡᠯᠪᠡᠷᠢ ᠨᠢ MP4᠂ MOV᠂ MPG ᠪᠠᠶᠢᠵᠤ᠂ ᠬᠥᠨᠳᠡᠯᠡᠨ ᠪᠣᠰᠤᠭ᠎ᠠ ᠳᠡᠯᠭᠡᠴᠡ ᠶᠢᠨ ᠬᠡᠯᠪᠡᠷᠢ ᠶᠢ ᠳᠡᠮᠵᠢᠨ᠎ᠡ᠂ ᠢᠯᠭᠠᠯᠲᠠ ᠶᠢᠨ ᠨᠣᠷᠮ᠎ᠠ  ᠨᠢ 1920* 1080 ︵ᠬᠥᠨᠳᠡᠯᠡᠨ ᠳᠡᠯᠭᠡᠴᠡ︶᠂ 1080*1920 ︵ᠪᠣᠰᠤᠭ᠎ᠠ ᠳᠡᠯᠭᠡᠴᠡ︶ ᠠᠴᠠ ᠳᠣᠣᠷ᠎ᠠ ᠪᠠᠶᠢᠵᠤ ᠪᠣᠯᠬᠤ ᠦᠭᠡᠢ᠂ ᠹᠷᠠᠮ ᠤᠨ ᠬᠤᠷᠳᠤᠴᠠ ᠨᠢ 25 ᠹᠷᠠᠮ / ᠰᠧᠺᠦ᠋ᠨ᠋ᠳ᠋ ᠠᠴᠠ ᠳᠣᠣᠷ᠎ᠠ ᠪᠠᠶᠢᠵᠤ ᠪᠣᠯᠬᠤ ᠦᠭᠡᠢ᠃ ᠡᠬᠡ ᠪᠢᠴᠢᠭ ᠬᠦᠷᠭᠡᠬᠦ ᠸᠢᠳᠢᠣ᠋ ᠳᠤ ᠥᠨᠴᠥᠭ ᠤᠨ ᠲᠡᠮᠳᠡᠭ ᠲᠠᠢ ᠤᠰᠤᠨ ᠲᠠᠮᠠᠭ᠎ᠠ ᠦᠭᠡᠢ ᠪᠠᠶᠢᠬᠤ ᠶᠢ ᠱᠠᠭᠠᠷᠳᠠᠵᠤ᠂ ᠵᠠᠷ ᠮᠡᠳᠡᠭᠡᠨ ᠤ ᠰᠡᠵᠢᠭᠯᠡᠯ ᠦᠭᠡᠢ᠂ ᠦᠰᠦᠭ ᠤᠨ ᠳᠡᠯᠭᠡᠴᠡ ᠶᠢᠨ ᠬᠠᠷᠭᠤᠭᠤᠯᠤᠯ ᠨᠢ ᠵᠥᠪ ᠣᠨᠣᠪᠴᠢᠲᠠᠢ ᠠᠯᠳᠠᠭ᠎ᠠ ᠦᠭᠡᠢ ᠪᠠᠶᠢᠵᠤ᠂ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠠᠳᠠᠯᠢ ᠬᠤᠭᠤᠴᠠᠭᠠᠨ ᠤ ᠥᠰᠥᠭ ᠤᠨ ᠲᠢᠭ ᠨᠢ ᠢᠯᠡ ᠲᠣᠳᠣ ᠪᠠᠶᠢᠬᠤ ᠶᠢ ᠱᠠᠭᠠᠷᠳᠠᠨ᠎ᠠ᠃        ︵ᠬᠤᠶᠠᠷ︶ ᠬᠡᠪᠯᠡᠯ ᠤᠨ ᠡᠷᠬᠡ ᠶᠢᠨ ᠱᠠᠭᠠᠷᠳᠠᠯᠭ᠎ᠠ        ᠤᠷᠤᠯᠳᠤᠭᠠᠨ ᠳᠤ ᠣᠷᠣᠯᠴᠠᠬᠤ ᠸᠢᠳᠢᠤ᠋ ᠶᠢᠨ ᠪᠦᠲᠦᠭᠡᠯ ᠤᠨ ᠠᠭᠤᠯᠭ᠎ᠠ ᠨᠢ ᠤᠤᠭᠠᠯ ᠪᠦᠲᠦᠭᠡᠯ ᠪᠠᠶᠢᠵᠤ᠂ ᠬᠤᠯᠠᠭᠠᠶᠢᠯᠠᠬᠤ᠂ ᠬᠠᠭᠤᠯᠬᠤ ᠶᠢ ᠴᠢᠩᠭ᠎ᠠ ᠬᠤᠷᠢᠭᠯᠠᠵᠤ᠂ ᠥᠩᠭᠡᠷᠡᠭᠰᠡᠨ ᠬᠤᠭᠤᠴᠠᠭᠠᠨ ᠤ ︽ᠭᠤᠷᠪᠠᠨ ᠰᠠᠷ᠎ᠠ ᠶᠢᠨ ᠭᠤᠷᠪᠠᠨ︾ ᠰᠦᠯᠵᠢᠶᠡᠨ ᠤ ᠣᠬᠤᠷ ᠸᠢᠳᠢᠤ᠋ ᠶᠢᠨ ᠤᠷᠤᠯᠳᠤᠭᠠᠨ ᠳᠤ ᠡᠬᠡ ᠪᠢᠴᠢᠭ ᠥᠭᠭᠦᠭᠰᠡᠨ ᠣᠬᠤᠷ ᠸᠢᠳᠢᠣ᠋ ᠪᠠᠷ ᠳᠠᠪᠬᠤᠷᠳᠠᠭᠤᠯᠤᠨ ᠣᠷᠣᠯᠴᠠᠬᠤ ᠶᠢ ᠴᠢᠩᠭ᠎ᠠ ᠬᠤᠷᠢᠭᠯᠠᠨ᠎ᠠ︔ ᠭᠤᠣᠯᠯᠠᠨ ᠡᠷᠬᠢᠯᠡᠬᠦ ᠲᠠᠯ᠎ᠠ ᠶᠢᠨ ᠬᠢᠨ ᠤᠷᠤᠯᠳᠤᠭᠠᠨ ᠳᠤ ᠣᠷᠣᠯᠴᠠᠬᠤ ᠪᠤᠢ ᠪᠦᠬᠦᠢ ᠪᠦᠲᠦᠭᠡᠯ ᠳᠤ ᠬᠡᠷᠡᠭᠯᠡᠬᠦ ᠡᠷᠬᠡ ᠲᠠᠢ ᠪᠠᠶᠢᠵᠤ᠂ ᠤᠬᠠᠭᠤᠯᠬᠤ᠂ ᠳᠡᠯᠭᠡᠷᠡᠭᠦᠯᠬᠦ᠂ ᠳᠡᠯᠭᠡᠨ ᠨᠡᠪᠲᠡᠷᠡᠭᠦᠯᠬᠦ ᠵᠡᠷᠭᠡ ᠬᠡᠷᠡᠭᠴᠡᠭᠡ ᠳᠤ ᠬᠡᠷᠡᠭᠯᠡᠵᠦ᠂ ᠤᠷᠤᠯᠳᠤᠭᠠᠨ ᠳᠤ ᠣᠷᠣᠯᠴᠠᠬᠤ ᠵᠣᠬᠢᠶᠠᠭᠴᠢ ᠨᠡᠷ᠎ᠡ ᠪᠢᠴᠢᠬᠦ ᠡᠷᠬᠡ ᠲᠠᠢ᠃ ᠳᠡᠭᠡᠷᠡᠬᠢ ᠠᠭᠤᠯᠭ᠎ᠠ ᠶᠢᠨ ᠲᠠᠶᠢᠯᠪᠤᠷᠢᠯᠠᠬᠤ ᠡᠷᠬᠡ ᠨᠢ ᠤᠷᠤᠯᠳᠤᠭᠠᠨ ᠤ ᠭᠤᠣᠯ ᠡᠷᠬᠢᠯᠡᠨ ᠭᠦᠢᠴᠡᠳᠭᠡᠬᠦ ᠲᠠᠯ᠎ᠠ ᠳᠤ ᠥᠮᠴᠢᠯᠡᠭᠳᠡᠨ᠎ᠡ᠃        ᠵᠣᠬᠢᠶᠠᠯ ᠪᠦᠲᠦᠭᠡᠯ ᠤᠨ ᠵᠣᠬᠢᠶᠠᠨ ᠪᠦᠲᠦᠭᠡᠯᠭᠡ ᠨᠢ ᠲᠠᠪᠤᠳᠤᠭᠠᠷ ᠬᠤᠭᠤᠴᠠᠭᠠᠨ ᠤ ︽ᠭᠤᠷᠪᠠᠨ ᠰᠠᠷ᠎ᠠ ᠶᠢᠨ ᠭᠤᠷᠪᠠᠨ︾ ᠰᠦᠯᠵᠢᠶᠡᠨ ᠤ ᠣᠬᠤᠷ ᠸᠢᠳᠢᠤ᠋ ᠤᠷᠤᠯᠳᠤᠭᠠᠨ ᠤ ᠰᠢᠯᠢᠳᠡᠭ ᠪᠦᠲᠦᠭᠡᠯ ᠢᠶᠠᠷ ᠯᠠᠪᠯᠠᠯᠲᠠ ᠪᠣᠯᠭᠠᠵᠤ ᠪᠣᠯᠤᠨ᠎ᠠ᠃        PC ᠦᠵᠦᠭᠦᠷ᠄https://zt.gxtv.cn/web/special/2023sysshortvideo/index.html#/        ᠭᠠᠷ ᠤᠲᠠᠰᠤᠨ ᠤ ᠦᠵᠦᠭᠦᠷ᠄https://h5.gxtv.cn/html/article/wapArticle.html?dataSource=0&objId=eb6e3dfa62094f67a76c6648820c3747        ᠳᠥᠷᠪᠡ᠂ ᠪᠦᠲᠦᠭᠡᠯ ᠢ ᠮᠡᠳᠡᠭᠦᠯᠦᠨ ᠬᠦᠷᠭᠡᠬᠦ        ︵ᠨᠢᠭᠡ︶ ᠢᠮᠧᠯ        ᠡᠬᠡ ᠪᠢᠴᠢᠭ ᠢᠯᠡᠭᠡᠬᠦ ᠪᠠᠶᠢᠭᠤᠯᠤᠮᠵᠢ ᠪᠤᠶᠤ ᠬᠤᠪᠢ ᠬᠥᠮᠦᠨ 2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠬᠠᠮᠢᠶ᠎ᠠ ᠪᠥᠬᠦᠶ ᠮᠠᠲ᠋ᠧᠷᠢᠶᠠᠯ᠂ ᠪᠦᠲᠦᠭᠡᠯ ᠤᠨ ᠸᠢᠳᠢᠤ᠋᠂ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠳᠡᠩᠰᠡᠯᠡᠯᠲᠡ ᠶᠢᠨ ᠬᠦᠰᠦᠨᠦᠭᠲᠦ ︵ᠡᠯᠧᠺᠲᠷᠣᠨ ᠪᠢᠴᠢᠭᠯᠡᠯ ᠵᠢᠴᠢ ᠭᠠᠷ ᠤᠨ ᠥᠰᠥᠭ ᠵᠢᠷᠤᠵᠤ ᠲᠠᠮᠠᠭ᠎ᠠ ᠳᠠᠷᠤᠵᠤ ᠰᠢᠷᠪᠢᠭᠰᠡᠨ ᠮᠠᠲ᠋ᠧᠷᠢᠶᠠᠯ︶᠂ ᠬᠡᠪᠯᠡᠯ ᠤᠨ ᠡᠷᠬᠡ ᠶᠢᠨ ᠠᠮᠠᠯᠠᠯᠲᠠ ᠶᠢᠨ ᠪᠢᠴᠢᠭ ︵ᠭᠠᠷ ᠤᠨ ᠥᠰᠥᠭ ᠵᠢᠷᠤᠵᠤ ᠲᠠᠮᠠᠭ᠎ᠠ ᠳᠠᠷᠤᠵᠤ ᠰᠢᠷᠪᠢᠭᠰᠡᠨ ᠮᠠᠲ᠋ᠧᠷᠢᠶᠠᠯ︶ ᠢᠶᠠᠨ syswldspds@163.com ︵︽ᠭᠤᠷᠪᠠᠨ ᠰᠠᠷ᠎ᠠ ᠶᠢᠨ ᠭᠤᠷᠪᠠᠨ ᠰᠦᠯᠵᠢᠶᠡᠨ ᠤ ᠣᠬᠤᠷ ᠸᠢᠳᠢᠣ᠋ ᠶᠢᠨ ᠤᠷᠤᠯᠳᠤᠭᠠᠨ︾ ᠤ ᠲᠦᠷᠦᠭᠦᠤ ᠭᠠᠯᠢᠭ ᠤᠨ ᠲᠣᠪᠴᠢᠯᠠᠭᠰᠠᠨ ᠪᠢᠴᠢᠯᠭᠡ︶ ᠳᠤ ᠶᠠᠪᠤᠭᠤᠯᠵᠤ᠂ ᠰᠢᠤᠳᠠᠨ ᠤ ᠵᠦᠢᠯ ᠵᠢᠴᠢ ᠳᠠᠭᠠᠯᠳᠤᠭᠤᠯᠤᠯ ᠢᠶᠠᠨ ᠵᠢᠷᠤᠮᠵᠢᠯ ᠢᠶᠠᠷ ︽ᠨᠢᠭᠡᠴᠢ ᠨᠡᠷ᠎ᠡ / ᠬᠤᠪᠢ ᠬᠥᠮᠦᠨ ᠤ ᠣᠪᠣᠭ ᠨᠡᠷ᠎ᠡ + ᠪᠦᠲᠦᠭᠡᠯ ᠤᠨ ᠭᠠᠷᠴᠠᠭ︾ ᠭᠡᠵᠦ ᠨᠡᠷᠡᠶᠢᠳᠦᠨ᠎ᠡ᠃ ᠸᠢᠳᠢᠤ᠋ ᠮᠠᠲ᠋ᠧᠷᠢᠶᠠᠯ ᠨᠢ ᠬᠡᠲᠦ ᠲᠣᠮᠣ ᠢᠮᠧᠯ ᠢᠶᠠᠷ ᠬᠦᠷᠭᠡᠬᠦ ᠶᠢᠨ ᠠᠷᠭ᠎ᠠ ᠦᠭᠡᠢ ᠪᠣᠯ ᠲᠣᠣᠷ ᠳ᠋ᠢᠰᠺ ᠲᠤ ᠶᠠᠪᠤᠭᠤᠯᠵᠤ᠂ ᠰᠢᠤᠳᠠᠨ ᠤ ᠵᠦᠢᠯ ᠳᠤ ᠲᠣᠣᠷ ᠳ᠋ᠢᠰᠺ ᠴᠥᠷᠬᠡᠯᠡᠬᠦ ᠪᠠ ᠭᠠᠷᠭᠠᠨ ᠠᠪᠬᠤ ᠺᠣᠳ᠋ ᠳᠠᠭᠠᠯᠳᠤᠭᠤᠯᠤᠨ᠎ᠠ᠃ ᠪᠠᠰᠠ ᠮᠠᠲ᠋ᠧᠷᠢᠶᠠᠯ ᠢ ᠤᠷᠤᠯᠳᠤᠭᠠᠨ ᠤ ᠳᠠᠭᠠᠭᠠᠨ ᠡᠷᠬᠢᠯᠡᠬᠦ ᠡᠲᠡᠭᠡᠳ ᠲᠤ ᠬᠦᠷᠭᠡᠬᠦ ᠬᠡᠯᠪᠡᠷᠢ ᠪᠠᠷ ᠤᠷᠤᠯᠳᠤᠭᠠᠨ ᠳᠤ ᠣᠷᠣᠯᠴᠠᠵᠤ ᠪᠣᠯᠤᠨ᠎ᠠ᠃        ︵ᠬᠤᠶᠠᠷ︶ ᠰᠢᠨ᠎ᠡ ᠵᠠᠭᠤᠴᠢᠯᠠᠭᠤᠷ        ᠲᠢᠺ ᠲᠣᠺ᠂ ᠪᠢᠴᠢᠯ ᠪᠦᠷᠬᠡ᠂ ᠸᠢᠳᠢᠤ᠋ ᠲᠠᠪᠴᠠᠩ ᠳᠤ ᠣᠷᠣᠯᠴᠠᠭᠰᠠᠨ ᠪᠦᠲᠦᠭᠡᠯ ᠨᠢ ᠬᠤᠪᠢ ᠬᠥᠮᠦᠨ ᠪᠤᠶᠤ ᠪᠦᠯᠬᠦᠮ ᠨᠡᠶᠢᠲᠡ ᠶᠢᠨ ᠲᠢᠺ ᠲᠣᠺ ᠤᠨ ᠨᠡᠷ᠎ᠡ ᠪᠠᠷ ᠡᠬᠡ ᠪᠢᠴᠢᠭ ᠥᠭᠴᠦ ᠪᠣᠯᠤᠨ᠎ᠠ᠃ ᠪᠦᠲᠦᠭᠡᠯ ᠳᠠᠭᠤᠰᠤᠭᠰᠠᠨ ᠤ ᠳᠠᠷᠠᠭ᠎ᠠ ᠲᠢᠺ ᠲᠣᠺ᠂ ᠪᠢᠴᠢᠯ ᠪᠥᠷᠬᠡ᠂ ᠸᠢᠳᠢᠤ᠋ ᠲᠠᠪᠴᠠᠩ ᠳᠤ ᠳᠠᠮᠵᠢᠭᠤᠯᠤᠨ᠂ ᠶᠠᠷᠢᠶᠠᠨ ᠤ ᠰᠡᠳᠦᠪ ᠢ ᠨᠡᠮᠡᠬᠦ # ᠵᠢᠷᠭᠤᠳᠤᠭᠠᠷ ᠬᠤᠭᠤᠴᠠᠭᠠᠨ ᠤ ︽ᠭᠤᠷᠪᠠᠨ ᠰᠠᠷ᠎ᠠ ᠶᠢᠨ ᠭᠤᠷᠪᠠᠨ︾ ᠰᠦᠯᠵᠢᠶᠡᠨ ᠤ ᠣᠬᠤᠷ ᠸᠢᠳᠢᠤ᠋ ᠶᠢᠨ ᠤᠷᠤᠯᠳᠤᠭᠠᠨ ᠤ ᠬᠠᠮᠲᠤ ᠪᠠᠰᠠ @ ᠭᠤᠸᠠᠩᠰᠢ  ᠶᠢᠨ ᠬᠤᠲᠠ ᠰᠤᠪᠠᠭ ︵ᠲᠢᠺ ᠲᠣᠺ ᠤᠨ ᠨᠣᠮᠧᠷ / ᠪᠢᠴᠢᠯ ᠪᠦᠷᠭᠡ / ᠸᠢᠳᠢᠤ᠋ ᠳᠠᠪᠴᠠᠩ ᠤᠨ ᠨᠣᠮᠧᠷ︶ ᠢ ᠨᠡᠮᠡᠵᠦ᠂ ᠤᠷᠤᠰᠬᠠᠯ ᠤᠨ ᠬᠡᠮᠵᠢᠶ᠎ᠡ ᠪᠠᠷ ᠬᠠᠮᠤᠭ ᠤᠨ ᠶᠡᠭᠡ ᠪᠦᠲᠦᠭᠡᠯ ︵ᠲᠤᠰ ᠰᠡᠳᠦᠪ  ᠢ ᠨᠡᠮᠡᠭᠰᠡᠨ ᠦᠭᠡᠢ ᠪᠠ @ ᠭᠤᠸᠠᠩᠰᠢ ᠶᠢᠨ ᠬᠤᠲᠠ ᠰᠤᠪᠠᠭ ᠢ ᠨᠡᠮᠡᠭᠰᠡᠨ ᠦᠭᠡᠢ ᠪᠦᠲᠦᠭᠡᠯ ᠢ ᠴᠥᠮ ᠣᠷᠣᠯᠴᠠᠭᠰᠠᠨ ᠦᠭᠡᠢ ᠪᠠᠷ ᠪᠣᠳᠤᠨ᠎ᠠ︶ ᠢ ᠰᠣᠩᠭᠤᠨ᠎ᠠ᠃        ᠤᠷᠤᠯᠳᠤᠭᠠᠨ ᠤ ᠮᠠᠲ᠋ᠧᠷᠢᠶᠠᠯ ᠢ ᠢᠯᠡᠭᠡᠬᠦ ᠬᠠᠶ᠋ᠢᠭ᠄ ᠭᠤᠸᠠᠩᠰᠢ ᠶᠢᠨ ᠨᠠᠨᠨᠢᠩ ᠬᠤᠲᠠ ᠶᠢᠨ ᠦᠨᠳᠦᠰᠦᠲᠡᠨ ᠶᠡᠭᠡ ᠵᠠᠮ ᠤᠨ 73 ᠳ᠋ᠤᠭᠠᠷ ᠨᠣᠮᠧᠷᠲᠤ ᠭᠤᠸᠠᠩᠰᠢ ᠶᠢᠨ ᠷᠠᠳᠢᠣ᠋ ᠲᠧᠯᠸᠢᠰ ᠬᠤᠷᠢᠶᠠᠨ ᠤ ᠬᠤᠲᠠ‌‍ᠰᠤᠪᠠᠭ᠂ ᠰᠢᠤᠳᠠᠨ ᠳ᠋ᠤᠭᠠᠷ᠄ 530022         ᠲᠢᠺ ᠲᠣᠺ᠂ ᠪᠢᠴᠢᠯ ᠪᠦᠷᠭᠡ᠂ ᠸᠢᠳᠢᠤ᠋ ᠲᠠᠪᠴᠠᠩ ᠢᠶᠠᠷ ᠤᠷᠤᠯᠳᠤᠭᠠᠨ ᠳᠤ ᠣᠷᠣᠯᠴᠠᠬᠤ ᠳᠤ ᠯᠠᠪᠯᠠᠬᠤ ᠴᠢᠬᠤᠯᠠ ᠲᠠᠢ ᠪᠣᠯ @ ᠭᠤᠸᠠᠩᠰᠢ ᠶᠢᠨ ᠬᠤᠲᠠ ᠰᠤᠪᠠᠭ ᠲᠤ ᠦᠭᠡ ᠦᠯᠡᠳᠡᠭᠡᠭᠡᠷᠡᠢ᠃        ᠠᠰᠠᠭᠤᠨ ᠯᠠᠪᠯᠠᠬᠤ ᠤᠲᠠᠰᠤ᠄ ᠰᠦᠨ ᠰᠢᠶᠣᠣ ᠯᠢ᠂ ᠯᠢᠶᠣᠣ ᠰᠢᠤᠸᠠᠢ ᡁᠢ᠂ ᠤᠲᠠᠰᠤ᠄ 0771 — 219683᠃        ᠲᠠᠪᠤ᠂ ᠪᠦᠲᠦᠭᠡᠯ ᠤᠨ ᠰᠢᠯᠭᠠᠷᠠᠭᠤᠯᠤᠯᠲᠠ        ᠤᠷᠤᠯᠳᠤᠭᠠᠨ ᠳᠤ ᠲᠣᠰ ᠲᠣᠰ ᠨᠢᠭᠡᠳᠦᠭᠡᠷ ᠳᠡᠰ ᠤᠨ 10 ᠪᠦᠲᠦᠭᠡᠯ᠂ ᠬᠤᠶᠠᠳᠤᠭᠠᠷ ᠳᠡᠰ ᠤᠨ 20 ᠪᠦᠲᠦᠭᠡᠯ᠂ ᠭᠤᠷᠪᠠᠳᠤᠭᠠᠷ ᠳᠡᠰ ᠤᠨ 30 ᠪᠦᠲᠦᠭᠡᠯ᠂ ᠰᠦᠯᠵᠢᠶᠡᠨ ᠤ ᠤᠷᠤᠰᠬᠠᠯ ᠤᠨ ᠬᠡᠮᠵᠢᠶ᠎ᠡ ᠪᠠᠷ ᠶᠡᠭᠡ 10 ᠪᠦᠲᠦᠭᠡᠯ᠂ ᠰᠢᠯᠢᠳᠡᠭ ᠪᠦᠲᠦᠭᠡᠯ 40 ᠵᠢᠴᠢ 30 ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠢ ᠶᠢ ᠲᠣᠬᠢᠷᠠᠭᠤᠯᠵᠤ᠂ ᠪᠠᠶᠢᠳᠠᠯ ᠢ ᠦᠵᠡᠨ ᠣᠨᠴᠠᠭᠠᠶ ᠪᠦᠲᠦᠭᠡᠯ ᠭᠠᠷᠭᠠᠨ᠎ᠠ᠃        ᠰᠢᠯᠢᠳᠡᠭ ᠪᠦᠲᠦᠭᠡᠯ ᠢᠶᠠᠷ ᠦᠨᠡᠯᠡᠭᠳᠡᠭᠰᠡᠨ ᠦᠨᠡᠮᠯᠡᠯ ᠣᠯᠭᠤᠬᠤ ︵ᠲᠠᠪᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠲᠠᠮᠠᠭ᠎ᠠ ᠳᠠᠷᠤᠬᠤ︶ ᠵᠢᠴᠢ ᠪᠡᠯᠡ ᠮᠥᠩᠭᠦ ᠶᠢᠨ ᠲᠡᠳᠬᠦᠮᠵᠢ ᠦᠵᠡᠭᠦᠯᠵᠦ᠂ ᠲᠠᠪᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠦᠵᠡᠵᠦ ᠰᠣᠨᠣᠰᠬᠤ ᠦᠨᠡᠮᠯᠡᠯ ᠲᠠᠢ ᠲᠠᠪᠴᠠᠩ ᠳᠡᠭᠡᠷ᠎ᠡ ᠬᠠᠮᠲᠤᠷᠠᠨ ᠨᠡᠪᠲᠡᠷᠡᠭᠦᠯᠬᠦ ᠶᠢᠨ ᠬᠠᠮᠲᠤ ᠪᠦᠬᠦ ᠤᠯᠤᠰ ᠤᠨ ᠡᠯ᠎ᠡ ᠲᠥᠷᠥᠯ ᠤᠨ ᠰᠢᠯᠭᠠᠷᠠᠭᠤᠯᠬᠤ ᠠᠵᠢᠯᠯᠠᠭ᠎ᠠ ᠳᠤ ᠣᠷᠣᠯᠴᠠᠭᠤᠯᠤᠨ᠎ᠠ᠃        ᠵᠢᠷᠭᠤᠭ᠎ᠠ᠂ ᠠᠵᠢᠯᠯᠠᠭᠠᠨ ᠤ ᠡᠯᠰᠡᠯᠲᠡ ᠪᠠ ᠳᠡᠯᠭᠡᠨ ᠨᠡᠪᠲᠡᠷᠡᠭᠦᠯᠭᠡ        ︵ᠨᠢᠭᠡ︶ ᠡᠯᠰᠡᠬᠦ ᠴᠠᠭ        ᠲᠤᠰ ᠡᠳᠦᠷ ᠠᠴᠠ 4  ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠃        ︵ᠬᠤᠶᠠᠷ︶ ᠳᠡᠯᠭᠡᠨ ᠨᠡᠪᠲᠡᠷᠡᠭᠦᠯᠬᠦ ᠴᠠᠭᠡᠯᠰᠡᠭᠰᠡᠨ ᠡᠳᠦᠷ ᠠᠴᠠ ᠡᠬᠢᠯᠡᠨ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ︵ᠰᠢᠯᠢᠳᠡᠭ ᠢ ᠨᠢ ᠰᠤᠩᠭᠤᠵᠤ ᠨᠡᠪᠲᠡᠷᠡᠭᠦᠯᠬᠦ ᠳᠤ ᠠᠩᠬᠠᠨ ᠤ ᠬᠢᠨᠠᠯᠲᠠ ᠳᠤ ᠪᠠᠲᠤᠯᠠᠭᠳᠠᠭᠰᠠᠨ ᠣᠷᠣᠯᠳᠤᠭᠠᠨ ᠳᠤ ᠣᠷᠣᠯᠴᠠᠭᠰᠠᠨ ᠪᠦᠳᠦᠭᠡᠯ︶        ︵ᠭᠤᠷᠪᠠ︶ ᠠᠯᠪᠠᠨ ᠲᠠᠪᠴᠠᠩ        1.ᠠᠯᠪᠠᠨ ᠰᠦᠯᠵᠢᠶ᠎ᠡ᠄ ᠭᠤᠸᠠᠩᠰᠢ ᠶᠢᠨ ᠰᠦᠯᠵᠢᠶᠡᠨ ᠤ ᠷᠠᠳᠢᠤ᠋ ᠲᠧᠯᠸᠢᠰ ᠬᠤᠷᠢᠶ᠎ᠠ ᠶᠢᠨ ᠰᠦᠯᠵᠢᠶ᠎ᠡ https://www.gxtv.cn        2. ᠭᠠᠷ ᠤᠲᠠᠰᠤ ᠶᠢᠨ APP ᠲᠠᠪᠴᠠᠩ᠄ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ APP᠂ ᠭᠤᠸᠠᠩᠰᠢ ᠶᠢᠨ ᠦᠵᠡᠵᠦ ᠰᠣᠨᠣᠰᠬᠤ APP᠃        3. ᠲᠧᠯᠸᠢᠰ ᠤᠨ ᠳᠡᠯᠭᠡᠨ ᠨᠡᠪᠲᠡᠷᠡᠭᠦᠯᠭᠡ ᠶᠢᠨ ᠲᠠᠪᠴᠠᠩ᠄ ᠭᠤᠸᠠᠩᠰᠢ ᠶᠢᠨ ᠷᠠᠳᠢᠣ᠋ ᠲᠧᠯᠸᠢᠰ ᠬᠤᠷᠢᠶᠠᠨ ᠤ ᠬᠤᠲᠠ ᠰᠤᠪᠠᠭ᠂ ᠭᠤᠸᠠᠩᠰᠢ ᠶᠢᠨ IPTV᠂ ᠭᠤᠸᠠᠩᠰᠢ ᠶᠢᠨ ᠷᠠᠳᠢᠣ᠋ ᠲᠧᠯᠧᠢᠰ ᠤᠨ ᠰᠦᠯᠵᠢᠶᠡᠨ ᠤ ᠰᠢᠶᠤᠤ ᠰᠢᠶᠠᠩ ᠬᠠᠷᠢᠯᠴᠠᠨ ᠬᠥᠳᠡᠯᠦᠯᠴᠡᠯ᠃        4. ᠠᠯᠪᠠᠨ ᠤ ᠲᠢᠺ ᠲᠣᠺ᠂ ᠪᠢᠴᠢᠯ ᠪᠦᠷᠬᠡ᠂ ᠸᠢᠳᠢᠤ᠋ ᠳᠠᠪᠴᠠᠩ ᠤᠨ ᠨᠣᠮᠧᠷ᠄ ᠭᠤᠸᠠᠩᠰᠢ ᠶᠢᠨ ᠬᠤᠲᠠ ᠰᠤᠪᠠᠭ᠃        ︵ᠲᠦᠷᠪᠡ︶ ᠳᠡᠮᠵᠢᠬᠦ ᠲᠠᠪᠴᠠᠩ        1. ᠠᠶ ᠴᠢ ᠢ᠂ ᠶᠢᠦ ᠺᠦ᠋᠂ ᠲᠧᠩ ᠰᠢᠶᠦ᠋ᠨ᠂ ᠲᠢᠺ ᠲᠣᠺ᠂ bibilili᠂ ᠪᠢᠴᠢᠯ ᠪᠦᠷᠬᠡ᠂ ᠹᠧᠩ ᠬᠤᠸᠠᠩ ᠸᠢᠳᠢᠣ᠋᠂ ᠭᠤᠸᠠᠩᠰᠢ ᠶᠦᠨ ᠵᠡᠷᠭᠡ ᠡᠯ᠎ᠡ ᠲᠣᠮᠣ ᠰᠦᠯᠵᠢᠶᠡᠨ ᠤ ᠦᠵᠡᠵᠦ ᠰᠣᠨᠣᠰᠬᠤ ᠲᠠᠪᠴᠠᠩ᠃        2. ᠭᠤᠸᠠᠩᠰᠢ᠂ ᠥᠪᠥᠷ ᠮᠣᠩᠭᠤᠯ᠂ ᠲᠥᠪᠡᠳ᠂ ᠨᠢᠩᠰᠢᠶᠠ᠂ ᠰᠢᠨᠵᠢᠶᠡᠩ ᠤᠨ ᠬᠠᠷᠢᠶ᠎ᠠ ᠲᠣᠭᠤᠷᠢᠭ ᠤᠨ ᠡᠯ᠎ᠡ ᠰᠦᠯᠵᠢᠶᠡᠨ ᠤ ᠦᠵᠡᠵᠦ ᠰᠣᠨᠣᠰᠬᠤ ᠦᠨᠡᠮᠯᠡᠬᠦ ᠪᠦᠬᠦᠢ ᠳᠠᠩᠰᠠᠯᠠᠭᠤᠯᠤᠭᠰᠠᠨ ᠲᠠᠪᠴᠠᠩ᠃ᠳᠣᠯᠤᠭ᠎ᠠ᠂ ᠠᠵᠢᠯ ᠤᠨ ᠱᠠᠭᠠᠷᠳᠠᠯᠭ᠎ᠠᠤᠷᠤᠯᠳᠤᠭᠠᠨ ᠤ ᠨᠥᠯᠥᠭᠡ ᠶᠢ ᠳᠡᠭᠡᠭᠰᠢᠯᠡᠭᠦᠯᠬᠦ ᠶᠢᠨ ᠬᠠᠮᠲᠤ ᠶᠠᠰᠤ ᠴᠢᠨᠠᠷ ᠤᠨ ᠱᠠᠭᠠᠷᠳᠠᠯᠭ᠎ᠠ ᠶᠢ ᠳᠣᠪᠤᠶᠢᠯᠭᠠᠵᠤ᠂ ᠡᠯ᠎ᠡ ᠮᠡᠳᠡᠭᠦᠯᠦᠨ ᠬᠦᠷᠭᠡᠬᠦ ᠨᠢᠭᠡᠴᠢ ᠪᠦᠲᠦᠭᠡᠯ ᠤᠨ ᠢᠶᠠᠨ ᠶᠠᠰᠤ ᠴᠢᠨᠠᠷ ᠢ ᠦᠨᠳᠦᠰᠦᠯᠡᠨ ᠪᠣᠭᠤᠮᠲᠠ ᠶᠢ ᠴᠢᠩᠭ᠎ᠠ ᠠᠳᠬᠤᠵᠤ᠂ ᠰᠢᠯᠢᠳᠡᠭ ᠢ ᠨᠢ ᠰᠣᠩᠭᠤᠵᠤ ᠡᠬᠡ ᠪᠢᠴᠢᠭ ᠥᠭᠭᠦᠨ᠎ᠡ᠃        ︵ᠨᠢᠭᠡ︶ ᠵᠣᠬᠢᠶᠠᠨ ᠪᠠᠶᠢᠭᠤᠯᠵᠤ ᠳᠠᠶᠢᠴᠢᠯᠠᠬᠤ        ᠤᠷᠤᠯᠳᠤᠭᠠᠨ ᠤ ᠡᠯ᠎ᠡ ᠬᠠᠮᠲᠤᠷᠠᠭᠰᠠᠨ ᠭᠤᠤᠯᠯᠠᠨ ᠡᠷᠬᠢᠯᠡᠬᠦ ᠨᠢᠭᠡᠴᠢ᠂ ᠡᠯ᠎ᠡ ᠬᠤᠲᠠ᠂ ᠰᠢᠶᠠᠨ ᠤ ᠲᠣᠪᠴᠢᠶ᠎ᠠ ︵ᠵᠥᠪᠯᠡᠯ︶᠂ ᠡᠯ᠎ᠡ ᠱᠠᠲᠤᠨ ᠤ ᠷᠠᠳᠢᠣ᠋ ᠲᠧᠯᠸᠢᠰ ᠬᠤᠷᠢᠶ᠎ᠠ ︵ᠬᠠᠮ ᠵᠠᠭᠤᠴᠢᠯᠠᠭᠤᠷ ᠤᠨ ᠲᠥᠪ︶᠂ ᠡᠯ᠎ᠡ ᠰᠦᠯᠵᠢᠶᠡᠨ ᠤ ᠦᠵᠡᠵᠦ ᠰᠣᠨᠣᠰᠬᠤ ᠦᠢᠯᠡᠴᠢᠯᠡᠭᠡᠨ ᠤ ᠪᠠᠶᠢᠭᠤᠯᠤᠮᠵᠢ᠂ ᠡᠯ᠎ᠡ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠷᠠᠳᠢᠣ᠋ ᠲᠧᠯᠸᠢᠰ᠂ ᠰᠦᠯᠵᠢᠶ᠎ᠡ᠂ ᠸᠢᠳᠢᠤ᠋ ᠲᠠᠪᠴᠠᠩ ᠤᠨ ᠨᠣᠮᠧᠷ᠂ ᠲᠢᠺ ᠲᠣᠺ ᠵᠡᠷᠭᠡ ᠲᠠᠪᠴᠠᠩ᠂ ᠠᠷᠭ᠎ᠠ ᠵᠠᠮ ᠢᠶᠠᠷ ᠲᠣᠰ ᠮᠡᠳᠡᠭᠳᠡᠯ ᠢ ᠤᠯᠠᠮᠵᠢᠯᠠᠨ ᠲᠠᠷᠬᠠᠭᠠᠵᠤ᠂ ᠥᠷᠭᠡᠨ ᠢᠶᠠᠷ ᠳᠠᠶᠢᠴᠢᠯᠠᠨ᠂ ᠨᠠᠩ ᠣᠯᠠᠨ ᠨᠢᠭᠡᠴᠢ ᠪᠠ ᠪᠦᠯᠬᠦᠮ ᠨᠡᠶᠢᠲᠡ ᠶᠢᠨ ᠤᠷᠤᠯᠳᠤᠭᠠᠨ ᠢ ᠠᠩᠬᠠᠷᠤᠭᠤᠯᠵᠤ᠂ ᠤᠷᠤᠯᠳᠤᠭᠠᠨ ᠳᠤ ᠣᠷᠣᠯᠴᠠᠭᠤᠯᠤᠨ᠂ ᠬᠥᠮᠦᠨ ᠪᠦᠬᠦᠨ ᠳᠤ ᠮᠡᠳᠡᠭᠦᠯᠵᠦ᠂ ᠡᠷᠦᠬᠡ ᠪᠣᠯᠭᠠᠨ ᠳᠤ ᠮᠡᠳᠡᠭᠦᠯᠬᠦ ᠬᠡᠷᠡᠭᠲᠡᠶ᠃        ︵ᠬᠤᠶᠠᠷ︶ ᠵᠢᠯᠣᠭᠤᠳᠣᠯᠭ᠎ᠠ ᠪᠠᠨ ᠴᠢᠩᠭᠠᠳᠬᠠᠬᠤ        ᠤᠷᠤᠯᠳᠤᠭᠠᠨ ᠤ ᠡᠯ᠎ᠡ ᠬᠠᠮᠲᠤᠷᠠᠭᠰᠠᠨ ᠭᠤᠤᠯᠯᠠᠨ ᠡᠷᠬᠢᠯᠡᠬᠦ ᠨᠢᠭᠡᠴᠢ ᠲᠣᠰ ᠠᠵᠢᠯ ᠲᠥᠷᠥᠯ ᠲᠣᠰ ᠰᠢᠰᠲ᠋ᠧᠮ ᠤᠨ ᠨᠢᠭᠡᠴᠢ ᠶᠢ ᠱᠠᠯᠠᠪᠳᠠᠭᠤᠯᠤᠨ ᠵᠢᠯᠣᠭᠤᠳᠴᠤ᠂ ᠠᠵᠢᠯ ᠲᠥᠷᠥᠯ ᠤᠨ ᠰᠡᠳᠦᠪ ᠢ ᠠᠭᠤᠳᠠᠯᠤᠨ᠂ ᠨᠢᠭᠡ ᠰᠡᠳᠬᠢᠯ ᠢᠶᠠᠷ ᠰᠢᠨ᠎ᠡ ᠶᠢ ᠡᠭᠦᠳᠴᠦ᠂ ᠠᠵᠢᠯ ᠲᠥᠷᠥᠯ ᠤᠨ ᠴᠤᠭ ᠵᠢᠪᠬᠤᠭ᠎ᠠ ᠶᠢ ᠢᠯᠡᠷᠡᠭᠦᠯᠦᠭᠰᠡᠨ ᠰᠦᠯᠵᠢᠶᠡᠨ ᠤ ᠣᠬᠤᠷ ᠸᠢᠳᠢᠤ᠋ ᠶᠢᠨ ᠰᠣᠳᠣᠨ ᠪᠦᠲᠦᠭᠡᠯ ᠢ ᠶᠡᠭᠡ ᠪᠠᠷ ᠴᠤᠭᠯᠠᠭᠤᠯᠤᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠢ ᠠᠰᠢᠭᠯᠠᠨ ᠠᠵᠢᠯ ᠲᠥᠷᠥᠯ ᠤᠨ ᠤᠬᠠᠭᠤᠯᠭ᠎ᠠ ᠶᠢ ᠰᠠᠶᠢᠲᠤᠷ ᠬᠢᠵᠦ᠂ ᠠᠵᠢᠯ ᠲᠥᠷᠥᠯ ᠤᠨ ᠥᠯᠢᠭᠡᠷ ᠢ ᠰᠠᠶᠢᠲᠤᠷ ᠶᠠᠷᠢᠨ᠎ᠠ᠃        ︵ᠭᠤᠷᠪᠠ︶ ᠮᠡᠳᠡᠭᠦᠯᠦᠨ ᠬᠦᠷᠭᠡᠬᠦ ᠬᠡᠮᠵᠢᠶ᠎ᠡ        ᠵᠠᠷᠴᠢᠮ ᠳᠡᠭᠡᠷ᠎ᠡ ᠪᠠᠨ ᠲᠠᠪᠤᠨ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠲᠤᠷᠠᠨ ᠡᠷᠬᠢᠯᠡᠬᠦ ᠨᠢᠭᠡᠴᠢ ᠶᠢᠨ ᠡᠯᠰᠡᠨ ᠲᠠᠨᠢᠯᠴᠠᠭᠤᠯᠤᠭᠰᠠᠨ ᠪᠦᠲᠦᠭᠡᠯ ᠨᠢ ᠨᠢᠭᠡᠴᠢ ᠪᠦᠷᠢ 50 ᠠᠴᠠ ᠳᠤᠲᠠᠭᠤ ᠪᠠᠶᠢᠵᠤ ᠪᠣᠯᠬᠤ ᠥᠬᠡᠶ᠃ ᠤᠷᠤᠯᠳᠤᠭᠠᠨ ᠨᠢ ᠪᠦᠲᠦᠮᠵᠢᠲᠡᠶ ᠡᠬᠡ ᠪᠢᠴᠢᠭ ᠤᠨ ᠬᠡᠮᠵᠢᠶ᠎ᠡ ᠪᠠ ᠪᠦᠲᠦᠭᠡᠯ ᠤᠨ ᠶᠠᠰᠤ ᠴᠢᠨᠠᠷ ᠢ ᠰᠢᠯᠭᠠᠷᠠᠭᠤᠯᠵᠤ ︽ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠢ︾ ᠶᠢ ᠰᠢᠯᠭᠠᠷᠠᠭᠤᠯᠤᠨ᠎ᠠ᠃ᠳᠠᠭᠠᠯᠳᠤᠭᠤᠯᠤᠯ᠄ 1.ᠤᠷᠤᠯᠳᠤᠭᠠᠨ ᠳᠤ ᠣᠷᠣᠯᠴᠠᠭᠰᠠᠨ ᠪᠦᠲᠦᠭᠡᠯ ᠤᠨ ᠳᠠᠩᠰᠠᠯᠠᠯᠲᠠ ᠶᠢᠨ ᠬᠦᠰᠦᠨᠦᠭ                2. ᠬᠡᠪᠯᠡᠯ ᠤᠨ ᠡᠷᠬᠡ ᠶᠢᠨ ᠠᠮᠠᠯᠠᠯᠲᠠ ᠶᠢᠨ ᠪᠢᠴᠢᠭ 

2024 ᠣᠨ ᠤ ᠦᠵᠡᠵᠦ ᠰᠣᠨᠣᠰᠬᠤ ᠳᠤᠮᠳᠠᠳᠤ ᠤᠯᠤᠰ ᠤᠨ ︽ᠠᠨᠠᠷ ᠤᠨ ᠴᠡᠴᠡᠭ ᠢᠷᠡᠭᠡᠳᠦᠶ ᠵᠦᠭ ᠳᠡᠯᠭᠡᠷᠡᠬᠦ︾ ᠵᠢᠷᠭᠤᠳᠤᠭᠠᠷ ᠬᠤᠭᠤᠴᠠᠭᠠᠨ ᠤ ︽ᠭᠤᠷᠪᠠᠨ

ᠰᠠᠷ᠎ᠠ ᠶᠢᠨ ᠭᠤᠷᠪᠠᠨ︾ ᠤ ᠰᠦᠯᠵᠢᠶᠡᠨ ᠤ ᠣᠬᠤᠷ ᠸᠢᠳᠢᠤ᠋ ᠶᠢᠨ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ

2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map