2024 ᠣᠨ ᠤ ︽ᠳᠤᠮᠳᠠᠳᠤ ᠤᠯᠤᠰ ᠤᠨ ᠰᠣᠩᠭᠤᠳᠠᠭ ᠠᠷᠠᠳ ᠤᠨ ᠥᠯᠢᠭᠡᠷ ᠤᠨ ᠺᠠᠷᠲ᠋ᠣᠨ ᠵᠢᠷᠤᠭ ᠵᠣᠬᠢᠶᠠᠨ ᠪᠦᠲᠦᠭᠡᠬᠦ ᠢᠨᠵᠧᠨᠧᠷᠢᠩ ︵ᠰᠦᠯᠵᠢᠶᠡᠨ ᠤ ᠺᠠᠷᠲ᠋ᠣᠨ ᠺᠢᠨᠣ᠋︶︾ ᠤᠨ ᠳᠡᠮᠵᠢᠬᠦ ᠲᠥᠷᠥᠯ ᠵᠦᠢᠯ ᠢ ᠡᠯᠰᠡᠨ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/4/17
ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠬᠤᠷᠢᠶ᠎ᠠ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ᠂ ᠬᠤᠯᠪᠤᠭᠳᠠᠯ ᠪᠦᠬᠦᠢ ᠳᠡᠭᠡᠳᠦ ᠰᠤᠷᠭᠠᠭᠤᠯᠢ ︵ᠳᠡᠭᠡᠳᠦ ᠰᠤᠷᠭᠠᠭᠤᠯᠢ ᠰᠠᠯᠪᠤᠷᠢ︶ ᠳᠤ᠄        ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠰᠣᠩᠭᠤᠳᠠᠭ ᠠᠷᠠᠳ ᠤᠨ ᠥᠯᠢᠭᠡᠷ ᠤᠨ ᠭᠤᠤᠯ ᠰᠡᠳᠦᠪᠲᠦ ᠰᠦᠯᠵᠢᠶᠡᠨ ᠤ ᠺᠠᠷᠲ᠋ᠣᠨ ᠺᠢᠨᠣ᠋ ᠶᠢ ᠵᠣᠬᠢᠶᠠᠨ ᠪᠦᠲᠦᠭᠡᠵᠦ ᠳᠠᠮᠵᠢᠭᠤᠯᠬᠤ ᠶᠢ ᠬᠥᠲᠥᠯᠦᠨ ᠵᠢᠯᠣᠭᠤᠳᠴᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠲᠠᠶ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠤᠬᠠᠶ ᠰᠠᠨᠠᠯ︾ ᠳᠠᠬᠢ ︽ᠳᠤᠮᠳᠠᠳᠤ ᠤᠯᠤᠰ ᠤᠨ ᠰᠣᠩᠭᠤᠳᠠᠭ ᠠᠷᠠᠳ ᠤᠨ ᠥᠯᠢᠭᠡᠷ ᠤᠨ ᠺᠠᠷᠲ᠋ᠣᠨ ᠵᠢᠷᠤᠭ ᠵᠣᠬᠢᠶᠠᠨ ᠪᠦᠲᠦᠭᠡᠬᠦ ᠢᠨᠵᠧᠨᠧᠷᠢᠩ ᠢ ᠬᠡᠷᠡᠭᠵᠢᠭᠦᠯᠬᠦ︾ ᠶᠢᠨ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠣᠷᠣᠨ ᠤ 2024 ᠣᠨ ᠤ ︽ᠳᠤᠮᠳᠠᠳᠤ ᠤᠯᠤᠰ ᠤᠨ ᠰᠣᠩᠭᠤᠳᠠᠭ ᠠᠷᠠᠳ ᠤᠨ ᠥᠯᠢᠭᠡᠷ ᠤᠨ ᠺᠠᠷᠲ᠋ᠣᠨ ᠵᠢᠷᠤᠭ ᠵᠣᠬᠢᠶᠠᠨ ᠪᠦᠲᠦᠭᠡᠬᠦ ᠢᠨᠵᠧᠨᠧᠷᠢᠩ ︵ᠰᠦᠯᠵᠢᠶᠡᠨ ᠤ ᠺᠠᠷᠲ᠋ᠣᠨ ᠺᠢᠨᠣ᠋︶︾ ᠤᠨ ᠳᠡᠮᠵᠢᠬᠦ ᠲᠥᠷᠥᠯ ᠵᠦᠢᠯ ᠢ ᠡᠯᠰᠡᠨ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠬᠦ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠃        ᠨᠢᠭᠡ᠂ ᠭᠤᠶᠤᠴᠢᠯᠠᠨ ᠮᠡᠳᠡᠭᠦᠯᠬᠦ ᠲᠥᠷᠥᠯ ᠵᠦᠢᠯ ᠤᠨ ᠱᠠᠭᠠᠷᠳᠠᠯᠭ᠎ᠠ        ᠭᠤᠶᠤᠴᠢᠯᠠᠨ ᠮᠡᠳᠡᠭᠦᠯᠬᠦ ᠲᠥᠷᠥᠯ ᠵᠦᠢᠯ ᠨᠢ ᠵᠣᠬᠢᠶᠠᠨ ᠪᠦᠲᠦᠭᠡᠬᠦ ᠱᠠᠲᠤᠨ ᠳᠤ ᠪᠠᠶᠢᠭ᠎ᠠ ᠤᠤᠭᠠᠯ ᠡᠭᠦᠳᠦᠯᠲᠡ ᠶᠢᠨ ᠰᠦᠯᠵᠢᠶᠡᠨ ᠤ ᠺᠠᠷᠲ᠋ᠣᠨ ᠺᠢᠨᠣ᠋ ᠳᠤ ᠭᠤᠶᠤᠴᠢᠯᠠᠨ ᠮᠡᠳᠡᠭᠦᠯᠬᠦ ᠳᠤ ᠪᠠᠨ ᠰᠦᠯᠵᠢᠶᠡᠨ ᠤ ᠺᠠᠷᠲ᠋ᠣᠨ ᠵᠢᠷᠤᠭ ᠤᠨ ᠲᠥᠯᠥᠪᠵᠢᠭᠦᠯᠭᠡ ᠶᠢ ᠳᠠᠩᠰᠠᠯᠠᠭᠤᠯᠬᠤ ᠶᠢ ᠪᠡᠶᠡᠯᠡᠭᠦᠯᠬᠦ ᠮᠥᠷᠲᠡᠭᠡᠨ ᠦᠯᠢᠭᠡᠷ ᠡᠬᠡ ᠪᠢᠴᠢᠭ᠂ ᠦᠯᠢᠭᠡᠷ ᠹᠢᠯᠢᠮ ᠪᠤᠶᠤ ᠭᠤᠣᠯ ᠳᠦᠷᠢ ᠲᠥᠷᠬᠦ ᠶᠢᠨ ᠺᠠᠷᠲ᠋ᠣᠨ ᠵᠢᠷᠤᠭ ᠤᠨ ᠲᠦᠷᠢ ᠲᠥᠷᠬᠦ ᠶᠢᠨ ᠵᠢᠷᠤᠭ ᠲᠥᠯᠥᠪᠯᠡᠭᠡ ᠪᠠᠨ ᠲᠤᠰᠢᠶᠠᠬᠤ ᠬᠡᠷᠡᠭᠲᠡᠢ᠃ ᠳᠣᠣᠷᠠᠬᠢ ᠮᠡᠲᠦ ᠱᠠᠭᠠᠷᠳᠠᠯᠭ᠎ᠠ ᠪᠦᠬᠦᠢ ᠰᠦᠯᠵᠢᠶᠡᠨ ᠤ ᠺᠠᠷᠲ᠋ᠤᠨ ᠺᠢᠨᠣ᠋ ᠶᠢ ᠭᠤᠣᠯᠳᠠᠯᠭ᠎ᠠ ᠲᠠᠢ ᠳᠡᠮᠵᠢᠨ᠎ᠡ᠄        1. ᠳᠤᠮᠳᠠᠳᠤ ᠤᠯᠤᠰ ᠤᠨ ᠰᠣᠩᠭᠤᠳᠠᠭ ᠠᠷᠠᠳ ᠤᠨ ᠥᠯᠢᠭᠡᠷ ᠤᠨ ᠭᠤᠤᠯ ᠰᠡᠳᠦᠪ ᠤᠨ ᠲᠣᠭᠤᠷᠢᠨ ᠳᠤ ᠵᠣᠬᠢᠶᠠᠨ ᠪᠦᠲᠦᠭᠡᠵᠦ᠂ ᠥᠯᠢᠭᠡᠷ ᠤᠨ ᠰᠣᠶᠣᠯ ᠤᠨ ᠠᠭᠤᠯᠤᠭᠳᠠᠬᠤᠨ ᠪᠠ ᠣᠶᠤᠨ ᠰᠠᠨᠠᠭᠠᠨ ᠤ ᠦᠨ᠎ᠡ ᠥᠷᠲᠡᠭ ᠢ ᠭᠦᠨᠵᠡᠭᠡᠶ ᠠᠭᠤᠳᠠᠯᠤᠨ᠂ ᠰᠢᠨ᠎ᠡ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠤᠨ ᠰᠢᠨ᠎ᠡ ᠶᠢ ᠡᠭᠦᠳᠦᠨ ᠢᠯᠡᠳᠬᠡᠵᠦ᠂ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠢ ᠣᠯᠭᠤᠨ᠎ᠠ᠃ ᠰᠣᠩᠭᠤᠳᠠᠭ ᠠᠷᠠᠳ ᠤᠨ ᠦᠯᠢᠭᠡᠷ ᠢ ᠲᠣᠭᠯᠠᠨ ᠶᠠᠷᠢᠬᠤ᠂ ᠮᠠᠭᠤᠴᠢᠯᠠᠬᠤ᠂ ᠥᠭᠡᠷᠡᠲᠦᠭᠦᠯᠬᠦ᠂ ᠬᠦᠷᠪᠡᠭᠦᠯᠵᠦ ᠪᠣᠯᠬᠤ ᠦᠭᠡᠢ᠃        2. ᠢᠳᠡᠪᠬᠢᠲᠡᠶ ᠥᠭᠡᠳᠡᠯᠡᠨ ᠳᠠᠪᠰᠢᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤᠴᠤᠳ ᠤᠨ ᠡᠨᠡᠷᠢᠩᠭᠦᠶ ᠬᠠᠶᠢᠷ᠎ᠠ ᠰᠡᠳᠬᠢᠯᠭᠡ ᠶᠢ ᠡᠷᠬᠢᠮᠯᠡᠬᠦ᠂ ᠠᠷᠠᠳ ᠢᠶᠠᠷ ᠦᠨᠳᠦᠰᠦ ᠪᠣᠯᠭᠠᠬᠤ ᠶᠢ ᠴᠢᠬᠤᠯᠠᠴᠢᠯᠠᠬᠤ᠂ ᠦᠨᠡᠨᠴᠢ ᠢᠲᠡᠭᠡᠮᠵᠢ ᠶᠢ ᠰᠠᠬᠢᠬᠤ᠂ ᠰᠢᠳᠤᠷᠭᠤ ᠶᠣᠰᠣ ᠶᠢ ᠡᠷᠬᠢᠮᠯᠡᠬᠦ᠂ ᠡᠶ᠎ᠡ ᠨᠠᠶᠢᠷ ᠢ ᠡᠷᠬᠢᠮᠯᠡᠬᠦ᠂ ᠶᠡᠭᠡ ᠨᠢᠭᠡᠲᠦᠯ ᠢ ᠡᠷᠬᠢᠮᠯᠡᠬᠦ ᠵᠡᠷᠭᠡ ᠦᠵᠡᠯ ᠰᠠᠨᠠᠭ᠎ᠠ ᠣᠶᠢᠯᠠᠭᠠᠭᠳᠠᠬᠤᠨ ᠪᠠ ᠥᠭᠡᠳᠡᠯᠡᠨ ᠳᠠᠪᠰᠢᠬᠤ᠂ ᠨᠠᠰᠤᠲᠠᠨ ᠢᠶᠠᠨ ᠠᠴᠢᠯᠠᠵᠤ ᠲᠥᠷᠥᠯ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠢᠳᠡᠪᠬᠢᠲᠡᠶ ᠪᠠᠷ ᠲᠡᠮᠡᠴᠡᠬᠦ ᠵᠡᠷᠭᠡ ᠴᠠᠭ ᠦᠶ᠎ᠡ ᠶᠢᠨ ᠵᠣᠷᠢᠭ ᠰᠠᠨᠠᠭ᠎ᠠ ᠶᠢ ᠨᠡᠯᠢᠶᠡᠳ ᠰᠠᠶᠢᠨ ᠢᠯᠡᠷᠡᠭᠦᠯᠵᠦ ᠴᠢᠳᠠᠭᠰᠠᠨ ᠪᠠᠶᠢᠬᠤ ᠬᠡᠷᠡᠭᠲᠡᠢ᠃        3. ᠳᠦᠷᠢ ᠨᠢ ᠠᠮᠢᠳᠤᠯᠢᠭ᠂ ᠬᠦᠤᠷᠨᠢᠯ ᠨᠢ ᠤᠷᠤᠰᠤᠩᠭᠤᠢ᠂ ᠪᠦᠬᠦ᠋ᠢᠯᠡ ᠴᠤᠭᠴᠠ ᠨᠢ ᠠᠪᠴᠠᠯᠳᠤᠩᠭᠤᠢ᠂ ᠢᠯᠡᠷᠡᠭᠦᠯᠬᠦ ᠠᠷᠭ᠎ᠠ ᠪᠠᠷᠢᠯ ᠨᠢ ᠨᠥᠯᠥᠭᠡᠯᠡᠬᠦ ᠬᠦᠴᠦᠨ᠂ ᠢᠯᠡᠷᠡᠭᠦᠯᠬᠦ ᠬᠦᠴᠦᠨ ᠲᠠᠢ᠂ ᠭᠤᠸ᠎ᠠ ᠰᠠᠶᠢᠬᠠᠨ ᠤ ᠨᠡᠯᠢᠶᠡᠳ ᠦᠨᠳᠦᠷ ᠲᠦᠪᠰᠢᠨ ᠨᠢ ᠦᠵᠡᠭᠴᠢᠳ ᠤᠨ ᠬᠦᠷᠢᠶᠡᠯᠡᠯ ᠢ ᠤᠯᠵᠤ᠂ ᠠᠭᠤᠯᠭ᠎ᠠ ᠪᠠ ᠬᠡᠯᠪᠡᠷᠢ ᠶᠢᠨ ᠨᠢᠭᠡᠳᠦᠯᠲᠡᠢ ᠵᠣᠬᠢᠴᠠᠯ ᠢ ᠵᠣᠬᠢᠴᠠᠭᠤᠯᠤᠨ᠎ᠠ᠃        4. ᠵᠣᠬᠢᠶᠠᠨ ᠪᠦᠲᠦᠭᠡᠬᠦ ᠣᠶᠢᠯᠠᠭᠠᠭᠳᠠᠬᠤᠨ᠂ ᠤᠬᠠᠭᠤᠯᠤᠨ ᠲᠠᠨᠢᠯᠴᠠᠭᠤᠯᠬᠤ ᠠᠷᠭ᠎ᠠ ᠬᠡᠯᠪᠡᠷᠢ ᠨᠢ ᠰᠦᠯᠵᠢᠶᠡᠨ ᠤ ᠳᠠᠮᠵᠢᠭᠤᠯᠭ᠎ᠠ ᠶᠢᠨ ᠣᠨᠴᠠᠯᠢᠭ ᠲᠤ ᠨᠡᠶᠢᠴᠡᠵᠦ᠂ ᠰᠢᠨ᠎ᠡ ᠶᠢ ᠡᠭᠦᠳᠬᠦ ᠴᠢᠨᠠᠷ᠂ ᠥᠪᠡᠷᠮᠢᠴᠡ ᠴᠢᠨᠠᠷ ᠲᠠᠢ ᠪᠠᠶᠢᠬᠤ ᠬᠡᠷᠡᠭᠲᠡᠢ᠃ ᠰᠦᠯᠵᠢᠶᠡᠨ ᠤ ᠣᠨᠴᠠᠯᠢᠭ ᠲᠠᠢ ᠰᠢᠨ᠎ᠡ ᠶᠢ ᠡᠭᠦᠳᠬᠦ ᠠᠷᠭ᠎ᠠ ᠪᠠᠷᠢᠯ ᠪᠠ ᠢᠯᠡᠷᠡᠭᠦᠯᠬᠦ ᠬᠡᠯᠪᠡᠷᠢ ᠶᠢ ᠬᠡᠷᠡᠭᠯᠡᠬᠦ ᠶᠢ ᠵᠣᠷᠢᠭᠵᠢᠭᠤᠯᠵᠤ᠂ ᠳᠡᠯᠡᠬᠡᠶᠢᠴᠢᠯᠡᠭᠰᠡᠨ ᠺᠠᠷᠲ᠋ᠣᠨ ᠵᠢᠷᠤᠭ ᠤᠨ ᠢᠯᠡᠷᠡᠭᠦᠯᠬᠦ ᠠᠷᠭ᠎ᠠ ᠪᠠᠷᠢᠯ ᠢᠶᠠᠷ ᠳᠤᠮᠳᠠᠳᠤ ᠤᠯᠤᠰ ᠤᠨ ᠦᠯᠢᠭᠡᠷ ᠢ ᠶᠠᠷᠢᠬᠤ ᠶᠢ ᠵᠣᠷᠢᠭᠵᠢᠭᠤᠯᠵᠤ᠂ ᠥᠨᠳᠥᠷ ᠲᠦᠪᠰᠢᠨ ᠪᠦᠬᠦᠢ ᠰᠢᠪᠲᠤᠯᠤᠯᠲᠠ ᠶᠢᠨ ᠴᠢᠨᠠᠷᠲᠠᠶ᠂ ᠬᠠᠶᠢᠨ ᠰᠦᠪᠡᠭᠴᠢᠯᠡᠬᠦ ᠴᠢᠨᠠᠷᠲᠠᠶ ᠪᠦᠲᠦᠭᠡᠯ ᠢ ᠵᠣᠷᠢᠭᠵᠢᠭᠤᠯᠤᠨ᠎ᠠ᠃        ᠬᠤᠶᠠᠷ᠂ ᠬᠢᠨᠠᠨ ᠲᠣᠭᠲᠠᠭᠠᠬᠤ ᠶᠠᠪᠤᠴᠠ        ︵ᠨᠢᠭᠡ︶ ᠡᠯᠰᠡᠨ ᠴᠤᠭᠯᠠᠭᠤᠯᠭ᠎ᠠ ᠬᠢᠭᠡᠳ ᠠᠩᠬᠠᠨ ᠤ ᠰᠢᠯᠭᠠᠷᠠᠭᠤᠯᠤᠯᠲᠠᠪᠥᠬᠦ ᠣᠷᠣᠨ ᠤ ᠡᠯ᠎ᠡ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠨᠢᠭᠡᠴᠢ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠪᠠᠶᠢᠭᠤᠯᠤᠮᠵᠢ᠂ ᠬᠤᠯᠪᠤᠭᠳᠠᠯ ᠪᠥᠬᠦᠶ ᠠᠵᠢᠯ ᠲᠥᠷᠥᠯ ᠤᠨ ᠺᠢᠨᠣ᠋ ᠲᠧᠯᠸᠢᠰ ᠤᠨ ᠫᠷᠤᠭ᠍ᠷᠠᠮ ᠦᠢᠯᠡᠳᠬᠦ ᠪᠠᠶᠢᠭᠤᠯᠤᠮᠵᠢ᠂ ᠬᠤᠯᠪᠤᠭᠳᠠᠯ ᠪᠥᠬᠦᠶ ᠳᠡᠭᠡᠳᠦ ᠰᠤᠷᠭᠠᠭᠤᠯᠢ ︵ᠳᠡᠭᠡᠳᠦ ᠰᠤᠷᠭᠠᠭᠤᠯᠢ ᠰᠠᠯᠪᠤᠷᠢ︶ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠤ ᠪᠣᠯᠤᠨ᠎ᠠ᠃ ᠮᠠᠨ ᠤ ᠲᠣᠪᠴᠢᠶ᠎ᠠ ᠬᠠᠷᠢᠶ᠎ᠠ ᠣᠷᠣᠨ ᠤ ᠳᠣᠲᠣᠷᠠᠬᠢ ᠪᠠᠶᠢᠭᠤᠯᠤᠮᠵᠢ ᠶᠢᠨ ᠮᠡᠳᠡᠭᠦᠯᠦᠭᠰᠡᠨ ᠲᠥᠷᠥᠯ ᠵᠦᠢᠯ ᠢ ᠬᠦᠯᠢᠶᠡᠨ ᠠᠪᠬᠤ ᠠᠵᠢᠯ ᠢ ᠬᠠᠷᠢᠭᠤᠴᠠᠵᠤ᠂ ᠠᠩᠬᠠᠨ ᠤ ᠰᠢᠯᠭᠠᠷᠠᠭᠤᠯᠤᠯᠲᠠ ᠶᠢᠨ ᠳᠠᠷᠠᠭ᠎ᠠ ᠲᠥᠷᠥᠯ ᠵᠦᠢᠯ ᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠦᠯᠵᠢᠶᠡᠨ ᠤ ᠦᠵᠡᠵᠦ ᠰᠣᠨᠣᠰᠬᠤ ᠵᠤᠷᠭᠠᠨ ᠳᠤ ᠮᠡᠳᠡᠭᠦᠯᠦᠨ ᠬᠦᠷᠭᠡᠨ᠎ᠡ᠃        ︵ᠬᠤᠶᠠᠷ︶ ᠪᠦᠲᠦᠭᠡᠯ ᠤᠨ ᠳᠠᠬᠢᠨ ᠰᠢᠯᠭᠠᠷᠠᠭᠤᠯᠤᠯᠲᠠ ᠬᠢᠭᠡᠳ ᠡᠴᠦᠰ ᠤᠨ ᠰᠢᠯᠭᠠᠷᠠᠭᠤᠯᠤᠯᠲᠠ        ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠠᠩᠬᠠᠨ ᠤ ᠰᠢᠯᠭᠠᠷᠠᠭᠤᠯᠤᠯᠲᠠ ᠪᠠᠷ ᠳᠠᠮᠵᠢᠭᠰᠠᠨ ᠲᠥᠷᠥᠯ ᠵᠦᠢᠯ ᠳᠤ ᠳᠠᠬᠢᠨ ᠰᠢᠯᠭᠠᠷᠠᠭᠤᠯᠤᠯᠲᠠ ᠪᠠ ᠡᠴᠦᠰ ᠤᠨ ᠰᠢᠯᠭᠠᠷᠠᠭᠤᠯᠤᠯᠲᠠ ᠶᠢ ᠬᠢᠵᠦ᠂ ᠬᠠᠮᠤᠭ ᠰᠡᠭᠦᠯ ᠳᠤ ᠰᠣᠩᠭᠤᠭᠳᠠᠭᠰᠠᠨ ᠲᠥᠷᠥᠯ ᠵᠦᠢᠯ ᠢ ᠰᠣᠩᠭᠤᠨ ᠭᠠᠷᠭᠠᠨ᠎ᠠ᠃        ︵ᠭᠤᠷᠪᠠ︶ ᠰᠣᠩᠭᠤᠭᠳᠠᠭᠰᠠᠨ ᠲᠦᠷᠦᠯ ᠵᠦᠢᠯ ᠤᠨ ᠳᠡᠮᠵᠢᠯᠭᠡ        ᠲᠥᠷᠥᠯ ᠵᠦᠢᠯ ᠰᠣᠩᠭᠤᠭᠳᠠᠭᠰᠠᠨ ᠤ ᠳᠠᠷᠠᠭ᠎ᠠ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠫᠷᠤᠭ᠍ᠷᠠᠮ ᠦᠢᠯᠡᠳᠬᠦ ᠪᠠᠶᠢᠭᠤᠯᠤᠮᠵᠢ ᠵᠢᠴᠢ ᠮᠠᠨ ᠤ ᠲᠣᠪᠴᠢᠶ᠎ᠠ ᠲᠠᠢ ᠭᠤᠷᠪᠠᠨ ᠲᠠᠯ᠎ᠠ ᠶᠢᠨ ᠬᠡᠯᠡᠯᠴᠡᠭᠡᠷ ᠲᠣᠭᠲᠠᠵᠤ᠂ ᠨᠢᠭᠡᠳᠦᠭᠡᠷ ᠬᠤᠭᠤᠴᠠᠭᠠᠨ ᠤ ᠳᠡᠮᠵᠢᠯᠭᠡ ᠶᠢᠨ ᠪᠠᠯᠠ ᠮᠥᠩᠭᠦ ᠶᠢ ᠣᠯᠭᠤᠨ᠎ᠠ᠃ ᠮᠠᠨ ᠤ ᠲᠣᠪᠴᠢᠶ᠎ᠠ ᠪᠣᠯᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠥᠬᠦ ᠶᠠᠪᠤᠴᠠ ᠪᠠᠷ ᠵᠣᠬᠢᠶᠠᠯ ᠪᠦᠲᠦᠭᠡᠯ ᠤᠨ ᠵᠣᠬᠢᠶᠠᠨ ᠪᠦᠲᠦᠭᠡᠯᠭᠡ ᠶᠢ ᠮᠥᠷᠳᠡᠨ ᠠᠬᠢᠭᠤᠯᠵᠤ᠂ ᠪᠠᠶᠢᠭᠤᠯᠤᠮᠵᠢ ᠶᠢᠨ ᠦᠯᠢᠭᠡᠷ ᠪᠦᠲᠦᠭᠡᠯᠴᠢ ᠰᠡᠳᠬᠢᠮᠵᠢ ᠶᠢ ᠪᠠᠶᠠᠯᠢᠭᠵᠢᠭᠤᠯᠬᠤ᠂ ᠵᠦᠴᠦᠭᠡ ᠶᠢᠨ ᠳᠡᠪᠲᠡᠷ ᠢ ᠡᠯᠡᠭᠡᠬᠦ ᠲᠥᠰᠦᠯ ᠢ ᠲᠡᠭᠦᠯᠳᠡᠷᠵᠢᠭᠦᠯᠬᠦ ᠶᠢ ᠵᠢᠯᠣᠭᠤᠳᠴᠤ᠂ ᠫᠷᠤᠭ᠍ᠷᠠᠮ ᠤᠨ ᠠᠭᠤᠯᠭ᠎ᠠ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠨ᠎ᠠ᠃ ᠮᠠᠨ ᠤ ᠲᠣᠪᠴᠢᠶ᠎ᠠ ᠶᠢᠨ ᠠᠩᠬᠠᠨ ᠤ ᠬᠢᠨᠠᠯᠲᠠ ᠪᠠ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠲᠤᠯᠠᠨ ᠠᠪᠤᠯᠲᠠ ᠶᠢ ᠪᠡᠶᠡᠯᠡᠭᠦᠯᠪᠡᠯ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠬᠤᠶᠠᠳᠤᠭᠠᠷ ᠬᠤᠭᠤᠴᠠᠭᠠᠨ ᠤ ᠳᠡᠮᠵᠢᠯᠭᠡ ᠶᠢᠨ ᠪᠠᠯᠠ ᠮᠥᠩᠭᠦ ᠶᠢ ᠲᠠᠷᠬᠠᠭᠠᠵᠤ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠤᠬᠠᠭᠤᠯᠤᠨ ᠲᠠᠨᠢᠯᠴᠠᠭᠤᠯᠭ᠎ᠠ ᠪᠠ ᠨᠡᠪᠲᠡᠷᠡᠭᠦᠯᠭᠡ ᠶᠢᠨ ᠳᠡᠮᠵᠢᠯᠭᠡ ᠣᠯᠭᠤᠬᠤ ᠶᠢᠨ ᠬᠠᠮᠲᠤ ᠮᠤᠵᠢ ᠶᠢᠨ ᠱᠠᠲᠤᠨ ᠤ ᠣᠳᠣᠨ ᠲᠧᠯᠸᠢᠰ ᠢᠶᠠᠷ ᠳᠠᠮᠵᠢᠭᠤᠯᠤᠨ ᠨᠡᠪᠲᠡᠷᠡᠭᠦᠯᠵᠦ᠂ ᠲᠥᠷᠥᠯ ᠵᠦᠢᠯ ᠤᠨ ᠳᠠᠮᠵᠢᠭᠤᠯᠬᠤ ᠬᠦᠴᠦᠨ ᠨᠥᠯᠥᠭᠡᠯᠡᠬᠦ ᠬᠦᠴᠦᠨ ᠢ ᠥᠷᠭᠡᠳᠬᠡᠨ᠎ᠡ᠃        ᠭᠤᠷᠪᠠ᠂ ᠮᠡᠳᠡᠭᠦᠯᠦᠨ ᠬᠦᠷᠭᠡᠬᠦ ᠱᠠᠭᠠᠷᠳᠠᠯᠭ᠎ᠠ        ᠭᠤᠶᠤᠴᠢᠯᠠᠨ ᠮᠡᠳᠡᠭᠦᠯᠬᠦ ᠪᠠᠶᠢᠭᠤᠯᠤᠮᠵᠢ ᠨᠢ 2024 ᠣᠨ ᠤ 5 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ︽ᠳᠤᠮᠳᠠᠳᠤ ᠤᠯᠤᠰ ᠤᠨ ᠰᠣᠩᠭᠤᠳᠠᠭ ᠠᠷᠠᠳ ᠤᠨ ᠥᠯᠢᠭᠡᠷ ᠤᠨ ᠺᠠᠷᠲ᠋ᠣᠨ ᠵᠢᠷᠤᠭ ᠵᠣᠬᠢᠶᠠᠨ ᠪᠦᠲᠦᠭᠡᠬᠦ ᠢᠨᠵᠧᠨᠧᠷᠢᠩ ︵ᠰᠦᠯᠵᠢᠶᠡᠨ ᠤ ᠺᠠᠷᠲ᠋ᠣᠨ ᠺᠢᠨᠣ᠋︶ ᠤᠨ ᠳᠡᠮᠵᠢᠬᠦ ᠲᠥᠷᠥᠯ ᠵᠦᠢᠯ︾ ᠤᠨ ᠭᠤᠶᠤᠴᠢᠯᠠᠨ ᠮᠡᠳᠡᠭᠦᠯᠬᠦ ᠰᠢᠰᠲ᠋ᠧᠮ ︵http://wldh.pingshen.nrta.gov.cn︶ ᠳᠤ ᠳᠠᠩᠰᠠᠯᠠᠵᠤ᠂ ᠬᠡᠷᠡᠭᠯᠡᠭᠴᠢ ᠶᠢᠨ ᠭᠠᠷ ᠳᠡᠪᠲᠡᠷ ᠢ ᠬᠢᠨᠠᠮᠠᠭᠠᠶ ᠤᠩᠰᠢᠵᠤ᠂ ᠰᠢᠰᠲ᠋ᠧᠮ ᠤᠨ ᠬᠠᠮᠢᠶ᠎ᠠ ᠪᠥᠬᠦᠶ ᠲᠣᠳᠣᠷᠬᠠᠶᠢᠯᠠᠯᠲᠠ ᠶᠢ ᠦᠨᠳᠦᠰᠦᠯᠡᠨ᠂ ᠬᠡᠷᠡᠭᠰᠡᠬᠦ ᠮᠡᠳᠡᠭᠡ ᠵᠠᠩᠭᠢ ᠶᠢ ᠪᠦᠷᠢᠨ ᠪᠦᠲᠦᠨ ᠲᠠᠭᠯᠠᠵᠤ᠂ ᠵᠣᠬᠢᠴᠠᠯᠳᠤᠭᠰᠠᠨ ᠠᠩᠬᠠᠨ ᠤ ᠰᠢᠯᠭᠠᠷᠠᠭᠤᠯᠤᠯᠲᠠ ᠶᠢᠨ ᠨᠢᠭᠡᠴᠢ ᠳᠤ ᠭᠤᠶᠤᠴᠢᠯᠠᠨ ᠮᠡᠳᠡᠭᠦᠯᠬᠦ ᠬᠡᠷᠡᠭᠲᠡᠶ᠃        ᠳᠥᠷᠪᠡ᠂ ᠠᠵᠢᠯ ᠤᠨ ᠱᠠᠭᠠᠷᠳᠠᠯᠭ᠎ᠠ        ︽ᠳᠤᠮᠳᠠᠳᠤ ᠤᠯᠤᠰ ᠤᠨ ᠰᠣᠩᠭᠤᠳᠠᠭ ᠠᠷᠠᠳ ᠤᠨ ᠥᠯᠢᠭᠡᠷ ᠤᠨ ᠺᠠᠷᠲ᠋ᠣᠨ ᠵᠢᠷᠤᠭ ᠵᠣᠬᠢᠶᠠᠨ ᠪᠦᠲᠦᠭᠡᠬᠦ ᠢᠨᠵᠧᠨᠧᠷᠢᠩ ︵ᠰᠦᠯᠵᠢᠶᠡᠨ ᠤ ᠺᠠᠷᠲ᠋ᠣᠨ ᠺᠢᠨᠣ᠋︶︾ ᠤᠨ ᠳᠡᠮᠵᠢᠬᠦ ᠲᠥᠷᠥᠯ ᠵᠦᠢᠯ ᠢ ᠡᠯᠰᠡᠨ ᠴᠤᠭᠯᠠᠭᠤᠯᠬᠤ ᠠᠵᠢᠯᠯᠠᠭ᠎ᠠ ᠶᠢᠨ ᠴᠠᠭ ᠪᠠᠴᠢᠮ᠂ ᠡᠭᠦᠷᠭᠡ ᠬᠦᠨᠳᠦ ᠪᠠᠶᠢᠵᠤ᠂ ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠨᠢᠭᠡᠴᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶᠠᠲᠤ ᠣᠷᠣᠨ ᠤ ᠳᠣᠲᠣᠷᠠᠬᠢ ᠬᠤᠯᠪᠤᠭᠳᠠᠯ ᠪᠥᠬᠦᠶ ᠪᠠᠶᠢᠭᠤᠯᠤᠮᠵᠢ ᠪᠣᠯᠤᠨ ᠲᠣᠰ ᠨᠢᠭᠡᠴᠢ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠬᠢᠨᠠᠮᠠᠭᠠᠶ ᠵᠣᠬᠢᠶᠠᠨ ᠪᠠᠶᠢᠭᠤᠯᠤᠨ ᠢᠳᠡᠪᠬᠢᠲᠡᠶ ᠣᠷᠣᠯᠴᠠᠭᠤᠯᠬᠤ ᠶᠢᠨ ᠬᠠᠮᠲᠤ ᠦᠵᠡᠵᠦ ᠰᠣᠨᠣᠰᠬᠤ ᠫᠷᠤᠭ᠍ᠷᠠᠮ᠂ ᠰᠢᠯᠵᠢᠮᠡᠯ ᠬᠡᠷᠡᠭᠯᠡᠭᠴᠢ ᠶᠢᠨ ᠦᠵᠦᠭᠦᠷ ᠤᠨ ᠲᠡᠷᠢᠭᠦᠨ ᠨᠢᠭᠤᠷ ᠲᠤ ᠲᠣᠰ ᠤᠳᠠᠭᠠᠨ ᠤ ᠲᠥᠷᠥᠯ ᠵᠦᠢᠯ ᠤᠨ ᠡᠯᠰᠡᠨ ᠴᠤᠭᠯᠠᠭᠤᠯᠬᠤ ᠠᠵᠢᠯᠯᠠᠭ᠎ᠠ ᠶᠢᠨ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ᠃                                     ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ                                                            2024 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map