2024 ᠣᠨ ᠤ ᠪᠥᠬᠦ ᠣᠷᠣᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠭᠠᠷᠠᠭᠤᠯᠤᠭᠰᠠᠨ ᠦᠷ᠎ᠡ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/4/25
  ᠷᠠᠳᠢᠣ᠋ ᠲᠧᠯᠸᠢᠰ ᠤᠨ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠠᠵᠢᠯ ᠲᠥᠷᠥᠯ ᠤᠨ ᠲᠤᠷᠰᠢᠯᠭ᠎ᠠ ᠶᠢᠨ ᠰᠣᠯᠢᠯᠴᠠᠭ᠎ᠠ ᠬᠢᠵᠦ ᠬᠠᠷᠢᠯᠴᠠᠨ ᠠᠬᠢᠭᠤᠯᠬᠤ ᠶᠢ ᠠᠬᠢᠭᠤᠯᠵᠤ ᠂ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠶᠢ ᠬᠥᠭᠡᠭᠡᠴᠡᠯᠳᠦᠬᠦ᠂ ᠲᠡᠷᠢᠭᠦᠨ ᠤ ᠬᠢ ᠶᠢ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ 2024 ᠣᠨ ᠤ ᠪᠥᠬᠦ ᠣᠷᠣᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠵᠤ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠡᠷᠡᠭ ᠤᠨ ᠵᠢᠱᠢᠶ᠎ᠡ ᠴᠤᠭᠯᠠᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠨᠡᠪᠲᠡᠷᠡᠭᠦᠯᠬᠦ ᠪᠠᠶᠢᠭᠤᠯᠤᠮᠵᠢ᠂ ᠬᠠᠮ ᠵᠠᠭᠤᠴᠢᠯᠠᠭᠤᠷ ᠤᠨ ᠲᠥᠪ ᠤᠨ ᠭᠤᠶᠤᠴᠢᠯᠠᠨ ᠮᠡᠳᠡᠭᠦᠯᠦᠭᠰᠡᠨ ᠬᠡᠷᠡᠭ ᠤᠨ ᠵᠢᠱᠢᠶ᠎ᠡ ᠶᠢ ᠨᠡᠶᠢᠲᠡ 40 ᠶᠢ ᠬᠦᠯᠢᠶᠡᠨ ᠠᠪᠤᠪᠠ᠃ ᠬᠢᠷᠢ ᠬᠡᠮ ᠤᠨ ᠠᠩᠬᠠᠨ ᠤ ᠬᠢᠨᠠᠯᠲᠠ᠂ ᠲᠤᠰᠬᠠᠶ ᠮᠡᠷᠭᠡᠵᠢᠯᠲᠡᠨ ᠤ ᠠᠩᠬᠠᠨ ᠤ ᠰᠢᠯᠭᠠᠷᠠᠭᠤᠯᠤᠯᠲᠠ᠂ ᠡᠴᠦᠰ ᠤᠨ ᠰᠢᠯᠭᠠᠷᠠᠭᠤᠯᠤᠯᠲᠠ ᠪᠠᠷ ᠳᠡᠮᠵᠢᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠬᠡᠷᠡᠭ ᠤᠨ ᠵᠢᠱᠢᠶ᠎ᠡ 4᠂ ᠠᠭᠤᠰᠤᠯᠴᠠᠨ ᠦᠢᠯᠡᠳᠪᠦᠷᠢᠯᠡᠵᠦ ᠳᠡᠯᠭᠡᠷᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ 3᠂ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠨᠡᠶᠢᠲᠡᠯᠢᠭ ᠬᠡᠷᠡᠭ ᠤᠨ ᠵᠢᠱᠢᠶ᠎ᠡ 3᠂ ᠰᠢᠨ᠎ᠡ ᠵᠠᠭᠤᠴᠢᠯᠠᠭᠤᠷ ᠤᠨ ᠲᠠᠪᠴᠠᠩ ᠤᠨ ᠪᠠᠶᠢᠭᠤᠯᠤᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ 2᠂ ᠡᠳᠦᠭᠡ ᠢᠯᠡ ᠨᠡᠶᠢᠲᠡᠯᠡᠪᠡ᠃  ᠵᠠᠷᠯᠠᠨ ᠨᠡᠶᠢᠲᠡᠯᠡᠬᠦ ᠬᠤᠭᠤᠴᠠᠭ᠎ᠠ ᠪᠣᠯ 2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ ᠠᠴᠠ 2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠮᠵᠢᠭᠤᠯᠬᠤ ᠵᠠᠭᠤᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ︵ᠵᠠᠭᠤᠴᠢᠯᠠᠭᠤᠷ ᠤᠨ ᠨᠡᠶᠢᠯᠡᠨ ᠬᠥᠭᠵᠢᠭᠦᠯᠦᠯᠲᠡ ᠶᠢᠨ ᠭᠠᠵᠠᠷ︶ ᠲᠤ ᠪᠢᠴᠢᠭ ᠢᠶᠠᠷ ᠬᠠᠷᠢᠭᠤ ᠲᠤᠰᠬᠠᠭᠠᠷᠠᠢ᠃  ᠬᠠᠷᠢᠯᠴᠠᠬᠤ ᠣᠳᠠᠰᠣ᠄ 0471 - 4590092︔  ᠹᠠᠺᠰ᠄ 0471 - 3288016᠃    ᠳᠠᠭᠠᠯᠳᠤᠭᠤᠯᠤᠯ᠄ 2024 ᠣᠨ ᠤ ᠪᠥᠬᠦ ᠣᠷᠣᠨ ᠤ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠠᠭᠤᠰᠤᠯᠴᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠡᠳᠬᠦᠬᠦ ᠨᠡᠷᠡᠰ

 

  

  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ

  2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map