| | | | | | ᠤᠯᠤᠰ ᠤᠨ ᠥᠮᠴᠢᠯᠡᠯᠲᠦ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ | ᠲᠠᠯᠪᠢᠬᠤ ᠶᠢ ᠠᠬᠢᠭᠤᠯᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠢ ᠬᠠᠷᠢᠯᠴᠠᠨ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠦᠨ᠂ ᠠᠵᠢᠯ | ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ ᠪᠠ ᠤᠯᠤᠰ ᠤᠨ ᠥᠮᠴᠢᠯᠡᠯᠲᠦ ᠷᠠᠳᠢᠣ᠋ ᠲᠧᠯᠸᠢᠰ ᠤᠨ | ᠶᠡᠷᠦᠩᠬᠡᠶ ᠲᠣᠪᠴᠢᠶ᠎ᠠ ᠶᠢᠨ ︽ᠤᠯᠤᠰ ᠤᠨ ᠥᠮᠴᠢᠯᠡᠯᠲᠦ ᠺᠢᠨᠣ᠋ ᠲᠧᠯᠸᠢᠰ ᠤᠨ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠦᠨᠡᠯᠡᠵᠦ ᠬᠢᠨᠠᠨ ᠰᠢᠯᠭᠠᠬᠤ ᠲᠤᠷᠰᠢᠨ | ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2023 ᠣᠨ ᠤ ᠤᠯᠤᠰ ᠤᠨ | ᠥᠮᠴᠢᠯᠡᠯᠲᠦ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠦᠨᠡᠯᠡᠵᠦ ᠬᠢᠨᠠᠨ ᠰᠢᠯᠭᠠᠬᠤ ᠠᠵᠢᠯ ᠢ | ᠪᠡᠶᠡᠯᠡᠭᠦᠯᠪᠡ᠃ | ᠣᠨ ᠤ ᠰᠢᠯᠭᠠᠨ ᠬᠢᠨᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠲᠣᠪᠴᠢᠶ᠎ᠠ ︽2023 ᠣᠨ ᠤ ᠪᠥᠬᠦ ᠣᠷᠣᠨ ᠤ ᠤᠯᠤᠰ ᠤᠨ ᠥᠮᠴᠢᠯᠡᠯᠲᠦ ᠷᠠᠳᠢᠣ᠋ | ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠢ ᠦᠨᠡᠯᠡᠵᠦ ᠰᠢᠯᠭᠠᠨ ᠬᠢᠨᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ | ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠰᠢᠯᠭᠠᠨ ᠬᠢᠨᠠᠬᠤ ᠡᠲᠡᠭᠡᠳ ᠪᠠ ᠰᠢᠯᠭᠠᠨ ᠬᠢᠨᠠᠬᠤ ᠶᠢ ᠬᠡᠷᠡᠭᠵᠢᠭᠦᠯᠬᠦ ᠨᠢᠭᠡᠴᠢ ᠶᠢ ᠲᠣᠳᠣᠷᠬᠠᠶᠢᠯᠠᠬᠤ ᠶᠢᠨ ᠬᠠᠮᠲᠤ ᠮᠠᠨ ᠤ | ᠣᠷᠣᠨ ᠤ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠠᠵᠤ ᠠᠬᠤᠶᠢᠯᠠᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠦᠲᠦᠭᠡᠯ ᠤᠨ ᠵᠣᠬᠢᠶᠠᠨ ᠪᠦᠲᠦᠭᠡᠵᠦ ᠦᠢᠯᠡᠳᠬᠦ᠂ | ᠭᠥᠯᠢᠶᠡᠨ ᠠᠪᠤᠭᠴᠢᠳ ᠤᠨ ᠲᠤᠰᠬᠠᠯ ᠪᠠ ᠨᠡᠶᠢᠭᠡᠮ ᠤᠨ ᠨᠥᠯᠥᠭᠡ᠂ ᠳᠣᠲᠣᠭᠠᠳᠤ ᠶᠢᠨ ᠲᠦᠷᠢᠮ ᠪᠠ ᠡᠩᠨᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠷᠪᠠᠨ ᠲᠠᠯ᠎ᠠ ᠠᠴᠠ | ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠤᠯᠠᠮ ᠨᠢᠭᠡ ᠠᠯᠬᠤᠮ ᠬᠡᠮᠵᠢᠶᠡᠵᠢᠭᠦᠯᠦᠭᠰᠡᠨ ᠪᠠᠶᠢᠨ᠎ᠠ᠃ ᠪᠥᠬᠦ ᠣᠷᠣᠨ ᠤ ᠤᠯᠤᠰ ᠤᠨ ᠥᠮᠴᠢᠯᠡᠯᠲᠦ 18 ᠷᠠᠳᠢᠣ᠋ ᠲᠧᠯᠸᠢᠰ ᠤᠨ | ᠫᠷᠤᠭ᠍ᠷᠠᠮ ᠦᠢᠯᠡᠳᠴᠦ ᠡᠵᠡᠩᠨᠡᠬᠦ ᠠᠵᠤ ᠠᠬᠤᠶᠢᠯᠠᠯ ᠪᠦᠬᠦᠨ ᠢᠶᠠᠷ ᠢᠶᠠᠨ ᠰᠢᠯᠭᠠᠷᠠᠭᠤᠯᠤᠯᠲᠠ ᠳᠤ ᠣᠷᠣᠯᠴᠠᠵᠤ᠂ ᠰᠢᠯᠭᠠᠷᠠᠭᠤᠯᠤᠯᠲᠠ ᠳᠤ ᠣᠷᠣᠯᠴᠠᠭᠰᠠᠨ ᠨᠣᠷᠮ᠎ᠠ ᠨᠢ | 100% ᠳᠤ ᠬᠦᠷᠪᠡ᠃ ᠲᠣᠰ ᠤᠳᠠᠭᠠᠨ ᠤ ᠰᠢᠯᠭᠠᠨ ᠬᠢᠨᠠᠯᠲᠠ ᠶᠢ ᠠᠵᠤ ᠠᠬᠤᠶᠢᠯᠠᠯ ᠤᠨ ᠥᠪᠡᠷᠲᠡᠭᠡᠨ ᠦᠨᠡᠯᠡᠬᠦ᠂ ᠭᠤᠤᠯᠴᠢᠯᠠᠨ ᠬᠠᠮᠢᠶᠠᠷᠴᠤ ᠭᠤᠤᠯᠯᠠᠨ ᠡᠷᠭᠢᠯᠡᠭᠰᠡᠨ | ᠨᠢᠭᠡᠴᠢ ᠶᠢᠨ ᠳᠠᠬᠢᠨ ᠦᠨᠡᠯᠡᠬᠦ ᠪᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠬᠢᠨᠠᠨ ᠪᠠᠶᠢᠴᠠᠭᠠᠵᠤ ᠲᠣᠭᠲᠠᠭᠠᠬᠤ ᠭᠤᠷᠪᠠᠨ ᠠᠯᠬᠤᠮ | ᠳᠠᠷᠠᠭ᠎ᠠ ᠪᠠᠷ ᠶᠠᠪᠤᠭᠳᠠᠭᠤᠯᠪᠠ᠃ ᠬᠢᠨᠠᠨ ᠰᠢᠯᠭᠠᠬᠤ ᠪᠠᠷ ᠳᠡᠮᠵᠢᠨ᠂ ᠲᠣᠰ ᠵᠢᠯ ᠤᠨ ᠰᠢᠯᠢᠳᠡᠭ ᠲᠠᠰ ᠤᠨ ᠠᠵᠤ ᠠᠬᠤᠶᠢᠯᠠᠯ 7 ᠪᠠᠶᠢᠵᠤ᠂ ᠰᠢᠯᠭᠠᠷᠠᠭᠤᠯᠤᠯᠲᠠ ᠳᠤ | ᠣᠷᠣᠯᠴᠠᠭᠰᠠᠨ ᠠᠵᠤ ᠠᠬᠤᠶᠢᠯᠠᠯ ᠤᠨ 38.9% ᠶᠢ ᠡᠵᠡᠯᠡᠪᠡ︔ ᠰᠠᠶᠢᠨ ᠳᠡᠰ ᠲᠠᠢ ᠠᠵᠤ ᠠᠬᠤᠶᠢᠯᠠᠯ 5 ᠪᠠᠶᠢᠵᠤ᠂ ᠰᠢᠯᠭᠠᠷᠠᠭᠤᠯᠤᠯᠲᠠ ᠳᠤ ᠣᠷᠣᠯᠴᠠᠭᠰᠠᠨ ᠠᠵᠤ | ᠠᠬᠤᠶᠢᠯᠠᠯ ᠤᠨ 27.8% ᠶᠢ ᠡᠵᠡᠯᠡᠪᠡ︔ ᠬᠢᠷᠢ ᠲᠡᠩᠴᠡᠭᠰᠡᠨ ᠳᠡᠰ ᠲᠠᠢ ᠠᠵᠤ ᠠᠬᠤᠶᠢᠯᠠᠯ 6 ᠪᠠᠶᠢᠵᠤ᠂ ᠰᠢᠯᠭᠠᠷᠠᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠨ | 33.3% ᠶᠢ ᠡᠵᠡᠯᠡᠪᠡ᠃ | ︵ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ︶ | |