2024 ᠣᠨ ᠤ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠤᠨ ᠰᠦᠯᠵᠢᠶᠡᠨ ᠤ ᠰᠤᠷᠤᠯᠴᠠᠯᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/4/9
  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠡᠷᠡᠭᠵᠢᠭᠦᠯᠬᠦ  ᠠᠷᠭ᠎ᠠ︾ ︵ᠥᠪᠥᠷ ᠬᠥᠮᠦᠨ ᠤ ᠬᠦᠴᠦᠨ ᠲᠠᠷᠬᠠᠭᠠᠭᠰᠠᠨ ﹇ 2017﹈ 3 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ 2024 ᠣᠨ ᠤ ᠪᠥᠬᠦ ᠣᠷᠣᠨ ᠤ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠬᠡᠷ ᠲᠠᠷᠬᠠᠭᠠᠭᠰᠠᠨ ﹇2023﹈  204 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠤᠨ ᠰᠦᠯᠵᠢᠶᠡᠨ ᠤ ᠰᠤᠷᠤᠯᠴᠠᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠪᠣᠯᠪᠠᠰᠤᠷᠠᠯ ᠳᠤ ᠣᠷᠣᠯᠴᠠᠬᠤ ᠡᠲᠡᠭᠡᠳ  ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠶᠢᠷᠠᠭᠤᠯᠤᠭᠴᠢ ᠰᠤᠷᠪᠤᠯᠵᠢᠯᠠᠭᠴᠢ᠂ ᠨᠡᠪᠲᠡᠷᠡᠭᠦᠯᠦᠭᠴᠢ ᠬᠦᠲᠦᠯᠦᠭᠴᠢ᠂ ᠡᠯᠧᠺᠲᠷᠣᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠠᠵᠢᠯᠲᠠᠨ᠃  ᠬᠤᠶᠠᠷ᠂ ᠪᠣᠯᠪᠠᠰᠤᠷᠠᠯ ᠤᠨ ᠴᠠᠭ  ᠪᠣᠯᠪᠠᠰᠤᠷᠠᠯ ᠤᠨ ᠴᠠᠭ ᠨᠢ 2024 ᠣᠨ ᠤ 4 ᠳ᠋ᠦ᠋ᠭᠡᠷ ᠰᠠᠷ᠎ᠠ ᠶᠢᠨ 10 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃  ᠭᠤᠷᠪᠠ᠂ ᠪᠣᠯᠪᠠᠰᠤᠷᠠᠯ ᠤᠨ ᠠᠭᠤᠯᠭ᠎ᠠ  ᠪᠣᠯᠪᠠᠰᠤᠷᠠᠯ ᠤᠨ ᠲᠠᠪᠴᠠᠩ ᠳᠤ ᠴᠠᠭ ᠤᠯᠤᠰ ᠲᠥᠷᠥ ᠶᠢᠨ ᠲᠥᠷᠥᠯ ᠤᠨ ᠰᠠᠭᠤᠷᠢ ᠬᠢᠴᠢᠶᠡᠯ ᠪᠠ ᠰᠣᠨᠢᠨ ᠮᠡᠳᠡᠭᠡ᠂ ᠨᠡᠪᠲᠡᠷᠡᠭᠦᠯᠭᠡ᠂ ᠡᠯᠧᠺᠲᠷᠣᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠬᠢᠴᠢᠶᠡᠯ ᠢ ᠲᠣᠬᠢᠷᠠᠭᠤᠯᠵᠤ᠂ ᠰᠤᠷᠤᠭᠴᠢᠳ ᠡᠷᠬᠡᠪᠰᠢ ᠲᠣᠭᠲᠠᠭᠰᠠᠨ ᠪᠣᠯᠪᠠᠰᠤᠷᠠᠯ ᠤᠨ ᠴᠠᠭ ᠲᠤ ᠰᠠᠭᠤᠷᠢ ᠬᠢᠴᠢᠶᠡᠯ 40 ᠬᠢᠴᠢᠶᠡᠯ ᠤᠨ ᠴᠠᠭ᠂ ᠲᠤᠰᠬᠠᠶ ᠮᠡᠷᠭᠡᠵᠢᠯ ᠤᠨ ᠲᠥᠷᠥᠯ ᠢᠯᠭᠠᠯ ᠤᠨ ᠬᠢᠴᠢᠶᠡᠯ 20 ᠬᠢᠴᠢᠶᠡᠯ ᠤᠨ ᠴᠠᠭ᠂ ᠨᠡᠶᠢᠲᠡ 60 ᠬᠢᠴᠢᠶᠡᠯ ᠤᠨ ᠴᠠᠭ ᠢ ᠰᠣᠷᠣᠯᠴᠠᠵᠤ ᠳᠠᠭᠤᠰᠬᠠᠨ᠎ᠠ᠃  2022 ᠣᠨ᠂ 2023 ᠣᠨ ᠳᠤ ᠨᠡᠷ᠎ᠡ ᠮᠡᠳᠡᠭᠦᠯᠦᠭᠰᠡᠨ ᠤ ᠳᠠᠷᠠᠭ᠎ᠠ ᠰᠤᠷᠤᠯᠴᠠᠯᠭ᠎ᠠ ᠪᠠᠨ ᠪᠡᠶᠡᠯᠡᠭᠦᠯᠦᠭᠡᠳᠦᠢ ᠰᠤᠷᠤᠯᠭᠠᠲᠠᠨ ᠪᠦᠬᠦ ᠬᠢᠴᠢᠶᠡᠯ ᠢ ᠨᠦᠬᠦᠵᠦ ᠳᠠᠭᠤᠰᠬᠠᠭᠰᠠᠨ ᠤ ᠳᠠᠷᠠᠭ᠎ᠠ ᠰᠦᠯᠵᠢᠶᠡᠨ ᠳᠡᠭᠡᠷᠡᠬᠢ ᠰᠢᠯᠭᠠᠯᠲᠠ ᠳᠤ ᠣᠷᠣᠯᠴᠠᠵᠤ ᠪᠣᠯᠣᠨ᠎ᠠ᠃ 2022 ᠣᠨ᠂ 2023 ᠣᠨ ᠳᠤ ᠨᠡᠷ᠎ᠡ ᠮᠡᠳᠡᠭᠦᠯᠦᠭᠰᠡᠨ ᠦᠭᠡᠢ ᠰᠤᠷᠤᠭᠴᠢ ᠪᠣᠯ ᠨᠡᠷ᠎ᠡ ᠮᠡᠳᠡᠭᠦᠯᠬᠦ ᠶᠢᠨ ᠬᠠᠮᠲᠤ ᠪᠦᠬᠦ ᠬᠢᠴᠢᠶᠡᠯ ᠢ ᠪᠡᠶᠡᠯᠡᠭᠦᠯᠦᠭᠰᠡᠨ ᠤ ᠳᠠᠷᠠᠭ᠎ᠠ ᠰᠦᠯᠵᠢᠶᠡᠨ ᠳᠡᠭᠡᠷᠡᠬᠢ ᠰᠢᠯᠭᠠᠯᠲᠠ ᠳᠤ ᠣᠷᠣᠯᠴᠠᠵᠤ ᠪᠣᠯᠤᠨ᠎ᠠ᠃  ᠳᠥᠷᠪᠡ᠂ ᠪᠣᠯᠪᠠᠰᠤᠷᠠᠯ ᠤᠨ ᠠᠷᠭ᠎ᠠ ᠬᠡᠯᠪᠡᠷᠢ  ᠪᠣᠯᠪᠠᠰᠤᠷᠠᠯ ᠨᠢ ᠰᠦᠯᠵᠢᠶ᠎ᠡ ᠪᠠᠷ ᠬᠢᠴᠢᠶᠡᠯᠯᠡᠬᠦ ᠬᠡᠯᠪᠡᠷᠢ ᠶᠢ ᠠᠪᠴᠤ᠂ ᠡᠯ᠎ᠡ ᠨᠢᠭᠡᠴᠢ ᠶᠢᠨ ᠬᠤᠯᠪᠤᠭᠳᠠᠯ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠥᠪᠥᠷ ᠮᠣᠩᠭᠤᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠦᠮᠦᠵᠢᠯ ᠤᠨ ᠰᠦᠯᠵᠢᠶᠡᠨ ᠳᠡᠭᠡᠷ᠎ᠡ ᠰᠤᠷᠤᠯᠴᠠᠬᠤ ᠰᠦᠯᠵᠢᠶ᠎ᠡ ︵ᠰᠦᠯᠵᠢᠶᠡᠨ ᠬᠠᠶ᠋ᠢᠭ᠄ http://nmg.chinahrt.com ︶ ᠪᠠᠷ ᠰᠦᠯᠵᠢᠶᠡᠨ ᠳᠤ ᠭᠠᠷᠴᠤ ᠪᠣᠯᠪᠠᠰᠤᠷᠠᠯ ᠳᠤ ᠣᠷᠣᠯᠴᠠᠨ᠎ᠠ᠃  ᠲᠠᠪᠤ᠂ ᠪᠣᠯᠪᠠᠰᠤᠷᠠᠯ ᠤᠨ ᠰᠦᠢᠳᠭᠡᠯ  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ︽ᠪᠣᠯᠪᠠᠰᠤᠷᠠᠯ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠶᠢᠨ ᠰᠦᠢᠳᠭᠡᠯ ᠦᠰᠦᠭ ﹇ 2018﹈ 1399 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠯᠪᠠᠰᠤᠷᠠᠯ ᠤᠨ ᠰᠦᠢᠳᠭᠡᠯ ᠬᠥᠮᠦᠨ ᠪᠦᠷᠢ 180 ᠲᠥᠭᠦᠷᠢᠭ ᠪᠠᠶᠢᠵᠤ᠂ ᠰᠤᠷᠤᠭᠴᠢᠳ ᠥᠪᠡᠷᠲᠡᠭᠡᠨ ᠲᠠᠪᠴᠠᠩ ᠳᠤ ᠨᠡᠪᠲᠡᠷᠡᠨ᠂ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠪᠠ ᠪᠠᠷᠢᠮᠲᠠ ᠶᠢ ᠳᠠᠷᠤᠮᠠᠯᠯᠠᠨ᠎ᠠ᠃  ᠵᠢᠷᠭᠤᠭ᠎ᠠ᠂ ᠪᠤᠰᠤᠳ ᠵᠦᠢᠯ  ︵ᠨᠢᠭᠡ︶ ᠰᠤᠷᠤᠭᠴᠢᠳ 60 ᠬᠢᠴᠢᠶᠡᠯ ᠤᠨ ᠴᠠᠭ ᠤᠨ ᠪᠥᠬᠦ ᠬᠢᠴᠢᠶᠡᠯ ᠢ ᠪᠡᠶᠡᠯᠡᠭᠦᠯᠪᠡᠯ ᠰᠠᠶ᠋ᠢ ᠰᠦᠯᠵᠢᠶᠡᠨ ᠳᠡᠭᠡᠷᠡᠬᠢ ᠰᠢᠯᠭᠠᠯᠲᠠ ᠳᠤ ᠣᠷᠣᠯᠴᠠᠵᠤ᠂ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠤ ᠳᠠᠷᠠᠭ᠎ᠠ ᠥᠪᠡᠷᠲᠡᠭᠡᠨ ᠬᠢᠷᠢ ᠲᠡᠩᠴᠡᠭᠰᠡᠨ ᠦᠨᠡᠮᠯᠡᠯ ᠢᠶᠠᠨ ᠳᠠᠷᠤᠮᠠᠯᠯᠠᠵᠤ ᠪᠣᠯᠤᠨ᠎ᠠ᠃ ᠪᠣᠯᠪᠠᠰᠤᠷᠠᠯ ᠤᠨ ᠰᠠᠭᠤᠷᠢᠨ ᠭᠠᠵᠠᠷ ᠠᠴᠠ ᠪᠦᠲᠦᠮᠵᠢ ᠶᠢ ᠰᠦᠯᠵᠢᠶᠡᠨ ᠳᠡᠭᠡᠷ᠎ᠡ ᠨᠢᠭᠡᠳᠦᠯᠲᠡᠶ ᠬᠢᠨᠠᠨ ᠬᠠᠷᠭᠤᠭᠤᠯᠵᠤ᠂ ᠳᠡᠭᠡᠭᠰᠢ ᠮᠡᠳᠡᠭᠦᠯᠦᠨ ᠬᠢᠨᠠᠨ ᠰᠢᠯᠭᠠᠨ᠎ᠠ᠃  ︵ᠬᠤᠶᠠᠷ︶ ᠬᠢᠨᠠᠨ ᠰᠢᠯᠭᠠᠬᠤ ᠺᠠᠷᠲ ᠳᠠᠷᠤᠮᠠᠯᠯᠠᠬᠤ ᠰᠤᠷᠤᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠰᠤᠷᠤᠭᠴᠢᠳ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠳᠤ ᠣᠷᠣᠵᠤ ᠥᠪᠡᠷᠲᠡᠭᠡᠨ ᠳᠠᠷᠤᠮᠠᠯᠯᠠᠵᠤ ᠪᠣᠯᠤᠨ᠎ᠠ᠃  ︵ᠭᠤᠷᠪᠠ︶ ᠲᠤᠰ ᠰᠠᠭᠤᠷᠢᠨ ᠭᠠᠵᠠᠷ ᠤᠨ ᠰᠤᠷᠤᠯᠴᠠᠯᠭ᠎ᠠ ᠳᠤ ᠣᠷᠣᠯᠴᠠᠭᠰᠠᠨ ᠰᠤᠷᠤᠭᠴᠢ ᠪᠦᠬᠦᠨ ᠡᠷᠬᠡᠪᠰᠢ ᠲᠤᠰᠬᠠᠶ ᠮᠡᠷᠭᠡᠵᠢᠯ ᠤᠨ ᠬᠢᠴᠢᠶᠡᠯ ᠤᠨ ᠰᠠᠭᠤᠷᠢᠨ ᠭᠠᠵᠠᠷ ᠢᠶᠠᠨ ᠥᠪᠥᠷ ᠮᠣᠩᠭᠤᠯ ᠤᠨ ᠷᠠᠳᠢᠣ᠋ ᠲᠧᠯᠸᠢᠰ ᠤᠨ ᠳᠠᠮᠵᠢᠭᠤᠯᠤᠨ ᠰᠠᠴᠤᠷᠠᠭᠤᠯᠬᠤ ᠲᠥᠪ ᠤᠨ 501 ᠰᠠᠤᠷᠢ ᠪᠠᠷ ᠰᠣᠩᠭᠤᠨ᠎ᠠ᠂ ᠡᠰᠡ ᠲᠡᠭᠡᠪᠡᠯ ᠰᠤᠷᠤᠯᠴᠠᠯᠭ᠎ᠠ ᠶᠢᠨ ᠲᠠᠪᠴᠠᠩ ᠳᠤ ᠲᠤᠰᠬᠠᠶ ᠮᠡᠷᠭᠡᠵᠢᠯ ᠤᠨ ᠬᠢᠴᠢᠶᠡᠯ ᠤᠨ ᠰᠤᠷᠤᠯᠴᠠᠯᠭ᠎ᠠ ᠶᠢᠨ ᠲᠥᠯᠥᠪᠯᠡᠭᠡ ᠶᠢ ᠪᠠᠶᠢᠴᠠᠭᠠᠨ ᠯᠠᠪᠯᠠᠬᠤ ᠶᠢᠨ ᠠᠷᠭ᠎ᠠ ᠦᠭᠡᠢ︔ ᠠᠯᠪᠠᠨ ᠬᠡᠷᠡᠭᠯᠡᠭᠡᠨ ᠤ ᠬᠢᠴᠢᠶᠡᠯ ᠲᠥᠷᠥᠯ ᠳᠤ ᠨᠢᠭᠡᠨᠲᠡ ᠲᠣᠰ ᠰᠠᠭᠤᠷᠢᠨ ᠭᠠᠵᠠᠷ ᠢᠶᠠᠨ ᠳᠠᠩᠰᠠᠯᠠᠭᠤᠯᠤᠭᠰᠠᠨ ᠰᠤᠷᠤᠭᠴᠢᠳ ᠰᠢᠭᠤᠳ ᠨᠡᠪᠲᠡᠷᠡᠵᠦ ᠰᠤᠷᠤᠯᠴᠠᠯᠭ᠎ᠠ ᠳᠤ ᠣᠷᠣᠯᠴᠠᠵᠤ ᠪᠣᠯᠤᠨ᠎ᠠ᠃  ᠲᠥᠷᠥ ᠶᠢᠨ ᠪᠣᠳᠣᠯᠭ᠎ᠠ ᠶᠢᠨ ᠯᠠᠪᠯᠠᠭ᠎ᠠ ᠠᠪᠬᠤ ᠤᠲᠠᠰᠤ᠄ 4590032᠂ 4590026  ᠮᠡᠷᠭᠡᠵᠢᠯ ᠤᠨ ᠯᠠᠪᠯᠠᠯᠭ᠎ᠠ ᠠᠪᠬᠤ ᠤᠲᠠᠰᠤ᠄ 400-015-0009  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 4 ᠳ᠋ᠦ᠋ᠭᠡᠷ ᠰᠠᠷ᠎ᠠ ᠶᠢᠨ 9 ᠤ ᠡᠳᠦᠷ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map