| | | | | | ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠪᠠ ᠳᠠᠮᠵᠢᠭᠤᠯᠬᠤ ᠶᠢ ᠬᠥᠲᠥᠯᠥᠨ ᠵᠢᠯᠣᠭᠤᠳᠬᠤ ᠪᠠ | ᠵᠣᠷᠢᠭᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ 2024 ᠣᠨ ᠤ ᠨᠢᠭᠡᠳᠦᠭᠡᠷ ᠤᠯᠠᠷᠢᠯ ᠤᠨ ᠷᠠᠳᠢᠣ᠋ ᠲᠧᠯᠸᠢᠰ ᠤᠨ | ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠯᠠᠷᠢᠯ ᠤᠨ ᠰᠢᠯᠢᠳᠡᠭ ᠢ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠭᠠᠷᠠᠭᠤᠯᠤᠯᠲᠠ ᠳᠤ | ᠣᠷᠣᠯᠴᠠᠭᠰᠠᠨ ᠪᠦᠲᠦᠭᠡᠯ ᠢ ᠨᠡᠶᠢᠲᠡ 120 ᠬᠤᠪᠢ ᠭᠥᠯᠢᠶᠡᠨ ᠠᠪᠴᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠯᠭᠠᠬᠤ ᠪᠠᠷ ᠳᠡᠮᠵᠢᠨ᠂ | ᠰᠢᠯᠢᠳᠡᠭ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠪᠦᠲᠦᠭᠡᠯ ᠢ 20 ᠬᠤᠪᠢ ᠰᠢᠯᠭᠠᠷᠠᠭᠤᠯᠤᠨ ᠭᠠᠷᠭᠠᠵᠤ᠂ ᠡᠳᠦᠭᠡ ᠨᠡᠶᠢᠲᠡᠯᠡᠪᠡ᠃ | ᠨᠡᠶᠢᠲᠡᠯᠡᠯ ᠤᠨ ᠬᠤᠭᠤᠴᠠᠭ᠎ᠠ ᠨᠢ 2024 ᠣᠨ ᠤ 5 ᠳ᠋ᠤᠭᠠᠷ ᠰᠠᠷ᠎ᠠ ᠶᠢᠨ 20 ᠤ ᠡᠳᠦᠷ ᠠᠴᠠ 24 ᠤ ᠡᠳᠦᠷ ᠪᠣᠯᠲᠠᠯ᠎ᠠ ᠪᠣᠯᠣᠨ᠎ᠠ᠃ ᠨᠡᠶᠢᠲᠡᠯᠡᠯ ᠤᠨ | ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠣᠯ᠂ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ | ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ︵ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠭᠠᠵᠠᠷ︶ ᠲᠤ ᠬᠠᠷᠢᠭᠤ ᠲᠤᠰᠬᠠᠭᠠᠷᠠᠢ᠃ | ᠬᠠᠷᠢᠯᠴᠠᠬᠤ ᠣᠳᠠᠰᠣ᠄ 0471 - 4590092 | ᠹᠠᠺᠰ᠄ 0471 - 3288016᠃ | ᠳᠠᠭᠠᠯᠳᠤᠭᠤᠯᠤᠯ᠄ 2024 ᠣᠨ ᠤ ᠨᠢᠭᠡᠳᠦᠭᠡᠷ ᠤᠯᠠᠷᠢᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠢᠯᠢᠳᠡᠭ ᠪᠦᠲᠦᠭᠡᠯ ᠤᠨ ᠨᠡᠷᠡᠰ. | doc | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ | 2024 ᠣᠨ ᠤ 5 ᠳ᠋ᠤᠭᠠᠷ ᠰᠠᠷ᠎ᠠ ᠶᠢᠨ 20 ᠤ ᠡᠳᠦᠷ | |