ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠳᠤ᠄ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ | ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠤᠰᠠᠳᠠ᠂ ᠮᠠᠨ ᠤ | ᠲᠣᠪᠴᠢᠶ᠎ᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢ ᠡᠯᠰᠡᠨ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ | ᠥᠷᠨᠢᠭᠦᠯᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠃ | ᠨᠢᠭᠡ᠂ ᠠᠵᠢᠯᠯᠠᠭᠠᠨ ᠤ ᠲᠣᠬᠢᠷᠠᠭᠤᠯᠤᠯᠲᠠ | ︵ᠨᠢᠭᠡ︶ ᠪᠦᠲᠦᠭᠡᠯ ᠡᠯᠰᠡᠬᠦ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠪᠠᠷ ᠵᠢᠯᠣᠭᠤᠳᠤᠮᠵᠢ | ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ | ᠲᠣᠭᠤᠷᠢᠨ ᠳᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠠᠬᠤᠶ ᠪᠠᠶᠢᠳᠠᠯ ᠢᠶᠠᠨ ᠳᠡᠭᠡᠭᠰᠢᠯᠡᠭᠦᠯᠦᠨ᠂ | ᠤᠬᠠᠮᠰᠠᠷ ᠠᠴᠠ ᠪᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠡᠪ ᠬᠠᠮᠲᠤ ᠨᠠᠮ ᠤᠨ ᠭᠡᠰᠢᠭᠦᠨ ᠲᠥᠪ ᠭᠤᠤᠯᠴᠢ ᠠᠷᠢᠭᠤᠨ ᠴᠢᠬᠡᠴᠢ ᠤᠯᠤᠰ ᠲᠥᠷᠥ ᠶᠢᠨ | ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ ᠵᠡᠷᠭᠡ ᠪᠠᠷ ᠭᠤᠤᠯᠳᠠᠭᠤᠯᠵᠤ᠂ ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢ ᠢᠳᠡᠪᠬᠢᠲᠡᠶ ᠵᠣᠬᠢᠶᠠᠨ ᠪᠦᠲᠦᠭᠡᠵᠦ᠂ 6 | ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ︽ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢᠨ ᠪᠦᠲᠦᠭᠡᠯ ᠤᠨ ᠳᠠᠩᠰᠠᠯᠠᠬᠤ ᠬᠦᠰᠦᠨᠦᠭᠲᠦ︾ ᠪᠠ ᠸᠢᠳᠢᠣ᠋ | ᠪᠦᠲᠦᠭᠡᠯ ᠢ ᠬᠠᠮᠲᠤ ᠪᠠᠷ ᠢᠮᠧᠯ ᠳᠤ ᠮᠡᠳᠡᠭᠦᠯᠦᠨ ᠬᠦᠷᠭᠡᠨ᠎ᠡ᠃ | ︵ᠬᠤᠶᠠᠷ︶ ᠪᠦᠲᠦᠭᠡᠯ ᠢ ᠬᠢᠨᠠᠨ ᠲᠣᠭᠲᠠᠭᠠᠬᠤ᠃ 6 ᠳ᠋ᠤᠭᠠᠷ ᠰᠠᠷ᠎ᠠ ᠶᠢᠨ ᠬᠤᠷᠢᠳ ᠢᠶᠠᠷ ᠲᠤᠰᠬᠠᠶ ᠮᠡᠷᠭᠡᠵᠢᠯᠲᠡᠨ ᠢ ᠤᠷᠢᠵᠤ ᠡᠯᠰᠡᠨ ᠴᠤᠭᠯᠠᠭᠤᠯᠤᠭᠰᠠᠨ | ᠪᠦᠲᠦᠭᠡᠯ ᠢ ᠰᠢᠯᠭᠠᠷᠠᠭᠤᠯᠵᠤ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠵᠡᠷᠭᠡ ᠱᠠᠩᠨᠠᠯ ᠢ | ᠶᠡᠷᠦᠩᠬᠡᠶᠢᠯᠡᠨ ᠰᠢᠯᠭᠠᠷᠠᠭᠤᠯᠤᠨ ᠭᠠᠷᠭᠠᠵᠤ᠂ ᠢᠷᠠᠭᠤ ᠠᠯᠳᠠᠷ ᠤᠨ ᠦᠨᠡᠮᠯᠡᠯ ᠣᠯᠭᠤᠨ᠎ᠠ᠃ | ︵ᠭᠤᠷᠪᠠ︶ ᠪᠦᠲᠦᠭᠡᠯ ᠤᠨ ᠦᠵᠡᠭᠦᠯᠭᠡ᠃ ᠰᠢᠨ᠎ᠡ ᠵᠠᠭᠤᠴᠢᠯᠠᠭᠤᠷ ᠤᠨ ᠵᠢᠭᠰᠠᠭᠠᠯ᠂ ᠤᠬᠠᠭᠤᠯᠭ᠎ᠠ ᠶᠢᠨ ᠪᠤᠯᠤᠩ ᠵᠡᠷᠭᠡ ᠠᠴᠢᠶᠠᠯᠠᠪᠤᠷᠢ ᠶᠢ ᠠᠰᠢᠭᠯᠠᠨ᠂ ᠰᠢᠯᠢᠳᠡᠭ | ᠪᠦᠲᠦᠭᠡᠯ ᠢ ᠳᠡᠯᠭᠡᠨ ᠨᠡᠪᠲᠡᠷᠡᠭᠦᠯᠵᠦ᠂ ᠰᠢᠯᠢᠳᠡᠭ ᠢ ᠨᠢ ᠰᠣᠩᠭᠤᠵᠤ ᠳᠡᠭᠡᠳᠦ ᠱᠠᠲᠤᠨ ᠤ ᠪᠠᠶᠢᠭᠤᠯᠤᠮᠵᠢ ᠳᠤ ᠲᠠᠨᠢᠯᠴᠠᠭᠤᠯᠤᠨ᠎ᠠ᠃ | ᠬᠤᠶᠠᠷ᠂ ᠪᠦᠲᠦᠭᠡᠯ ᠤᠨ ᠱᠠᠭᠠᠷᠳᠠᠯᠭ᠎ᠠ | ︵ᠨᠢᠭᠡ︶ ᠭᠤᠣᠯ ᠰᠡᠳᠦᠪ ᠭᠤᠣᠯ ᠱᠤᠭᠤᠮ ᠢ ᠳᠣᠪᠤᠶᠢᠯᠭᠠᠨ᠎ᠠ᠃ ᠲᠤᠭ ᠲᠡᠮᠳᠡᠭ ᠲᠣᠳᠣᠷᠬᠠᠢ ᠪᠠᠷ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ | ᠤᠳᠤᠷᠢᠳᠤᠮᠵᠢ᠂ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠵᠣᠬᠢᠶᠠᠯ ᠪᠦᠲᠦᠭᠡᠯ ᠢ ᠴᠤᠭᠯᠠᠭᠤᠯᠬᠤ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠣᠬᠤᠷ ᠸᠢᠳᠢᠣ᠋ ᠶᠢ | ᠰᠡᠭᠦᠳᠡᠷᠯᠡᠵᠦ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠤᠯᠤᠰ ᠲᠦᠷᠦ ᠶᠢᠨ ᠪᠣᠭᠤᠮᠲᠠ ᠶᠢ ᠰᠠᠬᠢᠬᠤ ᠶᠢ | ᠴᠢᠩᠭᠠᠳᠬᠠᠵᠤ᠂ ᠡᠯ᠎ᠡ ᠵᠦᠢᠯ ᠤᠨ ︽ᠮᠠᠭᠤ ᠪᠠᠷ ᠰᠠᠶᠢᠰᠢᠶᠠᠬᠤ︾᠂ ︽ᠰᠠᠶᠢᠨ ᠢᠶᠠᠷ ᠮᠠᠭᠤᠯᠠᠬᠤ︾ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ︵ᠬᠤᠶᠠᠷ︶ ᠢᠯᠡᠳᠬᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠵᠣᠬᠢᠶᠠᠯ ᠪᠦᠲᠦᠭᠡᠯ ᠤᠨ ᠵᠣᠬᠢᠶᠠᠨ ᠪᠦᠲᠦᠭᠡᠯᠭᠡ ᠳᠤ ᠵᠦᠴᠦᠭᠡ ᠶᠢᠨ ᠦᠢᠯᠡ ᠶᠠᠪᠤᠳᠠᠯ ᠤᠨ | ᠲᠥᠷᠥᠯ᠂ ᠲᠡᠮᠲᠡᠭᠯᠡᠯ ᠤᠨ ᠲᠥᠷᠥᠯ᠂ ᠪᠦᠲᠦᠭᠡᠯᠴᠢ ᠰᠡᠳᠬᠢᠮᠵᠢ ᠶᠢᠨ ᠲᠥᠷᠥᠯ᠂ ᠰᠣᠷᠪᠣᠯᠵᠢᠯᠠᠯ ᠤᠨ ᠲᠥᠷᠥᠯ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠲᠥᠷᠥᠯ | ᠵᠡᠷᠭᠡ ᠶᠢ ᠬᠡᠷᠡᠭᠯᠡᠵᠦ ᠪᠣᠯᠤᠨ᠎ᠠ᠂ ᠬᠡᠯᠪᠡᠷᠢ ᠨᠢ ᠪᠠᠭᠲᠠᠬᠤ ᠪᠣᠯᠪᠠᠴᠤ Vlog᠂ ᠪᠢᠴᠢᠯ ᠺᠢᠨᠣ᠋᠂ ᠪᠢᠴᠢᠯ ᠪᠠᠷᠢᠮᠲᠠᠲᠤ ᠹᠢᠯᠢᠮ᠂ ᠺᠠᠷᠲ᠋ᠣᠨ ᠵᠢᠷᠤᠭ᠂ MV ᠵᠡᠷᠭᠡ ᠶᠢ | ᠬᠢᠵᠠᠭᠠᠷᠯᠠᠬᠤ ᠦᠭᠡᠢ᠃ | ︵ᠭᠤᠷᠪᠠ︶ ᠸᠢᠳᠢᠣ᠋ ᠶᠢᠨ ᠦᠢᠯᠡᠳᠬᠦ ᠱᠠᠭᠠᠷᠳᠠᠯᠭ᠎ᠠ᠃ ᠸᠢᠳᠢᠤ᠋ ᠶᠢᠨ ᠬᠡᠯᠪᠡᠷᠢ ᠨᠢ MP4᠂ MOV᠂ MPG ᠪᠠᠶᠢᠵᠤ᠂ ᠬᠦᠨᠳᠡᠯᠡᠨ ᠪᠣᠰᠤᠭ᠎ᠠ ᠳᠡᠯᠭᠡᠴᠡ ᠶᠢᠨ | ᠬᠡᠯᠪᠡᠷᠢ ᠶᠢ ᠳᠡᠮᠵᠢᠵᠦ᠂ ᠢᠯᠭᠠᠯᠲᠠ ᠶᠢᠨ ᠨᠣᠷᠮ᠎ᠠ ᠶᠢ 1920*1080 ︵ᠬᠥᠨᠳᠡᠯᠡᠨ ᠳᠡᠯᠭᠡᠴᠡ︶᠂ 1080*1820 ︵ᠪᠣᠰᠤᠭ᠎ᠠ ᠳᠡᠯᠭᠡᠴᠡ︶ ᠠᠴᠠ ᠳᠣᠣᠷ᠎ᠠ | ᠪᠠᠶᠢᠯᠭᠠᠵᠤ ᠪᠣᠯᠬᠤ ᠦᠭᠡᠢ᠂ ᠹᠷᠠᠮ ᠤᠨ ᠬᠤᠷᠳᠤᠴᠠ ᠶᠢ 25 ᠹᠷᠠᠮ / ᠰᠧᠺᠦ᠋ᠨ᠋ᠲ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠡᠬᠡ ᠪᠢᠴᠢᠭ ᠢᠶᠠᠷ ᠢᠯᠡᠭᠡᠬᠦ ᠸᠢᠳᠢᠣ᠋ ᠳᠤ | ᠥᠨᠴᠥᠭ ᠤᠨ ᠲᠡᠮᠳᠡᠭ ᠪᠠ ᠤᠰᠤᠨ ᠲᠠᠮᠠᠭ᠎ᠠ ᠥᠬᠡᠶ ᠪᠠᠶᠢᠬᠤ ᠶᠢ ᠱᠠᠭᠠᠷᠳᠠᠵᠤ᠂ ᠵᠠᠷ ᠮᠡᠳᠡᠭᠡ ᠶᠢᠨ ᠰᠡᠵᠢᠭᠯᠡᠯ ᠥᠬᠡᠶ ᠪᠠᠶᠢᠵᠤ᠂ ᠥᠰᠥᠭ ᠤᠨ ᠳᠡᠯᠭᠡᠴᠡ ᠳᠤ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠵᠢᠷᠤᠮᠵᠢᠭᠤᠯᠤᠨ ᠬᠡᠷᠡᠭᠯᠡᠬᠦ ᠬᠡᠷᠡᠭᠲᠡᠶ ᠪᠥᠭᠡᠳ ᠬᠠᠷᠭᠤᠭᠤᠯᠭ᠎ᠠ ᠣᠨᠣᠪᠴᠢᠲᠠᠶ ᠠᠯᠳᠠᠭ᠎ᠠ ᠥᠬᠡᠶ ᠪᠠᠶᠢᠬᠤ ᠶᠢ ᠱᠠᠭᠠᠷᠳᠠᠨ᠎ᠠ᠂ | ᠴᠠᠭ ᠤᠨ ᠬᠢᠵᠠᠭᠠᠷᠯᠠᠯ 5 ᠮᠢᠨᠦ᠋ᠲ ᠪᠠᠶᠢᠵᠤ᠂ ᠪᠢᠴᠢᠭ ᠮᠠᠲ᠋ᠧᠷᠢᠶᠠᠯ ᠢ ︽ᠨᠢᠭᠡᠴᠢ + ᠣᠪᠣᠭ ᠨᠡᠷ᠎ᠡ + ᠪᠦᠲᠦᠭᠡᠯ ᠤᠨ ᠨᠡᠷᠡᠶᠢᠳᠦᠯ︾ ᠢᠶᠠᠷ ᠨᠡᠷᠡᠶᠢᠳᠬᠦ ᠬᠡᠷᠡᠭᠲᠡᠢ᠃ | ︵ᠳᠥᠷᠪᠡ︶ ᠰᠣᠩᠭᠤᠨ ᠬᠦᠷᠭᠡᠬᠦ ᠲᠤᠭ᠎ᠠ ᠬᠡᠮᠵᠢᠶᠡᠨ ᠤ ᠱᠠᠭᠠᠷᠳᠠᠯᠭ᠎ᠠ᠃ ᠲᠣᠪᠴᠢᠶ᠎ᠠ ᠶᠢᠨ ᠪᠠᠶᠢᠭᠤᠯᠭ᠎ᠠ ᠭᠠᠵᠠᠷ ᠲᠠᠰᠤᠭ ᠬᠠᠮᠲᠤᠷᠠᠨ ᠰᠣᠩᠭᠤᠨ ᠬᠦᠷᠭᠡᠬᠦ | ᠪᠦᠲᠦᠭᠡᠯ ᠨᠢ 2 ᠬᠤᠪᠢ ᠠᠴᠠ ᠴᠥᠬᠡᠨ ᠪᠠᠶᠢᠵᠤ ᠪᠣᠯᠬᠤ ᠦᠭᠡᠢ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ︵ᠡᠯ᠎ᠡ ᠰᠠᠯᠪᠤᠷᠢ ᠪᠠᠶᠢᠭᠤᠯᠤᠮᠵᠢ ᠶᠢ ᠪᠠᠭᠲᠠᠭᠠᠨ᠎ᠠ︶ ᠶᠢᠨ | ᠰᠣᠩᠭᠤᠨ ᠬᠦᠷᠭᠡᠬᠦ ᠪᠦᠲᠦᠭᠡᠯ ᠨᠢ1 ᠬᠤᠪᠢ ᠠᠴᠠ ᠴᠥᠬᠡᠨ ᠪᠠᠶᠢᠵᠤ ᠪᠣᠯᠬᠤ ᠦᠭᠡᠢ ᠪᠠᠶᠢᠵᠤ᠂ ᠣᠯᠠᠨ ᠢ ᠬᠢᠵᠠᠭᠠᠷᠯᠠᠬᠤ ᠦᠭᠡᠢ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ ᠡᠯ᠎ᠡ ᠭᠠᠵᠠᠷ ᠭᠡᠷ᠂ ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢᠨ ᠵᠣᠬᠢᠶᠠᠨ ᠪᠦᠲᠦᠭᠡᠯᠭᠡ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠭᠤᠷ | ᠠᠮᠢᠰᠬᠤᠯ ᠢ ᠪᠤᠢ ᠪᠣᠯᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠰᠡᠳᠭᠢᠮᠵᠢ ᠠᠷᠭ᠎ᠠ | ᠬᠡᠮᠵᠢᠶ᠎ᠡ ᠪᠠᠨ ᠰᠢᠨᠡᠴᠢᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠢᠶᠠᠨ ᠲᠣᠪᠣᠶᠢᠯᠭᠠᠨ᠎ᠠ᠃ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠦᠲᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠪᠠᠶᠢᠳᠠᠯ ᠲᠠᠢ ᠣᠶᠢᠷᠠᠳᠬᠤ᠂ ᠠᠮᠢᠳᠤᠷᠠᠯ ᠲᠠᠢ ᠣᠶᠢᠷᠠᠳᠬᠤ᠂ ᠣᠯᠠᠨ ᠲᠦᠮᠡᠨ ᠲᠠᠢ ᠣᠶᠢᠷᠠᠳᠬᠤ ᠶᠢ | ᠪᠠᠷᠢᠮᠲᠠᠯᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠲᠥᠷᠥᠯ ᠤᠨ ᠣᠨᠴᠠᠯᠢᠭ ᠢᠶᠠᠨ ᠳᠣᠪᠤᠶᠢᠯᠭᠠᠵᠤ᠂ ᠣᠯᠠᠨ ᠶᠠᠩᠵᠤ ᠶᠢᠨ ᠢᠯᠡᠷᠡᠭᠦᠯᠬᠦ | ᠬᠡᠯᠪᠡᠷᠢ ᠪᠠᠷ ᠺᠠᠳ᠋ᠷ ᠠᠵᠢᠯᠲᠠᠨ ᠠᠵᠢᠯᠴᠢᠨ ᠤ ᠣᠷᠭᠢᠯᠤᠮ᠎ᠠ ᠬᠠᠯᠠᠭᠤᠨ ᠠᠵᠢᠯ ᠤᠨ ᠰᠡᠳᠬᠢᠯᠭᠡ᠂ ᠯᠠᠪᠳᠠᠭᠤᠨ ᠪᠠᠲᠤᠲᠠᠶ ᠠᠵᠢᠯ ᠤᠨ ᠠᠷᠭ᠎ᠠ ᠬᠡᠮᠵᠢᠶ᠎ᠡ ᠶᠢ ᠠᠳᠠᠯᠢ ᠪᠤᠰᠤ | ᠲᠠᠯ᠎ᠠ ᠠᠴᠠ ᠢᠯᠡᠷᠡᠭᠦᠯᠬᠦ ᠬᠡᠷᠡᠭᠲᠡᠶ᠃ | ︵ᠭᠤᠷᠪᠠ︶ ᠤᠬᠠᠭᠤᠯᠭ᠎ᠠ ᠪᠠᠨ ᠴᠢᠩᠭᠠᠷᠠᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠢᠢᠳᠭᠡᠯ ᠥᠭᠬᠦ ᠲᠦᠷᠢᠮ︾ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠷᠢᠭᠤᠨ ᠴᠢᠬᠡᠴᠢ ᠰᠣᠶᠣᠯ ᠤᠨ | ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠷᠢᠭᠤᠨ ᠴᠢᠬᠡᠴᠢ ᠰᠣᠶᠣᠯ ᠤᠨ ᠬᠥᠮᠦᠵᠢᠯ᠂ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ᠂ | ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠂ ᠶᠣᠰᠣ ᠲᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠣᠶ | ᠪᠣᠯᠭᠠᠬᠤ ᠬᠡᠷᠡᠭᠲᠡᠢ᠃ | | ᠳᠠᠭᠠᠯᠳᠤᠭᠤᠯᠤᠯ᠄ ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢᠨ ᠪᠦᠲᠦᠭᠡᠯ ᠤᠨ ᠳᠠᠩᠰᠠᠯᠠᠬᠤ ᠬᠦᠰᠦᠨᠦᠭᠲᠦ.doc | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ | 2024 ᠣᠨ ᠤ 5 ᠳ᠋ᠤᠭᠠᠷ ᠰᠠᠷ᠎ᠠ ᠶᠢᠨ 23 ᠤ ᠡᠳᠦᠷ | | ᠬᠠᠷᠢᠯᠴᠠᠬᠤ ᠬᠥᠮᠦᠨ᠄ ᠶᠠᠩ ᠹᠠᠨ | ᠬᠠᠷᠢᠯᠴᠠᠬᠤ ᠤᠲᠠᠰᠤ᠄ 4590063 | ᠢᠮᠧᠯ᠄ xwgd417@163.com | |