ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠥᠭᠵᠢᠯᠲᠡ ᠶᠢᠨ ᠲᠥᠯᠥᠪᠵᠢᠭᠦᠯᠭᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/5/24
  ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠦᠭᠰᠡᠨ ᠤ ᠳᠠᠷᠠᠭ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠣᠯᠤᠨ᠎ᠠ᠂ ᠮᠥᠨ ᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ᠂ ᠣᠶᠣᠨᠲᠤ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠬᠡᠷᠡᠭᠵᠢᠭᠦᠯᠬᠦ ᠪᠠ ᠳᠣᠲᠣᠭᠠᠳᠤ ᠤᠬᠠᠭᠤᠯᠭ᠎ᠠ ᠭᠠᠳᠠᠭᠠᠳᠤ ᠤᠬᠠᠭᠤᠯᠭ᠎ᠠ ᠶᠢ ᠬᠤᠯᠪᠣᠯᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠡᠴᠡᠭᠯᠡᠯ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃  ᠪᠦᠬᠦ ᠵᠣᠬᠢᠶᠠᠯ ᠤᠨ ᠴᠥᠷᠬᠡᠯᠡᠭᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠥᠭᠵᠢᠯᠲᠡ ᠶᠢᠨ ᠲᠥᠯᠥᠪᠵᠢᠭᠦᠯᠭᠡ.doc  

 

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map