| | | | | | ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠬᠠᠮᠢᠶ᠎ᠠ | ᠪᠦᠬᠦᠢ ᠨᠢᠭᠡᠴᠢ ᠳᠤ᠄ | ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ᠤᠨ ᠲᠣᠬᠢᠷᠠᠭᠤᠯᠤᠯᠲᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠨᠡᠪᠲᠡᠷᠡᠭᠦᠯᠭᠡ ᠬᠥᠲᠦᠯᠦᠯᠭᠡ᠂ ᠰᠣᠨᠢᠨ ᠮᠡᠳᠡᠭᠡ᠂ ᠡᠯᠧᠺᠲᠷᠣᠨ ᠢᠨᠵᠧᠨᠧᠷᠢᠩ ᠤᠨ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠃ | ᠨᠢᠭᠡ᠂ ᠬᠢᠨᠠᠨ ᠲᠣᠭᠲᠠᠭᠠᠬᠤ ᠺᠣᠮᠢᠰ ᠤᠨ ᠳᠣᠬᠢᠷᠠᠭᠤᠯᠤᠯᠲᠠ | ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠨᠡᠪᠳᠡᠷᠡᠭᠦᠯᠭᠡ ᠶᠢᠨ ᠬᠤᠷᠠᠯ ᠢ | ᠡᠷᠬᠢᠯᠡᠬᠦ ᠰᠢᠷᠢᠰ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠰᠢᠯᠭᠠᠷᠠᠭᠤᠯᠬᠤ ᠵᠥᠪᠯᠡᠯ ᠢ ᠪᠠᠶᠢᠭᠤᠯᠵᠤ᠂ ᠪᠥᠬᠦ ᠣᠷᠣᠨ ᠤ ᠷᠠᠳᠢᠣ᠋ ᠲᠧᠯᠸᠢᠰ ᠤᠨ | ᠨᠡᠪᠲᠡᠷᠡᠭᠦᠯᠭᠡ ᠬᠥᠲᠦᠯᠦᠯᠭᠡ ᠶᠢᠨ ᠰᠢᠷᠢᠰ ᠮᠡᠷᠭᠡᠵᠢᠯ ᠤᠨ ᠴᠣᠯᠠ ᠶᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠨ᠎ᠠ︔ ᠥᠪᠡᠷᠲᠡᠭᠡᠨ ᠵᠠᠰᠠᠬᠤ | ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠰᠢᠷᠢᠰ ᠪᠠ ᠡᠯᠧᠺᠲᠷᠣᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠳᠤᠮᠳᠠ ︵ᠠᠩᠬ᠎ᠠ ᠵᠡᠷᠭᠡ ᠶᠢᠨ︶ | ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠬᠤ ᠺᠣᠮᠢᠰ ᠢ ᠳᠣᠬᠢᠷᠠᠭᠤᠯᠵᠤ᠂ ᠣᠷᠣᠨ ᠤ ᠰᠢᠭᠤᠳ ᠬᠠᠷᠢᠶ᠎ᠠ ᠨᠢᠭᠡᠴᠢ ᠶᠢᠨ ᠷᠠᠳᠢᠣ᠋ ᠲᠧᠯᠸᠢᠰ ᠤᠨ | ᠰᠣᠨᠢᠨ ᠮᠡᠳᠡᠭᠡᠨ ᠤ ᠰᠢᠷᠢᠰ ᠪᠠ ᠡᠯᠧᠺᠲᠷᠣᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠳᠤᠮᠳᠠ ᠪᠠ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢᠨ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ | ᠬᠤᠶᠠᠷ᠂ ᠬᠢᠨᠠᠨ ᠲᠣᠭᠲᠠᠭᠠᠬᠤ ᠮᠠᠲ᠋ᠧᠷᠢᠶᠠᠯ ᠤᠨ ᠭᠤᠶᠤᠴᠢᠯᠠᠨ ᠮᠡᠳᠡᠭᠦᠯᠬᠦ ᠨᠥᠬᠦᠴᠡᠯ | ᠡᠯ᠎ᠡ ᠨᠢᠭᠡᠴᠢ ᠨᠦᠭᠦᠳ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇ 2023﹈ 4 ᠳ᠋ᠤᠭᠡᠷ | ᠲᠣᠭᠠᠲᠤ︶᠂ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇ 2024﹈ 85 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠡᠯ᠎ᠡ | ᠮᠡᠷᠭᠡᠵᠢᠯ ᠤᠨ ᠴᠣᠯᠠ ᠶᠢᠨ ᠰᠢᠷᠢᠰ ︵ᠲᠤᠰᠬᠠᠶ ᠮᠡᠷᠭᠡᠵᠢᠯ ᠤᠨ︶ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠥᠬᠦᠴᠡᠯ ᠵᠡᠷᠭᠡ ᠪᠢᠴᠢᠭ ᠮᠠᠲ᠋ᠧᠷᠢᠶᠠᠯ ᠤᠨ | ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠷᠠᠳᠢᠣ᠋ ᠲᠧᠯᠸᠢᠰ ᠤᠨ ᠨᠡᠪᠲᠡᠷᠡᠭᠦᠯᠭᠡ ᠬᠥᠲᠦᠯᠦᠯᠭᠡ᠂ ᠰᠣᠨᠢᠨ ᠮᠡᠳᠡᠭᠡ᠂ ᠡᠯᠧᠺᠲᠷᠣᠨ ᠢᠨᠵᠧᠨᠧᠷᠢᠩ ᠤᠨ | ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠳᠡᠭᠡᠷᠡᠬᠢ ᠪᠢᠴᠢᠭ ᠮᠠᠲ᠋ᠧᠷᠢᠶᠠᠯ ᠢ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠰᠦᠯᠵᠢᠶ᠎ᠡ ᠵᠡᠷᠭᠡ ᠬᠤᠯᠪᠣᠭᠳᠠᠯ ᠪᠥᠬᠦᠶ | ᠰᠦᠯᠵᠢᠶᠡᠨ ᠥᠷᠲᠡᠭᠡ ᠠᠴᠠ ᠪᠠᠭᠤᠯᠭᠠᠨ ᠠᠪᠴᠤ ᠪᠣᠯᠤᠨ᠎ᠠ᠂ ᠲᠣᠰ ᠮᠡᠳᠡᠭᠳᠡᠯ ᠨᠢ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠤᠨ ᠡᠯ᠎ᠡ ᠵᠦᠢᠯ ᠤᠨ ᠱᠠᠭᠠᠷᠳᠠᠯᠭ᠎ᠠ ᠶᠢ | ᠳᠠᠭᠢᠵᠤ ᠳᠠᠪᠬᠤᠷᠳᠠᠭᠤᠯᠬᠤ ᠥᠬᠡᠶ᠃ | ᠭᠤᠷᠪᠠ᠂ ᠮᠡᠳᠡᠭᠦᠯᠬᠦ ᠮᠠᠲ᠋ᠧᠷᠢᠶᠠᠯ ᠤᠨ ᠮᠡᠳᠡᠭᠦᠯᠦᠨ ᠬᠦᠷᠭᠡᠬᠦ ᠱᠠᠭᠠᠷᠳᠠᠯᠭ᠎ᠠ | ︵ᠨᠢᠭᠡ︶ ᠭᠤᠶᠤᠴᠢᠯᠠᠨ ᠮᠡᠳᠡᠭᠦᠯᠬᠦ ᠠᠵᠢᠯᠲᠠᠨ ᠡᠩ ᠲᠡᠷᠢᠭᠦᠨ ᠳᠤ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵ᠰᠦᠯᠵᠢᠶᠡᠨ | ᠬᠠᠶ᠋ᠢᠭ᠄ www.nmgrck.cn ︶ ᠳᠤ ᠣᠷᠣᠵᠣ ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠶᠢᠨ ᠬᠠᠮᠲᠤ ᠨᠡᠪᠲᠡᠷᠡᠵᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ — | 2024 ᠣᠨ ᠤ ᠮᠡᠷᠭᠡᠵᠢᠯ ᠤᠨ ᠴᠣᠯᠠ ᠶᠢᠨ ᠭᠤᠶᠤᠴᠢᠯᠠᠨ ᠮᠡᠳᠡᠭᠦᠯᠬᠦ ᠪᠤᠯᠤᠩ ᠳᠤ ᠦᠨᠳᠦᠰᠦᠨ ᠮᠡᠳᠡᠭᠡ ᠵᠠᠩᠭᠢ ᠪᠠᠨ ᠲᠠᠭᠯᠠᠨ᠂ ᠬᠠᠳᠠᠭᠠᠯᠠᠭᠰᠠᠨ ᠤ ᠳᠠᠷᠠᠭ᠎ᠠ ︽ᠲᠤᠰᠬᠠᠶ | ᠮᠡᠷᠭᠡᠵᠢᠯ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠦᠰᠦᠨᠦᠭ︾ ᠪᠠ ︽ᠲᠤᠰᠬᠠᠶ ᠮᠡᠷᠭᠡᠵᠢᠯ ᠤᠨ ᠴᠣᠯᠠ ᠶᠢᠨ ᠬᠦᠷᠭᠡᠵᠦ ᠬᠢᠨᠠᠭᠤᠯᠬᠤ ᠬᠦᠰᠦᠨᠦᠭ︾ ᠢ | ᠪᠠᠭᠤᠯᠭᠠᠵᠤ᠂ ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠲᠠᠭᠯᠠᠨ᠎ᠠ᠃ | ︵ᠬᠤᠶᠠᠷ︶ ᠭᠤᠶᠤᠴᠢᠯᠠᠨ ᠮᠡᠳᠡᠭᠦᠯᠬᠦ ᠬᠥᠮᠦᠰ ᠰᠦᠯᠵᠢᠶᠡᠨ ᠭᠠᠳᠠᠨᠠᠬᠢ ᠮᠠᠲ᠋ᠧᠷᠢᠶᠠᠯ ᠲᠤᠰᠢᠶᠠᠬᠤ ᠠᠷᠭ᠎ᠠ ᠵᠠᠮ ᠪᠠ ᠱᠠᠭᠠᠷᠳᠠᠯᠭ᠎ᠠ ᠶᠢ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2023﹈ 4 ᠳ᠋ᠦ᠋ᠭᠡᠷ ᠲᠣᠭᠠᠲᠤ︶ ᠤᠨ | ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃ | ︵ᠭᠤᠷᠪᠠ︶ ᠭᠤᠶᠤᠴᠢᠯᠠᠨ ᠮᠡᠳᠡᠭᠦᠯᠬᠦ ᠬᠦᠮᠦᠰ ︽ᠲᠤᠰᠬᠠᠶ ᠮᠡᠷᠭᠡᠵᠢᠯ ᠤᠨ ᠴᠣᠯᠠ ᠶᠢᠨ ᠬᠦᠷᠭᠡᠵᠦ ᠦᠨᠡᠯᠡᠭᠦᠯᠬᠦ ᠮᠠᠲ᠋ᠧᠷᠢᠶᠠᠯ ᠤᠨ ᠭᠠᠷᠴᠠᠭ︾ ︵ ᠳᠠᠭᠠᠯᠳᠤᠭᠤᠯᠤᠯ | 1︶ ᠤᠨ ᠶᠤᠰᠤᠭᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠮᠠᠭᠠᠢ ᠪᠡᠯᠡᠳᠬᠡᠨ᠎ᠡ᠃ ᠲᠠᠭᠯᠠᠭᠰᠠᠨ ᠬᠦᠰᠦᠨᠦᠭᠲᠦ ᠪᠠ ᠬᠠᠩᠭᠠᠭᠰᠠᠨ ᠮᠠᠲ᠋ᠧᠷᠢᠶᠠᠯ ᠤᠨ ᠳᠠᠭᠠᠯᠳᠤᠭᠤᠯᠤᠯ ᠨᠢ | ᠡᠷᠬᠡᠪᠰᠢ ᠦᠨᠡᠨ ᠪᠣᠳᠠᠲᠠᠢ ᠪᠥᠭᠡᠳ ᠬᠦᠴᠦᠨ ᠲᠠᠢ ᠪᠠᠶᠢᠵᠤ᠂ ᠠᠭᠤᠯᠭ᠎ᠠ ᠨᠢ ᠨᠢᠭᠡᠳᠦᠯᠲᠡᠢ ᠪᠠᠶᠢᠬᠤ ᠬᠡᠷᠡᠭᠲᠡᠢ᠃ ᠬᠦᠰᠦᠨᠦᠭᠲᠦ ᠳᠤ ᠲᠠᠭᠯᠠᠨ ᠮᠡᠳᠡᠭᠦᠯᠦᠭᠰᠡᠨ ᠠᠵᠢᠯ ᠤᠨ | ᠠᠮᠵᠢᠯᠲᠠ ᠶᠢᠨ ᠦᠷ᠎ᠡ ᠪᠦᠲᠦᠭᠡᠯ᠂ ᠥᠭᠦᠯᠡᠯ ᠰᠤᠳᠤᠯᠭᠠᠨ ᠤ ᠵᠣᠬᠢᠶᠠᠯ ᠨᠢ ᠳᠠᠭᠠᠯᠳᠤᠭᠤᠯᠤᠯ ᠮᠠᠲ᠋ᠧᠷᠢᠶᠠᠯ ᠳᠤ ᠭᠡᠷᠡᠴᠢ ᠪᠠᠶᠢᠬᠤ ᠬᠡᠷᠡᠭᠲᠡᠢ᠂ ᠬᠠᠩᠭᠠᠭᠰᠠᠨ ᠮᠠᠲ᠋ᠧᠷᠢᠶᠠᠯ ᠨᠢ | ᠬᠠᠭᠤᠯᠪᠤᠷᠢ ᠪᠠᠶᠢᠪᠠᠯ᠂ ᠠᠵᠢᠯᠯᠠᠵᠤ ᠪᠠᠶᠢᠭ᠎ᠠ ᠨᠢᠭᠡᠴᠢ ᠶᠢᠨ ᠬᠢᠨᠠᠨ ᠬᠠᠷᠭᠤᠭᠤᠯᠤᠭᠴᠢ ᠤᠭ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠠᠭᠤᠯᠪᠤᠷᠢ ᠳᠡᠭᠡᠷ᠎ᠡ ︽ | ᠲᠣᠰ ᠮᠠᠲ᠋ᠧᠷᠢᠶᠠᠯ ᠨᠢ ᠤᠤᠯ ᠮᠠᠲ᠋ᠧᠷᠢᠶᠠᠯ ᠲᠠᠢ ᠨᠢᠭᠡᠳᠦᠯᠲᠡᠢ︾ ᠭᠡᠵᠦ ᠲᠣᠳᠣᠷᠬᠠᠶᠢᠯᠠᠵᠤ᠂ ᠭᠠᠷ ᠤᠨ ᠦᠰᠦᠭ ᠵᠢᠷᠤᠬᠤ ᠶᠢᠨ ᠬᠠᠮᠲᠤ ᠨᠢᠭᠡᠴᠢ ᠶᠢᠨ ᠠᠯᠪᠠᠨ ᠲᠠᠮᠠᠭ᠎ᠠ ᠶᠢ | ᠳᠠᠷᠤᠨ᠎ᠠ᠃ ᠳᠠᠭᠠᠯᠳᠤᠭᠤᠯᠤᠯ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ A4 ᠴᠠᠭᠠᠰᠤ ᠪᠠᠷ ᠳᠡᠪᠲᠡᠷᠯᠡᠵᠦ᠂ ᠳᠡᠪᠲᠡᠷᠯᠡᠭᠰᠡᠨ ᠦᠭᠡᠶ ᠶᠢ ᠬᠦᠯᠢᠶᠡᠨ ᠠᠪᠬᠤ ᠦᠭᠡᠶ᠃ ︽ | ᠲᠤᠰᠬᠠᠶ ᠮᠡᠷᠭᠡᠵᠢᠯ ᠤᠨ ᠴᠣᠯᠠ ᠶᠢᠨ ᠬᠦᠷᠭᠡᠵᠦ ᠬᠢᠨᠠᠭᠤᠯᠬᠤ ᠬᠦᠰᠦᠨᠦᠭᠲᠦ︾ ᠶᠢᠨ ᠬᠤᠪᠢ ᠬᠥᠮᠦᠨ ᠤ ᠬᠠᠷᠢᠯᠴᠠᠬᠤ ᠠᠷᠭ᠎ᠠ ᠬᠡᠯᠪᠡᠷᠢ ᠪᠠᠨ ᠬᠦᠴᠦᠨ ᠪᠦᠬᠦᠢ ᠪᠠᠷ ᠲᠠᠭᠯᠠᠨ | ᠪᠢᠴᠢᠬᠦ ᠬᠡᠷᠡᠭᠲᠡᠶ᠃ | ︵ᠳᠥᠷᠪᠡ︶ ᠡᠯ᠎ᠡ ᠱᠠᠲᠤᠨ ᠤ ᠬᠢᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ | ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇ | 2023﹈ 4 ᠳ᠋ᠤᠭᠡᠷ ᠲᠣᠭᠠᠲᠤ︶᠂ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ | ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ | ᠣᠷᠣᠨ ᠤ ᠡᠯ᠎ᠡ ᠮᠡᠷᠭᠡᠵᠢᠯ ᠤᠨ ᠴᠣᠯᠠ ᠶᠢᠨ ᠰᠢᠷᠢᠰ ︵ᠲᠤᠰᠬᠠᠶ ᠮᠡᠷᠭᠡᠵᠢᠯ ᠤᠨ︶ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠥᠬᠦᠴᠡᠯ ᠳᠤ ᠱᠠᠭᠠᠷᠳᠠᠭᠰᠠᠨ ᠨᠢ᠂ | ᠭᠤᠶᠤᠴᠢᠯᠠᠨ ᠮᠡᠳᠡᠭᠦᠯᠦᠭᠴᠢ ᠶᠢᠨ ᠬᠠᠩᠭᠠᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠪᠣᠶ ᠪᠦᠬᠦᠢ ᠭᠤᠶᠤᠴᠢᠯᠠᠨ | ᠮᠡᠳᠡᠭᠦᠯᠦᠭᠰᠡᠳ ᠤᠨ ︽ᠲᠤᠰᠬᠠᠢ ᠮᠡᠷᠭᠡᠵᠢᠯ ᠤᠨ ᠴᠣᠯᠠ ᠶᠢᠨ ᠬᠦᠷᠭᠡᠵᠦ ᠬᠢᠨᠠᠭᠤᠯᠬᠤ ᠬᠦᠰᠦᠨᠦᠭᠲᠦ︾ ᠶᠢᠨ ᠨᠡᠶᠢᠲᠡᠯᠡᠯ ᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ | ᠪᠣᠯᠬᠤ ᠦᠭᠡᠢ᠂ ᠨᠡᠶᠢᠲᠡᠯᠡᠭᠡᠳ ᠣᠨᠳᠣᠣ ᠰᠠᠨᠠᠯ ᠦᠭᠡᠢ ᠪᠣᠯ ᠳᠡᠭᠡᠭᠰᠢ ᠮᠡᠳᠡᠭᠦᠯᠦᠨ᠎ᠡ᠃ ︽ᠲᠤᠰᠬᠠᠶ ᠮᠡᠷᠭᠡᠵᠢᠯ ᠤᠨ ᠴᠣᠯᠠ ᠶᠢᠨ ᠬᠦᠷᠭᠡᠵᠦ ᠬᠢᠨᠠᠭᠤᠯᠬᠤ ᠬᠦᠰᠦᠨᠦᠭᠲᠦ︾ | ᠳᠤ ᠪᠠᠶᠢᠭᠤᠯᠭ᠎ᠠ ᠶᠢᠨ ᠬᠢᠨᠠᠨ ᠬᠠᠷᠭᠤᠭᠤᠯᠤᠭᠰᠠᠨ ᠰᠠᠨᠠᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠰᠠᠨᠠᠯ᠂ ᠠᠶᠢᠮᠠᠭ ᠬᠤᠲᠠ ᠶᠢᠨ | ᠲᠢᠩᠬᠢᠮ ᠲᠣᠪᠴᠢᠶ᠎ᠠ ᠶᠢᠨ ᠬᠢᠨᠠᠨ ᠬᠠᠷᠭᠤᠭᠤᠯᠤᠭᠰᠠᠨ ᠰᠠᠨᠠᠯ ᠤᠨ ᠬᠡᠰᠡᠭ ᠲᠤ ᠡᠷᠬᠡᠪᠰᠢ ᠬᠢᠨᠠᠨ ᠬᠠᠷᠭᠤᠭᠤᠯᠤᠭᠴᠢ᠂ ᠬᠠᠷᠢᠭᠤᠴᠠᠯᠭᠠᠲᠠᠨ ᠠᠴᠠ ᠭᠠᠷ ᠤᠨ ᠦᠰᠦᠭ | ᠵᠢᠷᠤᠬᠤ ᠶᠢᠨ ᠬᠠᠮᠲᠤ ᠨᠢᠭᠡᠴᠢ ᠶᠢᠨ ᠲᠠᠮᠠᠭ᠎ᠠ ᠶᠢ ᠳᠠᠷᠤᠬᠤ ᠬᠡᠷᠡᠭᠲᠡᠶ᠂ ᠡᠰᠡ ᠲᠡᠶᠢᠮᠦ ᠪᠣᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃ | ︵ᠲᠠᠪᠤ︶ ᠡᠯᠧᠺᠲᠷᠣᠨ ᠳᠠᠩᠰᠠ ᠡᠪᠬᠡᠮᠡᠯ ᠤᠨ ᠳᠠᠩᠰᠠ ᠡᠪᠬᠡᠮᠡᠯ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠱᠠᠭᠠᠷᠳᠠᠯᠭ᠎ᠠ ᠶᠣᠰᠣᠭᠠᠷ᠂ ︽ᠲᠤᠰᠬᠠᠢ | ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠦᠰᠦᠨᠦᠭᠲᠦ︾ ᠶᠢ A4 ᠴᠠᠭᠠᠰᠤ ᠶᠢᠨ ᠬᠤᠶᠠᠷ ᠨᠢᠭᠤᠷ ᠲᠤ ᠬᠡᠪᠯᠡᠵᠦ᠂ ᠨᠢᠭᠡ ᠬᠡᠯᠪᠡᠷᠢ ᠶᠢᠨ ᠬᠤᠶᠠᠷ ᠬᠤᠪᠢ ᠤᠭ | ᠮᠠᠲ᠋ᠧᠷᠢᠶᠠᠯ᠂ ᠬᠤᠪᠢ ᠪᠦᠷᠢ ᠶᠢᠨ ᠭᠠᠭᠴᠠ ᠵᠡᠭᠦᠨ ᠳᠡᠭᠡᠷ᠎ᠡ ᠥᠨᠴᠥᠭ ᠳᠡᠭᠡᠷ᠎ᠡ ᠨᠢᠭᠡ ᠬᠠᠳᠠᠭᠠᠰᠤᠯᠠᠵᠤ᠂ ᠨᠠᠭᠠᠯᠲᠠ ᠪᠠᠷ ᠳᠡᠪᠲᠡᠷᠯᠡᠵᠦ ᠪᠣᠯᠬᠤ ᠦᠭᠡᠢ᠂ ᠰᠢᠷᠪᠢᠯᠲᠡ ᠳᠤ | ᠳᠦᠭᠦᠮ ᠦᠵᠡᠭᠦᠯᠦᠨ᠎ᠡ᠃ | ︵ᠵᠢᠷᠭᠤᠭ᠎ᠠ︶ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠦᠶ᠎ᠡ ᠳᠤ᠂ ᠰᠢᠯᠭᠠᠷᠠᠭᠤᠯᠬᠤ ᠺᠣᠮᠢᠰ ᠲᠤ ︽ᠨᠠᠶᠢᠳᠠᠵᠤ ᠬᠢᠨᠠᠨ ᠪᠠᠶᠢᠴᠠᠭᠠᠯᠭᠠᠬᠤ | ᠪᠢᠴᠢᠭ︾᠂ ᠭᠤᠶᠤᠴᠢᠯᠠᠨ ᠮᠡᠳᠡᠭᠦᠯᠬᠦ ᠬᠥᠮᠦᠰ ᠤᠨ ᠲᠠᠨᠢᠯᠴᠠᠭᠤᠯᠭ᠎ᠠ ᠶᠢᠨ ᠨᠡᠷᠡᠰ ᠤᠨ ᠳᠡᠪᠲᠡᠷ ︵ᠳᠠᠭᠠᠯᠳᠤᠭᠤᠯᠤᠯ 2︶ ᠨᠡᠶᠢᠲᠡᠯᠡᠭᠰᠡᠨ ᠪᠠᠶᠢᠳᠠᠯ ᠵᠡᠷᠭᠡ ᠪᠠᠨ ᠲᠤᠰᠢᠶᠠᠨ᠎ᠠ᠃ | ᠲᠠᠨᠢᠯᠴᠠᠭᠤᠯᠤᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠨᠢᠭᠡᠳᠦᠯᠲᠡᠶ ᠲᠥᠪᠯᠡᠷᠡᠭᠦᠯᠦᠨ ᠮᠡᠳᠡᠭᠦᠯᠦᠨ ᠬᠦᠷᠭᠡᠬᠦ ᠬᠡᠷᠡᠭᠲᠡᠶ᠂ ᠬᠤᠪᠢ ᠬᠥᠮᠦᠨ ᠤ ᠮᠡᠳᠡᠭᠦᠯᠦᠭᠰᠡᠨ | ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃ | ︵ᠳᠣᠯᠤᠭ᠎ᠠ︶ ᠨᠡᠪᠲᠡᠷᠡᠭᠦᠯᠭᠡ ᠬᠥᠲᠦᠯᠦᠯᠭᠡ ᠶᠢᠨ ᠳᠤᠮᠳᠠ ᠵᠡᠷᠭᠡ ᠠᠴᠠ ᠳᠡᠭᠡᠭᠰᠢ ︵ᠳᠤᠮᠳᠠ ᠵᠡᠷᠭᠡ ᠶᠢ ᠪᠠᠭᠲᠠᠭᠠᠨ᠎ᠠ︶ ᠮᠡᠷᠭᠡᠵᠢᠯ ᠤᠨ ᠴᠣᠯᠠ ᠶᠢ ᠭᠤᠶᠤᠴᠢᠯᠠᠨ | ᠮᠡᠳᠡᠭᠦᠯᠬᠦ ᠳᠤ᠂ ᠬᠢᠨᠠᠨ ᠲᠣᠭᠲᠠᠭᠠᠬᠤ ᠨᠥᠬᠦᠴᠡᠯ ᠶᠣᠰᠣᠭᠠᠷ ᠸᠢᠳᠢᠣ᠋ ᠳᠠᠭᠤᠨ ᠤ ᠮᠠᠲ᠋ᠧᠷᠢᠶᠠᠯ ᠢ ᠪᠡᠯᠡᠳᠬᠡᠬᠦ ᠬᠡᠷᠡᠭᠲᠡᠢ᠃ ᠭᠤᠶᠤᠴᠢᠯᠠᠨ ᠮᠡᠳᠡᠭᠦᠯᠦᠭᠴᠢ ᠶᠢᠨ ᠪᠠᠶᠢᠭ᠎ᠠ ᠨᠢᠭᠡᠴᠢ | ᠪᠣᠯᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠫᠷᠤᠭ᠍ᠷᠠᠮ ᠤᠨ ᠪᠦᠲᠦᠭᠡᠯ ᠳᠤ ᠤᠯᠤᠰ ᠲᠥᠷᠥᠴᠢ ᠴᠢᠨᠠᠷ᠂ ᠤᠳᠤᠷᠢᠳᠤᠮᠵᠢ ᠶᠢᠨ ᠴᠢᠨᠠᠷ ᠤᠨ ᠬᠢᠨᠠᠨ ᠪᠠᠶᠢᠴᠠᠭᠠᠯᠲᠠ | ᠬᠢᠵᠦ᠂ ᠤᠳᠤᠷᠢᠳᠤᠮᠵᠢ ᠨᠢ ᠵᠥᠪ ᠣᠨᠣᠪᠴᠢᠲᠠᠶ᠂ ᠠᠭᠤᠯᠭ᠎ᠠ ᠨᠢ ᠡᠷᠡᠭᠦᠯ ᠴᠢᠭᠢᠷᠠᠭ ᠪᠠᠶᠢᠬᠤ ᠶᠢ ᠦᠨᠡᠨ ᠬᠦ ᠪᠠᠲᠤᠯᠠᠨ᠎ᠠ᠃ | ︵ᠨᠠᠢᠮᠠ︶ ᠨᠡᠪᠲᠡᠷᠡᠭᠦᠯᠭᠡ ᠬᠥᠲᠦᠯᠦᠯᠭᠡ ᠶᠢᠨ ᠰᠢᠷᠢᠰ ᠳᠡᠭᠡᠳᠦ ᠵᠡᠷᠭᠡ ᠠᠴᠠ ᠳᠡᠭᠡᠭᠰᠢᠬᠢ ︵ᠳᠡᠭᠡᠳᠦ ᠵᠡᠷᠭᠡ ᠶᠢ ᠪᠠᠭᠲᠠᠭᠠᠨ᠎ᠠ︶ ᠮᠡᠷᠭᠡᠵᠢᠯ ᠤᠨ ᠴᠤᠯᠠ ᠶᠢ | ᠭᠤᠶᠤᠴᠢᠯᠠᠨ ᠮᠡᠳᠡᠭᠦᠯᠬᠦ ᠳᠤ᠂ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ | ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ | ᠶᠤᠰᠤᠭᠠᠷ᠂ ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢᠨ ᠬᠤᠭᠤᠰᠤᠨ ᠠᠵᠢᠯ ᠤᠨ ᠪᠠᠶᠢᠷᠢ ᠤᠨ ᠲᠤᠭ᠎ᠠ ᠶᠢᠨ ᠲᠣᠳᠣᠷᠬᠠᠶᠢᠯᠠᠯᠲᠠ ᠶᠢ ᠬᠠᠩᠭᠠᠬᠤ ᠬᠡᠷᠡᠭᠲᠡᠢ᠃ ᠨᠡᠪᠲᠡᠷᠡᠭᠦᠯᠭᠡ | ᠬᠥᠲᠦᠯᠦᠯᠭᠡ ᠶᠢᠨ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠳᠤ᠂ ᠤᠷᠢᠳ ᠢᠶᠠᠷ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢᠶᠠᠨ ᠴᠠᠭ ᠲᠤᠬᠠᠢ ᠳᠤ ᠨᠢ ᠳᠡᠭᠡᠭᠰᠢ ᠮᠡᠳᠡᠭᠦᠯᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠮᠡᠳᠡᠭᠳᠡᠯ ᠢ ᠪᠠᠭᠤᠯᠭᠠᠭᠰᠠᠨ ᠤ ᠲᠠᠷᠠᠭ᠎ᠠ᠂ | ᠬᠤᠯᠪᠣᠭᠳᠠᠯ ᠪᠦᠬᠦᠢ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠨᠥᠬᠦᠪᠦᠷᠢᠯᠡᠨ ᠲᠡᠭᠦᠯᠳᠡᠷᠵᠢᠭᠦᠯᠦᠨ᠎ᠡ᠃ | ︵ᠶᠢᠰᠦ︶ ᠨᠡᠪᠲᠡᠷᠡᠭᠦᠯᠭᠡ ᠬᠥᠲᠦᠯᠦᠯᠭᠡ ᠶᠢᠨ ᠰᠢᠷᠢᠰ ᠮᠡᠷᠭᠡᠵᠢᠯ ᠤᠨ ᠴᠤᠯᠠ ᠶᠢ ᠭᠤᠶᠤᠴᠢᠯᠠᠨ ᠮᠡᠳᠡᠭᠦᠯᠬᠦ ᠬᠦᠮᠦᠰ ᠡᠷᠬᠡᠪᠰᠢ ᠬᠦᠴᠦᠨ ᠪᠦᠬᠦᠢ ᠬᠤᠭᠤᠴᠠᠭᠠᠨ | ᠳᠣᠲᠣᠷ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ᠦᠨᠡᠮᠯᠡᠯ︾ ᠤᠨ ᠬᠠᠭᠤᠯᠪᠤᠷᠢ ᠶᠢ ᠲᠤᠰᠢᠶᠠᠬᠤ ᠬᠡᠷᠡᠭᠲᠡᠶ᠃ | ᠰᠣᠨᠢᠨ ᠮᠡᠳᠡᠭᠡᠨ ᠤ ᠰᠢᠷᠢᠰ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠬᠦᠮᠦᠰ ᠡᠷᠬᠡᠪᠰᠢ ᠬᠦᠴᠦᠨ ᠪᠦᠬᠦᠢ ᠬᠤᠭᠤᠴᠠᠭᠠᠨ ᠳᠤ ︽ᠰᠣᠨᠢᠨ ᠮᠡᠳᠡᠭᠡᠨ ᠤ | ᠰᠤᠷᠪᠤᠯᠵᠢᠯᠠᠭᠴᠢ ᠶᠢᠨ ᠦᠨᠡᠮᠯᠡᠯ︾ ᠤᠨ ᠪᠠᠭᠤᠯᠭᠠᠪᠤᠷᠢ ᠶᠢ ᠲᠤᠰᠢᠶᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ | ᠦᠨᠡᠮᠯᠡᠯ︾᠂ ︽ᠰᠣᠨᠢᠨ ᠮᠡᠳᠡᠭᠡᠨ ᠤ ᠰᠤᠷᠪᠤᠯᠵᠢᠯᠠᠭᠴᠢ ᠶᠢᠨ ᠦᠨᠡᠮᠯᠡᠯ︾ ᠦᠭᠡᠢ ᠪᠤᠶᠤ ᠦᠨᠡᠮᠯᠡᠯ ᠨᠢ ᠬᠦᠴᠦᠨ ᠪᠦᠬᠦᠢ ᠬᠤᠭᠤᠴᠠᠭᠠᠨ ᠳᠤ ᠪᠠᠶᠢᠬᠤ ᠦᠭᠡᠢ ᠬᠥᠮᠦᠰ | ᠭᠤᠶᠤᠴᠢᠯᠠᠨ ᠮᠡᠳᠡᠭᠦᠯᠵᠦ ᠪᠣᠯᠬᠤ ᠦᠭᠡᠢ᠃ | ︵ᠠᠷᠪᠠ︶ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ︽2024 ᠣᠨ ᠤ ᠪᠥᠬᠦ ᠣᠷᠣᠨ ᠤ ᠲᠤᠰᠬᠠᠶ ᠮᠡᠷᠭᠡᠵᠢᠯ ᠤᠨ | ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇ 2023﹈ 204 ᠳ᠋ᠦ᠋ᠭᠡᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃ | ︵ᠠᠷᠪᠠᠨ ᠨᠢᠭᠡ︶ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠭᠥᠯᠢᠶᠡᠨ ᠠᠪᠬᠤ ᠴᠠᠭ ᠨᠢ 2024 ᠣᠨ ᠤ 6 ᠳ᠋ᠤᠭᠠᠷ ᠰᠠᠷ᠎ᠠ ᠶᠢᠨ 29 ᠤ ᠡᠳᠦᠷ ᠪᠣᠯᠲᠠᠯ᠎ᠠ ᠪᠠᠶᠢᠵᠤ᠂ | ᠬᠤᠭᠤᠴᠠᠭ᠎ᠠ ᠠᠴᠠ ᠬᠡᠲᠦᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠮᠡᠳᠡᠭᠦᠯᠬᠦ ᠨᠥᠬᠦᠴᠡᠯ ᠪᠠ ᠳᠠᠷᠠᠭᠠᠯᠠᠯ ᠳᠤ ᠨᠡᠶᠢᠴᠡᠬᠦ ᠦᠭᠡᠶ᠂ ᠰᠢᠯᠭᠠᠷᠠᠭᠤᠯᠬᠤ ᠺᠣᠮᠢᠰ ᠤᠨ | ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠠᠴᠠ ᠬᠡᠲᠦᠷᠡᠭᠰᠡᠨ ᠪᠤᠶᠤ ᠨᠠᠶᠢᠳᠠᠵᠤ ᠬᠢᠨᠠᠨ ᠲᠣᠭᠲᠠᠭᠠᠯᠭᠠᠬᠤ ᠳᠠᠷᠠᠭᠠᠯᠠᠯ ᠠᠴᠠ ᠵᠥᠷᠢᠴᠡᠨ ᠮᠡᠳᠡᠭᠦᠯᠦᠨ ᠬᠦᠷᠭᠡᠭᠰᠡᠨ | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠦᠯᠢᠶᠡᠨ ᠠᠪᠬᠤ ᠦᠭᠡᠶ᠃ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠲᠣᠭᠲᠠᠭᠠᠭᠰᠠᠨ ᠤ ᠳᠠᠷᠠᠭ᠎ᠠ ᠤᠰᠠᠳᠬᠠᠵᠤ ᠂ | ᠪᠤᠴᠠᠭᠠᠵᠤ ᠥᠭᠬᠦ ᠦᠭᠡᠢ᠃ | ᠳᠥᠷᠪᠡ᠂ ᠬᠠᠷᠢᠯᠴᠠᠬᠤ ᠬᠡᠯᠪᠡᠷᠢ | ᠬᠠᠷᠢᠭᠤᠴᠠᠬᠤ ᠰᠠᠯᠠᠭ᠎ᠠ ᠮᠥᠴᠢᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ | ᠭᠠᠵᠠᠷ | ᠬᠠᠷᠢᠯᠴᠠᠬᠤ ᠬᠥᠮᠥᠨ᠄ ᠵᠠᠩ ᠴᠢᠶᠣᠤ ᠯᠢᠩ᠂ ᠸᠠᠩ ᠵᠢᠩ | ᠬᠠᠷᠢᠯᠴᠠᠬᠤ ᠤᠲᠠᠰᠤ᠄ 0471 - 4590029᠂ 4590021 | ᠹᠠᠺᠰ᠄ 0471 - 4590021 | ᠬᠠᠶ᠋ᠢᠭ᠄ ᠬᠥᠬᠡᠬᠤᠲᠠ ᠶᠢᠨ ᠴᠢᠩᠭᠢᠰ ᠬᠠᠭᠠᠨ ᠪᠠᠷᠠᠭᠤᠨ ᠵᠡᠭᠡᠯᠢ ᠶᠢᠨ 1 ᠳ᠋ᠦ᠋ᠭᠡᠷ ᠨᠣᠮᠧᠷᠲᠤ ᠵᠠᠭᠤᠴᠢᠯᠠᠭᠤᠷ ᠤᠨ ᠲᠥᠪ ᠤᠨ A ᠰᠠᠭᠤᠳᠠᠯ ᠤᠨ 1717 ᠥᠷᠥᠭᠡ | ᠰᠢᠤᠳᠠᠨ ᠨᠣᠮᠧᠷ᠄ 010050 | | ᠳᠠᠭᠠᠯᠳᠤᠭᠤᠯᠤᠯ᠄ | ᠳᠠᠭᠠᠯᠳᠤᠭᠤᠯᠤᠯ 1᠄ ᠲᠤᠰᠬᠠᠶ ᠮᠡᠷᠭᠡᠵᠢᠯ ᠤᠨ ᠴᠣᠯᠠ ᠶᠢᠨ ᠬᠦᠷᠭᠡᠵᠦ ᠦᠨᠡᠯᠡᠭᠦᠯᠬᠦ ᠮᠠᠲ᠋ᠧᠷᠢᠶᠠᠯ ᠤᠨ ᠭᠠᠷᠴᠠᠭ ᠤᠨ ᠬᠠᠭᠤᠳᠠᠰᠤ.doc | ᠳᠠᠭᠠᠯᠳᠤᠭᠤᠯᠤᠯ 2᠄ 2024 ᠣᠨ ᠤ ᠰᠢᠯᠭᠠᠷᠠᠭᠤᠯᠤᠯᠲᠠ ᠳᠤ ᠣᠷᠣᠯᠴᠠᠭᠰᠠᠳ ᠤᠨ ᠨᠡᠷᠡᠰ ᠤᠨ ᠪᠦᠷᠢᠳᠬᠡᠯ ︵ᠵᠠᠭᠪᠤᠷ︶.xls | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ | 2024 ᠣᠨ ᠤ 5 ᠳ᠋ᠤᠭᠠᠷ ᠰᠠᠷ᠎ᠠ ᠶᠢᠨ 24 ᠤ ᠡᠳᠦᠷ | |