ᠥᠪᠥᠷ ᠮᠣᠩᠭᠤᠯ ᠤᠨ ᠳᠡᠯᠡᠬᠡᠶ ᠶᠢᠨ ᠪᠥᠮᠪᠥᠷᠴᠡᠭ ᠤᠨ ᠥᠷᠲᠡᠭᠡ ᠶᠢᠨ ᠥᠨᠳᠥᠷ ᠲᠤᠳᠤᠷᠠᠴᠠᠲᠤ ᠲᠧᠯᠸᠢᠰ ᠤᠨ ᠳᠠᠭᠠᠭᠤᠯᠢ ᠣᠳᠣᠨ ᠤ ᠳᠠᠮᠵᠢᠭᠤᠯᠬᠤ ᠮᠡᠷᠭᠡᠵᠢᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠰᠢᠯᠭᠠᠨ ᠠᠪᠤᠯᠲᠠ ᠶᠢ ᠤᠷᠤᠭᠰᠢᠲᠠᠶ ᠥᠩᠭᠡᠷᠡᠭᠦᠯᠪᠡ
ᠨᠡᠶᠢᠲᠡᠯᠡᠭᠰᠡᠨ ᠴᠠᠭ᠄
2024/5/27
  5 ᠳ᠋ᠤᠭᠠᠷ ᠰᠠᠷ᠎ᠠ ᠶᠢᠨ 24 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ  ᠠᠶᠤᠯᠭᠦᠢ ᠳᠠᠮᠵᠢᠯᠭᠠᠨ ᠤ ᠪᠠᠲᠤᠯᠠᠭ᠎ᠠ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠰᠢᠶᠧ ᠳ᠋ᠦᠩ ᠬᠤᠢ ᠪᠦᠯᠬᠦᠮ ᠳᠠᠭᠠᠭᠤᠯᠤᠨ ᠮᠠᠨ ᠤ ᠣᠷᠣᠨ ᠳᠤ ᠢᠷᠡᠵᠦ ᠥᠪᠥᠷ ᠮᠣᠩᠭᠤᠯ ᠤᠨ ᠳᠡᠯᠡᠬᠡᠶ ᠶᠢᠨ ᠪᠥᠮᠪᠥᠷᠴᠡᠭ ᠤᠨ ᠥᠷᠲᠡᠭᠡ ᠶᠢᠨ ᠥᠨᠳᠥᠷ ᠲᠤᠳᠤᠷᠠᠴᠠᠲᠤ ᠲᠧᠯᠸᠢᠰ ᠤᠨ ᠳᠠᠭᠠᠭᠤᠯᠢ ᠣᠳᠣᠨ ᠤ ᠳᠠᠮᠵᠢᠭᠤᠯᠬᠤ ᠮᠡᠷᠭᠡᠵᠢᠯ ᠤᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠯᠭᠠᠨ ᠠᠪᠤᠪᠠ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠤᠲᠠᠰᠤ ᠥᠬᠡᠶ ᠲᠣᠪᠴᠢᠶ᠎ᠠ᠂ ᠬᠢᠨᠠᠨ ᠬᠠᠮᠢᠶᠠᠷᠬᠤ ᠲᠥᠪ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠂ ᠲᠥᠯᠥᠪᠵᠢᠭᠦᠯᠭᠡ ᠶᠢᠨ ᠬᠦᠷᠢᠶᠡᠯᠡᠩ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠤᠳᠤᠷᠢᠳᠤᠯᠭ᠎ᠠ ᠪᠠ ᠠᠵᠢᠯ ᠲᠥᠷᠥᠯ ᠤᠨ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠰᠢᠯᠭᠠᠨ ᠠᠪᠤᠪᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠰᠦᠩ ᠦ᠋ ᠭᠤᠸᠠᠨ ᠪᠠᠷ᠎ᠠ ᠪᠤᠯᠵᠤ ᠣᠷᠣᠯᠴᠠᠪᠠ᠃  ᠰᠢᠯᠭᠠᠨ ᠠᠪᠬᠤ ᠳᠤᠭᠤᠶᠢᠯᠠᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠮᠠᠨ ᠤ ᠲᠣᠪᠴᠢᠶ᠎ᠠ ᠶᠢᠨ ᠲᠥᠷᠥᠯ ᠵᠦᠢᠯ ᠤᠨ ᠪᠦᠬᠦᠯᠢ ᠴᠣᠭᠴᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠭᠠᠷᠳᠠᠯᠭ᠎ᠠ ᠶᠣᠰᠣᠭᠠᠷ ᠲᠥᠷᠥᠯ ᠵᠦᠢᠯ ᠢ ᠵᠦᠢᠯ ᠳᠠᠷᠠᠭᠠᠯᠠᠨ ᠪᠠᠶᠢᠴᠠᠭᠠᠨ ᠬᠠᠷᠭᠤᠭᠤᠯᠵᠤ᠂ ᠰᠢᠯᠭᠠᠨ ᠠᠪᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠲᠤᠬᠠᠶ ᠶᠢᠨ ᠲᠠᠯᠠᠪᠠᠶ ᠶᠢᠨ ᠦᠨᠡᠯᠡᠨ ᠵᠢᠱᠢᠯᠲᠡ ᠶᠢ ᠰᠢᠯᠭᠠᠨ ᠠᠪᠴᠤ᠂ ᠲᠥᠷᠥᠯ ᠵᠦᠢᠯ ᠤᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠲᠥᠷᠥᠯ ᠵᠦᠢᠯ ᠤᠨ ᠰᠢᠯᠭᠠᠨ ᠠᠪᠬᠤ ᠶᠢ ᠰᠠᠨᠠᠯ ᠨᠢᠭᠡᠲᠡᠶ ᠵᠥᠪᠰᠢᠶᠡᠷᠡᠪᠡ᠃  ᠰᠢᠶᠧ ᠳ᠋ᠦᠩ ᠬᠤᠢ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠥᠨᠳᠥᠷ ᠲᠤᠳᠤᠷᠠᠴᠠᠲᠤ ᠫᠷᠤᠭ᠍ᠷᠠᠮ ᠢ ᠲᠤᠷᠰᠢᠨ ᠠᠵᠢᠯᠯᠠᠭᠤᠯᠬᠤ᠂ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠬᠤ᠂ ᠰᠢᠨ᠎ᠡ ᠰᠢᠰᠲ᠋ᠧᠮ ᠢᠶᠠᠷ ᠰᠢᠢᠳᠪᠦᠷᠢᠯᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠢᠨ᠎ᠡ ᠪᠠᠷ ᠪᠠᠶᠢᠭᠤᠯᠤᠭᠰᠠᠨ ᠥᠨᠳᠥᠷ ᠲᠤᠳᠤᠷᠠᠴᠠᠲᠤ ᠰᠢᠰᠲ᠋ᠧᠮ ᠢ ᠠᠰᠢᠭᠯᠠᠨ ᠠᠮᠤᠷ ᠲᠦᠪᠰᠢᠨ ᠢᠶᠠᠷ ᠨᠡᠪᠲᠡᠷᠡᠭᠦᠯᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠰᠢᠰᠲ᠋ᠧᠮ ᠤᠨ ᠵᠠᠩᠭᠢᠯᠠᠭ᠎ᠠ ᠶᠢᠨ ᠴᠡᠭ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠢᠯᠠᠩᠭᠤᠶ᠎ᠠ ᠴᠠᠬᠢᠯᠭᠠᠨ ᠬᠠᠩᠭᠠᠵᠤ ᠲᠣᠬᠢᠷᠠᠭᠤᠯᠬᠤ ᠲᠠᠯ᠎ᠠ ᠪᠠᠷ᠂ ᠠᠮᠤᠷ ᠲᠦᠪᠰᠢᠨ ᠢᠶᠠᠷ ᠨᠡᠪᠲᠡᠷᠡᠭᠦᠯᠬᠦ ᠲᠦᠭᠰᠢᠭᠦᠷᠢ ᠶᠢ ᠤᠷᠢᠳᠴᠢᠯᠠᠨ ᠮᠡᠳᠡᠬᠦ᠂ ᠠᠷᠭᠠᠴᠠᠭᠠᠬᠤ᠂ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠠᠮᠤᠷ ᠲᠦᠪᠰᠢᠨ ᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢ ᠦᠨᠡᠨ ᠬᠦ ᠪᠠᠲᠤᠯᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠡᠢ᠃  ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠢᠯᠭᠠᠨ ᠠᠪᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠲᠠᠢ ᠬᠠᠷᠢᠴᠠᠭᠤᠯᠵᠤ᠂ ᠢᠯᠡᠷᠡᠭᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠧᠯᠸᠢᠰ ᠤᠨ ᠫᠷᠤᠭ᠍ᠷᠠᠮ ᠢ ᠳᠠᠮᠵᠢᠭᠤᠯᠵᠤ ᠪᠦᠷᠬᠦᠬᠦᠯᠬᠦ ᠮᠡᠷᠭᠡᠵᠢᠯ ᠤᠨ ᠲᠣᠭᠲᠠᠯᠴᠠᠭ᠎ᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠮᠤᠷ ᠲᠦᠪᠰᠢᠨ ᠨᠡᠪᠲᠡᠷᠡᠭᠦᠯᠭᠡ ᠶᠢᠨ ᠲᠣᠭᠲᠠᠭᠤᠨ ᠴᠢᠨᠠᠷ ᠪᠣᠯᠤᠨ ᠠᠮᠤᠷ ᠲᠦᠪᠰᠢᠨ ᠤ ᠴᠢᠨᠠᠷ ᠤᠨ ᠲᠦᠪᠰᠢᠨ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃︵ᠳᠠᠮᠵᠢᠭᠤᠯᠤᠨ ᠰᠠᠴᠤᠷᠠᠭᠤᠯᠬᠤ ᠲᠥᠪ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map