ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/6/18
ᠥᠪᠥᠷ ᠷᠠᠳᠢᠣ᠋ ᠲᠧᠯᠸᠢᠰ ᠲᠠᠷᠬᠠᠭᠠᠭᠰᠠᠨ ﹇ 2021﹈ 105 ᠳ᠋ᠤᠭᠠᠷ ᠲᠣᠭᠠᠲᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ ᠡᠯ᠎ᠡ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ ᠶᠢ ᠪᠠᠭᠲᠠᠭᠠᠨ᠎ᠠ︶ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠳᠤ᠄2020 ᠣᠨ ᠤ 4 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠠᠭᠤᠯᠭ᠎ᠠ ᠶᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠳᠠᠬᠢᠨ ᠰᠢᠨ᠎ᠡ ᠳᠡᠭᠲᠡᠷ ᠲᠤ ᠭᠠᠷᠭᠠᠵᠤ᠂ ᠳᠠᠬᠢᠨ ᠰᠢᠨ᠎ᠡ ᠲᠦᠪᠰᠢᠨ ᠳᠤ ᠬᠥᠷᠭᠡᠵᠦ᠂ ᠥᠷᠭᠡᠨ ᠣᠯᠠᠨ ᠠᠷᠠᠳ ᠲᠦᠮᠡᠨ ᠤ ᠣᠶᠤᠨ ᠰᠣᠶᠣᠯ ᠤᠨ ᠠᠮᠢᠳᠤᠷᠠᠯ ᠤᠨ ᠲᠤᠬᠠᠶ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠵᠤ᠂ ᠪᠥᠬᠦ ᠣᠷᠣᠨ ᠤ ᠷᠠᠳᠢᠣ᠋ ᠲᠧᠯᠸᠢᠰ ᠢ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠦᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠤᠯᠤᠩ ᠤᠨ ᠵᠣᠬᠢᠶᠠᠨ ᠪᠦᠲᠦᠭᠡᠵᠦ ᠨᠡᠪᠲᠡᠷᠡᠭᠦᠯᠬᠦ ᠪᠥᠬᠦ ᠶᠠᠪᠤᠴᠠ ᠳᠤ ᠤᠯᠠᠮ ᠨᠢᠭᠡ ᠠᠯᠬᠤᠮ ᠲᠤᠭᠤᠰᠢᠯᠠᠭᠤᠯᠬᠤ ᠶᠢᠨ ᠲᠥᠯᠥᠭᠡ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠰᠤᠳᠤᠯᠤᠨ ᠬᠢᠨᠠᠨ ᠵᠥᠪᠯᠡᠬᠦ ᠪᠠᠷ ᠳᠡᠮᠵᠢᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠵᠣ᠂ ᠡᠳᠦᠭᠡ ᠳᠠᠬᠢᠨ ᠳᠠᠷᠤᠮᠠᠯᠯᠠᠨ ᠲᠠᠷᠬᠠᠭᠠᠪᠠ᠂ ᠡᠯ᠎ᠡ ᠭᠠᠵᠠᠷ ᠣᠷᠣᠨ᠂ ᠡᠯ᠎ᠡ ᠨᠢᠭᠡᠴᠢ ᠶᠢᠨ ᠬᠢᠨ ᠵᠣᠬᠢᠴᠠᠩᠭᠤᠶ ᠢᠵᠢ ᠪᠥᠷᠢᠳᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠠᠰᠠᠪᠤᠷᠢ ᠣᠷᠣᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2021 ᠣᠨ ᠤ 4 ᠳ᠋ᠦ᠋ᠭᠡᠷ ᠰᠠᠷ᠎ᠠ ᠶᠢᠨ 14 ᠤ ᠡᠳᠦᠷ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠺᠢᠨᠣ᠋ ᠲᠧᠯᠸᠢᠰ ᠤᠨ ᠦᠢᠯᠡᠰ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠨ ᠤ ᠤᠯᠤᠰ ᠤᠨ ᠺᠢᠨᠣ᠋ ᠲᠧᠯᠸᠢᠰ ᠤᠨ ᠦᠢᠯᠡᠰ ᠤᠨ ᠡᠷᠡᠭᠦᠯ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠨ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠯᠥᠪᠯᠡᠭᠡ ᠶᠢ ᠲᠣᠭᠲᠠᠭᠠᠪᠠ᠃ᠨᠢᠭᠡ᠂ ᠵᠢᠯᠣᠭᠤᠳᠬᠤ ᠦᠵᠡᠯ ᠰᠠᠨᠠᠭ᠎ᠠᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠣᠭᠤᠷᠢᠨ ᠳᠤ᠂ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠠ ᠴᠢᠬᠤᠯᠠ ᠶᠡᠭᠡ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠪᠣᠳᠠᠲᠤ ᠠᠬᠤᠢ᠂ ᠬᠤᠪᠢᠰᠬᠠᠯ᠂ ᠲᠡᠦᠬᠡ ᠶᠢᠨ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠷᠠᠭᠤᠯᠵᠤ᠂ ᠲᠡᠳᠬᠦᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ᠂ ᠥᠪᠥᠷ ᠮᠣᠩᠭᠤᠯ ᠤᠨ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠪᠠᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠬᠢᠨ ᠠᠴᠠ ᠨᠢ ᠲᠡᠭᠦᠰᠲᠡᠯ᠎ᠡ ᠲᠤᠭᠤᠰᠢᠯᠠᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠂ ᠥᠪᠥᠷ ᠮᠣᠩᠭᠤᠯ ᠤᠨ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠪᠠᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠨᠢᠭᠡ ᠪᠦᠯᠦᠭ ᠦᠵᠡᠯ ᠰᠠᠨᠠᠭ᠎ᠠ ᠭᠦᠨᠵᠡᠭᠡᠶ᠂ ᠤᠷᠠᠯᠢᠭ ᠨᠠᠷᠢᠯᠢᠭ᠂ ᠨᠠᠷᠢᠯᠢᠭ ᠰᠠᠶᠢᠬᠠᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠨᠢᠭᠡ ᠪᠦᠯᠦᠭ ᠨᠡᠷ᠎ᠡ ᠠᠯᠳᠠᠷᠰᠢᠭᠰᠠᠨ᠂ ᠰᠠᠶᠢᠨ ᠬᠤᠳᠠᠯᠳᠤᠵᠤ ᠴᠢᠳᠠᠬᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠥᠷᠥᠯ ᠲᠡᠮᠳᠡᠭᠲᠦ ᠶᠢᠨ ᠪᠤᠯᠤᠩ ᠢ ᠡᠭᠦᠳᠴᠦ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠥᠷᠥᠯ ᠲᠡᠮᠳᠡᠭᠲᠦ ᠶᠢᠨ ᠴᠡᠴᠡᠭᠯᠡᠯ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠴᠢᠨᠠᠷ ᠰᠠᠶᠢᠲᠠᠶ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠡᠷᠡᠭᠯᠡᠭᠡ ᠶᠢᠨ ᠲᠤᠬᠠᠶ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠳᠠᠪᠤᠷᠢ ᠶᠢ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠦᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠨ᠎ᠡ᠃ᠬᠤᠶᠠᠷ᠂ ᠦᠨᠳᠦᠰᠦᠨ ᠵᠠᠷᠴᠢᠮ︵ᠨᠢᠭᠡ︶ ᠵᠥᠪ ᠤᠳᠤᠷᠢᠳᠤᠮᠵᠢ ᠶᠢ ᠪᠠᠷᠢᠮᠲᠠᠯᠠᠨ᠎ᠠ᠃ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠬᠤᠶᠠᠷ ᠲᠤ ᠦᠢᠯᠡᠴᠢᠯᠡᠬᠦ ᠴᠢᠭᠯᠡᠯ︾ ᠪᠠ ︽ᠬᠤᠶᠠᠷ ᠪᠦᠬᠦᠨ ᠤ ᠴᠢᠭᠯᠡᠯᠲᠡ︾ ᠶᠢ ᠪᠠᠷᠢᠮᠲᠠᠯᠠᠵᠤ᠂ ᠵᠥᠪ ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠪᠠᠲᠤ ᠡᠵᠡᠮᠳᠡᠵᠦ᠂ ᠭᠤᠤᠯ ᠤᠷᠤᠰᠬᠠᠯ ᠤᠨ ᠰᠣᠶᠣᠯ ᠤᠨ ᠬᠠᠷᠢᠭᠤᠴᠠᠯᠭ᠎ᠠ ᠡᠭᠦᠷᠭᠡᠯᠡᠯ ᠢ ᠪᠠᠲᠤ ᠰᠠᠬᠢᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠ ᠳᠤᠮᠳᠠᠳᠤ ᠶᠢᠨ ᠵᠡᠭᠦᠳᠦ ᠶᠢ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠤᠯᠤᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠪᠥᠬᠦ ᠶᠠᠪᠤᠴᠠ ᠳᠤ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠭᠤᠤᠯ ᠦᠵᠡᠯ ᠤᠬᠠᠮᠰᠠᠷ ᠤᠨ ᠬᠡᠯᠪᠡᠷᠢ ᠶᠢ ᠪᠠᠬᠢᠵᠢᠭᠦᠯᠦᠨ᠎ᠡ᠃︵ᠬᠤᠶᠠᠷ︶ ᠭᠤᠤᠯ ᠰᠡᠳᠦᠪ ᠤᠨ ᠲᠤᠭᠤᠷᠢᠨ ᠳᠤ ᠵᠤᠬᠢᠶᠠᠨ ᠪᠦᠲᠦᠭᠡᠨ᠎ᠡ᠃ ᠴᠢᠬᠤᠯᠠ ᠶᠡᠭᠡ ᠪᠣᠳᠠᠲᠤ ᠠᠬᠤᠢ᠂ ᠬᠤᠪᠢᠰᠬᠠᠯ᠂ ᠲᠡᠦᠬᠡ ᠶᠢᠨ ᠰᠡᠳᠦᠪ ᠲᠤ ᠠᠩᠬᠠᠷᠤᠯ ᠢᠶᠠᠨ ᠬᠠᠨᠳᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠬᠤᠷᠢᠳᠤᠭᠠᠷ ᠶᠡᠭᠡ ᠬᠤᠷᠠᠯ ᠤᠨ ᠬᠤᠷᠠᠯᠳᠤᠭᠠᠨ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠵᠡᠷᠭᠡ ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ᠂ ᠨᠢᠭᠡ ᠪᠦᠯᠦᠭ ᠷᠠᠳᠢᠣ᠋ ᠲᠧᠯᠸᠢᠰ ᠤᠨ ᠫᠷᠤᠭ᠍ᠷᠠᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠲᠧᠯᠸᠢᠰ ᠵᠦᠴᠦᠭᠡ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠣᠯᠤᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠵᠡᠷᠭᠡ ᠰᠢᠯᠢᠳᠡᠭ ᠪᠦᠲᠦᠭᠡᠯ ᠢ ᠨᠠᠷᠢᠨ ᠨᠢᠮᠪᠠᠢ ᠲᠥᠰᠦᠪᠯᠡᠨ ᠭᠠᠷᠭᠠᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠳᠦᠷᠰᠦ ᠪᠠᠶᠢᠳᠠᠯ ᠢ ᠲᠤᠰᠬᠠᠵᠤ᠂ ᠠᠷᠠᠳ ᠤᠯᠠᠨ ᠤ ᠬᠠᠶᠢᠷ᠎ᠠ ᠰᠡᠳᠬᠢᠯᠭᠡ ᠶᠢ ᠠᠴᠢᠶᠠᠯᠠᠵᠤ᠂ ᠴᠡᠭᠡᠨ ᠬᠥᠰᠢᠭᠡ ᠶᠢᠨ ᠳᠠᠭᠤᠨ ᠳᠠᠪᠲᠠᠮᠵᠢᠲᠤ ᠲᠣᠣᠷ ᠤᠨ ᠳᠡᠯᠭᠡᠴᠡ ᠶᠢᠨ ᠥᠭᠡᠳᠡᠯᠡᠨ ᠲᠠᠪᠰᠢᠬᠤ᠂ ᠰᠢᠨ᠎ᠡ ᠰᠤᠷᠲᠠᠯ ᠢ ᠠᠬᠢᠭᠤᠯᠬᠤ ᠶᠢ ᠠᠬᠢᠭᠤᠯᠤᠨ᠎ᠠ᠃︵ᠭᠤᠷᠪᠠ︶ ᠣᠷᠣᠨ ᠨᠤᠲᠤᠭ ᠤᠨ ᠰᠢᠮᠡᠯᠢᠭ ᠬᠥᠷᠥᠰᠥ ᠰᠢᠷᠣᠢ ᠳᠤ ᠦᠨᠳᠦᠰᠦᠯᠡᠨ᠎ᠡ᠃ ᠥᠪᠥᠷ ᠮᠣᠩᠭᠤᠯ ᠤᠨ ᠡᠯ᠎ᠡ ᠭᠠᠵᠠᠷ ᠣᠷᠣᠨ ᠤ ᠠᠵᠤ ᠠᠬᠤᠶ ᠨᠡᠶᠢᠭᠡᠮ ᠰᠣᠶᠣᠯ ᠤᠨ ᠠᠮᠵᠢᠯᠲᠠ ᠪᠦᠲᠦᠮᠵᠢ ᠶᠢᠨ ᠣᠨᠴᠠᠯᠢᠭ ᠲᠤ ᠰᠠᠭᠤᠷᠢᠯᠠᠵᠤ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠬᠤ︾᠂ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠣᠷᠣᠭᠤᠯᠬᠤ︾ ᠵᠡᠷᠭᠡ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠨᠠᠮ ᠤᠨ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠲᠡᠮᠡᠴᠡᠯ ᠤᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠵᠦ᠂ ᠥᠪᠥᠷ ᠮᠣᠩᠭᠤᠯ ᠳᠤ ᠭᠠᠷᠤᠭᠰᠠᠨ ᠲᠡᠦᠬᠡᠲᠦ ᠴᠢᠨᠠᠷᠲᠠᠢ ᠯᠤᠲᠤ ᠶᠡᠭᠡ ᠬᠤᠪᠢᠷᠠᠯᠲᠠ ᠪᠣᠯᠤᠨ ᠣᠯᠤᠭᠰᠠᠨ ᠴᠢᠬᠤᠯᠠ ᠶᠡᠭᠡ ᠥᠭᠡᠷᠡᠴᠢᠯᠡᠯᠲᠡ ᠬᠥᠭᠵᠢᠯᠲᠡ ᠶᠢᠨ ᠠᠮᠵᠢᠯᠲᠠ ᠪᠦᠲᠦᠮᠵᠢ ᠶᠢ ᠢᠯᠡᠷᠡᠭᠦᠯᠵᠦ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠪᠣᠯᠤᠨ ᠠᠷᠠᠳ ᠤᠯᠠᠨ ᠤ ᠭᠤᠶᠢᠳᠠ ᠰᠠᠶᠢᠬᠠᠨ ᠠᠮᠢᠳᠤᠷᠠᠯ ᠢ ᠢᠯᠡᠷᠡᠭᠦᠯᠵᠦ᠂ ᠥᠪᠥᠷ ᠮᠣᠩᠭᠤᠯ ᠤᠨ ᠲᠦᠷᠦᠯ ᠲᠡᠮᠲᠡᠭᠲᠦ ᠶᠢᠨ ᠲᠦᠷᠢ ᠲᠥᠷᠬᠦ ᠶᠢ ᠢᠯᠡᠷᠡᠭᠦᠯᠵᠦ ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠨ᠎ᠠ᠃︵ᠲᠦᠷᠪᠡ︶ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ︽ᠨᠡᠶᠢᠲᠡ ᠶᠢᠨ ᠠᠰᠠᠷᠠᠮᠵᠢ᠂ ᠰᠣᠶᠣᠯ᠂ ᠤᠤᠭᠠᠯ ᠡᠭᠦᠳᠦᠯᠲᠡ︾ ᠪᠠ ︽ᠳᠣᠣᠷ᠎ᠠ ᠥᠪᠡᠷ ᠤᠨ ᠥᠷᠲᠡᠭ᠂ ᠶᠡᠭᠡ ᠬᠠᠶᠢᠷ᠎ᠠ ᠰᠡᠳᠬᠢᠯᠭᠡ᠂ ᠢᠳᠡᠪᠬᠢ ᠬᠦᠴᠦᠨ︾ ᠤ ᠵᠣᠬᠢᠶᠠᠨ ᠪᠦᠲᠦᠭᠡᠬᠦ ᠰᠡᠳᠭᠢᠮᠵᠢ ᠪᠠ ᠵᠣᠬᠢᠶᠠᠨ ᠪᠦᠲᠦᠭᠡᠬᠦ ᠴᠢᠭᠯᠡᠯ ᠢ ᠪᠠᠲᠤ ᠰᠠᠬᠢᠵᠤ᠂ ᠬᠥᠲᠥᠯᠥᠨ ᠳᠠᠭᠠᠭᠤᠯᠬᠤ᠂ ᠳᠡᠮᠵᠢᠬᠦ ᠶᠢ ᠴᠢᠬᠤᠯᠠᠴᠢᠯᠠᠬᠤ᠂ ᠵᠣᠬᠢᠶᠠᠨ ᠪᠦᠲᠦᠭᠡᠬᠦ ᠶᠢ ᠴᠢᠩᠭᠠᠳᠬᠠᠵᠤ᠂ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ᠂ ᠵᠣᠷᠢᠭᠲᠠᠶ ᠪᠠᠷ ᠨᠣᠶᠠᠨ ᠤᠷᠬᠢᠯ ᠳᠤ ᠭᠠᠷᠬᠤ ᠶᠢ ᠠᠬᠢᠭᠤᠯᠵᠤ᠂ ᠨᠢᠭᠡ ᠪᠦᠯᠦᠭ ᠦᠵᠡᠯ ᠰᠠᠨᠠᠭ᠎ᠠ ᠨᠢ ᠭᠦᠨᠵᠡᠭᠡᠶ᠂ ᠤᠷᠠᠯᠢᠭ ᠨᠢ ᠨᠠᠷᠢᠯᠢᠭ᠂ ᠦᠢᠯᠡᠳᠦᠭᠰᠡᠨ ᠨᠢ ᠨᠠᠷᠢᠯᠢᠭ ᠰᠢᠯᠢᠳᠡᠭ ᠰᠢᠯᠢᠳᠡᠭ ᠫᠷᠤᠭ᠍ᠷᠠᠮ ᠤᠨ ᠪᠦᠲᠦᠭᠡᠯ ᠪᠠ ᠨᠠᠷᠠᠲᠤ ᠲᠥᠷᠥᠯ ᠲᠡᠮᠳᠡᠭᠲᠦ ᠶᠢᠨ ᠪᠤᠯᠤᠩ ᠢ ᠭᠠᠷᠭᠠᠵᠤ᠂ ᠰᠢᠨ᠎ᠡ ᠴᠠᠭ ᠦᠶ᠎ᠡ ᠶᠢᠨ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠰᠢᠨ᠎ᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ᠭᠤᠷᠪᠠ᠂ ᠠᠵᠢᠯ ᠤᠨ ᠬᠠᠷᠠᠯᠲᠠᠠᠵᠢᠯᠯᠠᠭᠠᠨ ᠤ ᠲᠥᠯᠥᠪᠯᠡᠭᠡ ᠶᠢ ᠪᠦᠲᠦᠮᠵᠢᠲᠡᠶ ᠬᠡᠷᠡᠭᠵᠢᠭᠦᠯᠬᠦ ᠪᠠᠷ ᠳᠠᠮᠵᠢᠭᠤᠯᠤᠨ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠠᠭᠤᠯᠭ᠎ᠠ ᠶᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠨᠠᠩ ᠴᠡᠴᠡᠭᠯᠡᠭᠦᠯᠵᠦ᠂ ᠶᠠᠰᠤ ᠴᠢᠨᠠᠷ ᠢ ᠨᠠᠩ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠦᠯᠬᠦ ᠪᠠᠷ ᠪᠠᠷᠠᠬᠤ ᠥᠬᠡᠶ᠂ ᠪᠠᠰᠠ ᠵᠠᠬ᠎ᠠ ᠳᠡᠯᠭᠡᠭᠦᠷ ᠳᠡᠭᠡᠷ᠎ᠡ ᠬᠦᠷᠢᠶᠡᠯᠡᠯ ᠢ ᠣᠯᠬᠤ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠢᠭᠡ ᠪᠦᠯᠦᠭ ᠨᠡᠷ᠎ᠡ ᠴᠤᠤᠲᠠᠶ᠂ ᠵᠠᠬ᠎ᠠ ᠳᠡᠯᠭᠡᠭᠦᠷ ᠲᠠᠢ ᠨᠠᠷᠠᠲᠤ ᠲᠡᠮᠳᠡᠭᠲᠦ ᠶᠢᠨ ᠪᠤᠯᠤᠩ ᠢ ᠭᠠᠷᠭᠠᠵᠤ᠂ ᠨᠢᠭᠡ ᠪᠦᠯᠦᠭ ᠪᠣᠳᠠᠲᠤ ᠬᠦᠴᠦᠨ ᠲᠠᠢ᠂ ᠪᠦᠲᠦᠭᠡᠯᠴᠢ ᠰᠡᠳᠬᠢᠮᠵᠢ ᠲᠠᠢ᠂ ᠠᠮᠢᠵᠢᠷᠠᠯ ᠤᠨ ᠬᠦᠴᠦᠨ ᠲᠠᠢ ᠵᠣᠬᠢᠶᠠᠨ ᠪᠦᠲᠦᠭᠡᠬᠦ ᠪᠠᠶᠢᠭᠤᠯᠤᠮᠵᠢ ᠪᠠ ᠵᠣᠬᠢᠶᠠᠨ ᠪᠦᠲᠦᠭᠡᠬᠦ ᠪᠦᠯᠬᠦᠮ ᠨᠡᠶᠢᠲᠡ ᠶᠢ ᠪᠣᠶ ᠪᠣᠯᠭᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠴᠢᠨᠠᠷ ᠰᠠᠶᠢᠲᠠᠶ ᠦᠢᠯᠡᠳᠪᠦᠷᠢᠯᠡᠯ᠂ ᠴᠢᠨᠠᠷ ᠰᠠᠶᠢᠲᠠᠶ ᠬᠡᠷᠡᠭᠯᠡᠭᠡ ᠶᠢᠨ ᠰᠠᠶᠢᠨ ᠠᠮᠢ ᠠᠬᠤᠶ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠦᠢᠯᠡᠰ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠶᠤᠨ ᠰᠣᠶᠣᠯ ᠤᠨ ᠠᠮᠢᠳᠤᠷᠠᠯ ᠤᠨ ᠬᠡᠷᠡᠭᠯᠡᠭᠡ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠬᠢᠵᠢᠭᠦᠯᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ᠳᠥᠷᠪᠡ᠂ ᠠᠵᠢᠯ ᠤᠨ ᠡᠭᠦᠷᠭᠡ︵ᠨᠢᠭᠡ︶ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠᠷᠠᠳᠢᠣ᠋ ᠲᠧᠯᠸᠢᠰ ᠪᠣᠯ ᠨᠠᠮ ᠤᠨ ᠤᠳᠤᠷᠢᠳᠤᠯᠭ᠎ᠠ ᠳᠣᠤᠷᠠᠬᠢ ᠠᠷᠠᠳ ᠤᠨ ᠷᠠᠳᠢᠣ᠋ ᠲᠧᠯᠸᠢᠰ ᠮᠥᠨ ᠭᠡᠬᠦ ᠦᠵᠡᠯ ᠰᠠᠨᠠᠭ᠎ᠠ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠷᠢᠮᠲᠠᠯᠠᠬᠤ ᠦᠨᠳᠦᠰᠦᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠢᠮᠠᠭᠲᠠ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠢᠮᠠᠭᠲᠠ ᠨᠠᠮ᠂ ᠤᠯᠤᠰ ᠣᠷᠣᠨ ᠪᠠ ᠠᠷᠠᠳ ᠲᠦᠮᠡᠨ ᠳᠤ ᠦᠢᠯᠡᠴᠢᠯᠡᠨ᠎ᠡ᠃1. ᠵᠥᠪ ᠤᠯᠤᠰ ᠲᠥᠷᠥ ᠶᠢᠨ ᠤᠳᠤᠷᠢᠳᠤᠮᠵᠢ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠶᠢ ᠠᠬᠢᠭᠤᠯᠵᠤ᠂ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠡᠳᠦᠪᠲᠦ ᠲᠥᠯᠥᠪᠵᠢᠭᠦᠯᠭᠡ᠂ ᠵᠣᠬᠢᠶᠠᠨ ᠪᠦᠲᠦᠭᠡᠯᠭᠡ ᠦᠢᠯᠡᠳᠪᠦᠷᠢᠯᠡᠯ᠂ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠢᠮᠠᠭᠲᠠ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠲᠡᠷᠢᠭᠦᠨ ᠤ ᠰᠣᠶᠣᠯ ᠤᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠦᠨ᠎ᠡ᠃2. ᠵᠣᠬᠢᠶᠠᠨ ᠪᠦᠲᠦᠭᠡᠯᠭᠡ ᠶᠢᠨ ᠵᠥᠪ ᠴᠢᠭᠯᠡᠯ ᠢ ᠡᠵᠡᠮᠳᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠯᠭᠡ ᠶᠢᠨ ᠤᠳᠤᠷᠢᠳᠤᠮᠵᠢ ᠶᠢ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠶᠢ ᠢᠮᠠᠭᠲᠠ ᠪᠠᠷᠢᠮᠲᠠᠯᠠᠵᠦ᠂ ︽ᠬᠤᠶᠠᠷ ᠲᠤ ᠦᠢᠯᠡᠴᠢᠯᠡᠬᠦ︾ ᠴᠢᠭᠯᠡᠯ ᠪᠠ ︽ᠬᠤᠤᠰ ᠪᠦᠬᠦᠨ︾ ᠤ ᠴᠢᠭᠯᠡᠯᠲᠡ ᠶᠢ ᠪᠠᠷᠢᠮᠲᠠᠯᠠᠨ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠠᠵᠤ ᠠᠬᠤᠶ ᠶᠢᠨ ᠦᠷ᠎ᠡ ᠠᠰᠢᠭ ᠢ ᠨᠡᠶᠢᠭᠡᠮ ᠤᠨ ᠦᠷ᠎ᠡ ᠠᠰᠢᠭ ᠲᠠᠢ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠦᠨ᠂ ᠦᠶ᠎ᠡ ᠤᠯᠠᠮᠵᠢᠯᠠᠭᠰᠠᠨ ᠰᠢᠯᠢᠳᠡᠭ ᠪᠦᠲᠦᠭᠡᠯ ᠢ ᠡᠭᠦᠳᠴᠦ᠂ ᠰᠢᠯᠢᠳᠡᠭ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠢ ᠲᠠᠰᠤᠷᠠᠯᠲᠠ ᠥᠬᠡᠶ ᠵᠣᠬᠢᠶᠠᠨ ᠪᠦᠲᠦᠭᠡᠵᠦ᠂ ᠠᠷᠠᠳ ᠣᠯᠠᠨ ᠤ ᠴᠢᠨᠠᠷ ᠰᠠᠶᠢᠲᠠᠶ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠤᠨ ᠬᠡᠷᠡᠭᠯᠡᠭᠡᠨ ᠤ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ᠃3. ᠴᠠᠭ ᠦᠶ᠎ᠡ ᠶᠢᠨ ᠭᠤᠤᠯ ᠬᠥᠭ ᠠᠶᠠᠰ ᠢ ᠴᠤᠤᠷᠢᠶᠠᠲᠤᠭᠤᠯᠤᠨ᠎ᠠ᠃ ᠪᠦᠬᠦ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠷᠠᠳᠢᠣ᠋ ᠲᠧᠯᠸᠢᠰ ᠦᠢᠯᠡᠳᠦᠨ ᠨᠡᠪᠲᠡᠷᠡᠭᠦᠯᠬᠦ ᠪᠠᠶᠢᠭᠤᠯᠤᠮᠵᠢ ᠪᠣᠯᠤᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠨᠢ ᠠᠷᠠᠳ ᠤᠨ ᠠᠮᠢᠳᠤᠷᠠᠯ ᠳᠤ ᠭᠦᠨ ᠦᠨᠳᠦᠰᠦᠯᠡᠵᠦ᠂ ᠠᠷᠠᠳ ᠲᠦᠮᠡᠨ ᠤ ᠦᠢᠯᠡᠳᠦᠯᠭᠡ ᠳᠤ ᠭᠦᠨ ᠦᠨᠳᠦᠰᠦᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠭᠦᠨ ᠦᠨᠳᠦᠰᠦᠯᠡᠵᠦ᠂ ᠠᠷᠠᠳ ᠲᠦᠮᠡᠨ ᠤ ᠠᠮᠢᠳᠤᠷᠠᠯ ᠢ ᠬᠠᠷᠠᠭᠠᠯᠵᠠᠨ᠂ ᠠᠷᠠᠳ ᠲᠦᠮᠡᠨ ᠤ ᠠᠭᠤᠤ ᠶᠡᠭᠡ ᠦᠢᠯᠡᠳᠦᠯᠭᠡ᠂ ᠴᠠᠭ ᠦᠶ᠎ᠡ ᠶᠢᠨ ᠲᠠᠪᠰᠢᠯᠳᠠ ᠶᠢᠨ ᠱᠠᠭᠠᠷᠳᠠᠯᠭ᠎ᠠ ᠶᠢ ᠪᠢᠴᠢᠭᠯᠡᠬᠦ ᠪᠠ ᠲᠡᠮᠳᠡᠭᠯᠡᠵᠦ᠂ ᠪᠦᠬᠦ ᠣᠷᠣᠨ ᠤ ᠠᠷᠠᠳ ᠲᠦᠮᠡᠨ ᠤ ᠨᠠᠮ ᠤᠨ ᠤᠳᠤᠷᠢᠳᠤᠯᠭ᠎ᠠ ᠳᠣᠣᠷ᠎ᠠ ᠣᠯᠤᠭᠰᠠᠨ ᠨᠡᠶᠢᠭᠡᠮ ᠵᠢᠷᠤᠮ ᠤᠨ ᠥᠭᠡᠷᠡᠴᠢᠯᠡᠯᠲᠡ ᠪᠦᠳᠦᠭᠡᠨ ᠪᠠᠶᠢᠭᠤᠯᠤᠯᠲᠠ ᠶᠢᠨ ᠠᠮᠵᠢᠯᠲᠠ ᠶᠢ ᠲᠤᠰᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠳᠤᠮᠳᠠᠳᠤ ᠤᠯᠤᠰ ᠤᠨ ᠲᠦᠷᠢ ᠲᠥᠷᠬᠦ᠂ ᠥᠪᠥᠷ ᠮᠣᠩᠭᠤᠯ ᠤᠨ ᠲᠦᠷᠢ ᠲᠥᠷᠬᠦ ᠶᠢ ᠱᠤᠭᠤᠵᠤ᠂ ᠠᠷᠠᠳ ᠲᠦᠮᠡᠨ ᠤ ᠵᠣᠷᠢᠭ ᠰᠠᠨᠠᠭ᠎ᠠ ᠶᠢ ᠬᠥᠭᠵᠢᠭᠡᠨ᠎ᠡ᠃4. ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠦᠢᠯᠡᠳᠴᠦ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ︽ᠲᠤᠭ ᠢ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ︾ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠶᠢ ᠠᠬᠢᠭᠤᠯᠵᠤ᠂ ᠢᠮᠠᠭᠲᠠ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠵᠦ᠂ ᠥᠷᠭᠡᠨ ᠣᠯᠠᠨ ᠠᠷᠠᠳ ᠲᠦᠮᠡᠨ ᠤ ᠰᠠᠶᠢᠨ ᠰᠠᠶᠢᠬᠠᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠲᠤᠬᠠᠶ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠳᠤ ᠦᠢᠯᠡᠴᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠪᠥᠲᠥᠭᠡᠨ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠪᠣᠳᠠᠲᠠᠶ ᠦᠢᠯᠡᠳᠦᠯᠭᠡ ᠳᠤ ᠦᠢᠯᠡᠴᠢᠯᠡᠵᠦ᠂ ᠦᠵᠡᠯ ᠰᠠᠨᠠᠭ᠎ᠠ ᠪᠠᠨ ᠨᠢᠭᠡᠳᠬᠡᠨ᠂ ᠬᠦᠴᠦᠨ ᠴᠢᠳᠠᠯ ᠢᠶᠠᠨ ᠨᠢᠭᠲᠠᠷᠠᠭᠤᠯᠤᠨ᠎ᠠ᠃︵ᠬᠤᠶᠠᠷ︶ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠᠪᠦᠲᠦᠭᠡᠯ ᠪᠣᠯ ᠣᠷᠣᠰᠢᠨ ᠲᠣᠭᠲᠠᠨᠢᠬᠤ ᠶᠢᠨ ᠦᠨᠳᠦᠰᠦ ᠪᠣᠯᠬᠤ ᠦᠵᠡᠯ ᠰᠠᠨᠠᠭ᠎ᠠ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮ ᠲᠠᠢ ᠪᠠᠷ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ᠂ ᠰᠢᠯᠢᠳᠡᠭ ᠢ ᠡᠭᠦᠳᠬᠦ ᠢᠨᠵᠧᠨᠧᠷᠢᠩ ᠢᠶᠠᠷ ᠬᠦᠴᠦᠯᠡᠬᠦ ᠴᠡᠭ ᠪᠣᠯᠭᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠴᠢᠬᠤᠯᠠ ᠶᠡᠭᠡ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠢᠳᠠᠪᠤᠷᠢᠲᠠᠨ ᠢ ᠴᠤᠭᠯᠠᠷᠠᠭᠤᠯᠬᠤ᠂ ᠡᠬᠢ ᠪᠠᠶᠠᠯᠢᠭ ᠢ ᠲᠥᠪᠯᠡᠷᠡᠭᠦᠯᠬᠦ᠂ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠨᠡᠷᠡᠲᠦ ᠲᠥᠷᠥᠯ ᠲᠡᠮᠳᠡᠭᠲᠦ ᠶᠢᠨ ᠪᠣᠯᠣᠩ ᠤᠨ ᠫᠷᠤᠭ᠍ᠷᠠᠮ ᠪᠠ ᠰᠢᠯᠢᠳᠡᠭ ᠪᠦᠲᠦᠭᠡᠯ ᠲᠠᠰᠤᠷᠠᠯᠲᠠ ᠦᠭᠡᠢ ᠢᠯᠡᠷᠡᠨ ᠭᠠᠷᠬᠤ ᠶᠢ ᠲᠦᠯᠬᠢᠨ ᠠᠬᠢᠭᠤᠯᠤᠨ᠎ᠠ᠃5. ᠷᠠᠳᠢᠣ᠋ ᠲᠧᠯᠸᠢᠰ ᠤᠨ ᠰᠢᠯᠢᠳᠡᠭ ᠪᠤᠯᠤᠩ ᠤᠨ ᠫᠷᠤᠭ᠍ᠷᠠᠮ ᠤᠨ ᠵᠣᠬᠢᠶᠠᠨ ᠪᠦᠲᠦᠭᠡᠬᠦ ᠢᠨᠵᠧᠨᠧᠷᠢᠩ᠃ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠪᠠᠯᠠ ᠮᠥᠩᠭᠦ ᠪᠠᠷ ᠳᠡᠮᠵᠢᠬᠦ ᠪᠠᠷ ᠳᠠᠮᠵᠢᠭᠤᠯᠤᠨ᠂ ᠵᠢᠯ ᠪᠦᠷᠢ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠨᠢᠭᠡ ᠪᠦᠯᠦᠭ ᠰᠣᠳᠣᠨ ᠪᠤᠯᠤᠩ ᠤᠨ ᠫᠷᠤᠭ᠍ᠷᠠᠮ ᠢ ᠲᠡᠮᠵᠢᠨ ᠵᠣᠬᠢᠶᠠᠨ ᠪᠦᠲᠦᠭᠡᠬᠦ ᠶᠢ ᠲᠥᠰᠦᠪᠯᠡᠵᠦ᠂ ᠨᠢᠭᠡ ᠪᠦᠯᠦᠭ ᠰᠣᠨᠢᠨ ᠮᠡᠳᠡᠭᠡ᠂ ᠨᠡᠶᠢᠲᠡ ᠶᠢᠨ ᠠᠰᠠᠷᠠᠮᠵᠢ᠂ ᠰᠣᠶᠣᠯ ᠂ ᠶᠡᠷᠦᠩᠬᠡᠶᠢᠯᠡᠭᠰᠡᠨ ᠤᠷᠠᠯᠢᠭ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠠᠵᠤ ᠠᠬᠤᠶ᠂ ᠶᠣᠰᠣ ᠮᠣᠷᠠᠯ ᠤᠨ ᠪᠦᠲᠦᠭᠡᠨ ᠪᠠᠶᠢᠭᠤᠯᠤᠯᠲᠠ ᠵᠡᠷᠭᠡ ᠷᠠᠳᠢᠣ᠋ ᠲᠧᠯᠸᠢᠰ ᠤᠨ ᠰᠢᠯᠢᠳᠡᠭ ᠰᠣᠳᠣᠨ ᠪᠦᠲᠦᠭᠡᠯ ᠤᠨ ᠪᠤᠯᠤᠩ ᠢ ᠪᠣᠶ ᠪᠣᠯᠭᠠᠵᠤ᠂ ᠰᠣᠳᠣᠨ ᠪᠦᠲᠦᠭᠡᠯ ᠤᠨ ᠠᠭᠤᠯᠭ᠎ᠠ ᠶᠢ ᠳᠠᠮᠵᠢᠭᠤᠯᠵᠤ᠂ ᠴᠡᠭᠡᠨ ᠳᠡᠯᠭᠡᠴᠡ ᠶᠢᠨ ᠳᠠᠭᠤᠨ ᠳᠠᠪᠲᠠᠮᠵᠢ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠪᠥᠬᠦ ᠣᠷᠣᠨ ᠤ ᠷᠠᠳᠢᠣ᠋ ᠲᠧᠯᠸᠢᠰ ᠤᠨ ᠬᠥᠲᠥᠯᠦᠨ ᠳᠠᠭᠠᠭᠤᠯᠬᠤ ᠬᠦᠴᠦᠨ᠂ ᠳᠠᠮᠵᠢᠭᠤᠯᠬᠤ ᠬᠦᠴᠦᠨ᠂ ᠨᠥᠯᠥᠭᠡᠯᠡᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠪᠥᠬᠦ ᠣᠷᠣᠨ ᠤ ᠷᠠᠳᠢᠣ᠋ ᠲᠧᠯᠸᠢᠰ ᠤᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠭᠤᠤᠯ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃6. ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠰᠢᠯᠢᠳᠡᠭ ᠪᠦᠲᠦᠭᠡᠯ ᠤᠨ ᠵᠣᠬᠢᠶᠠᠨ ᠪᠦᠲᠦᠭᠡᠬᠦ ᠢᠨᠵᠧᠨᠧᠷᠢᠩ᠃ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠪᠠᠯᠠ ᠮᠥᠩᠭᠦ ᠪᠠᠷ ᠳᠡᠮᠵᠢᠬᠦ ᠪᠠᠷ ᠳᠠᠮᠵᠢᠭᠤᠯᠤᠨ᠂ ᠵᠣᠬᠢᠶᠠᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠣᠬᠢᠶᠠᠨ ᠪᠦᠲᠦᠭᠡᠬᠦ ᠠᠭᠤᠷ ᠠᠮᠢᠰᠬᠤᠯ ᠢ ᠪᠣᠶ ᠪᠣᠯᠭᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠬᠢ ᠪᠠᠶᠠᠯᠢᠭ ᠢ ᠲᠥᠪᠯᠡᠷᠡᠭᠦᠯᠬᠦ᠂ ᠴᠢᠳᠠᠪᠤᠷᠢᠲᠠᠨ ᠢ ᠲᠥᠪᠯᠡᠷᠡᠭᠦᠯᠬᠦ᠂ ᠬᠠᠮᠲᠤᠷᠠᠯᠴᠠᠭ᠎ᠠ ᠪᠠᠨ ᠴᠢᠩᠭᠠᠷᠠᠭᠤᠯᠬᠤ ᠶᠢ ᠳᠡᠮᠵᠢᠵᠦ᠂ ᠨᠢᠭᠡ ᠪᠦᠯᠦᠭ ᠰᠢᠯᠢᠳᠡᠭ ᠲᠤᠰᠬᠠᠶ ᠰᠡᠳᠦᠪᠲᠦ ᠹᠢᠯᠢᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠴᠢᠬᠤᠯᠠ ᠶᠡᠭᠡ ᠣᠨᠣᠯ ᠤᠨ ᠰᠤᠷᠪᠤᠯᠵᠢ ᠪᠢᠴᠢᠭ ᠤᠨ ᠹᠢᠯᠢᠮ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠵᠡᠷᠭᠡ ᠣᠯᠠᠨ ᠵᠠᠭᠤᠴᠢᠯᠠᠭᠤᠷ ᠢᠶᠠᠷ ᠢᠯᠡᠷᠡᠭᠦᠯᠬᠦ ᠰᠢᠷᠢᠰ ᠠᠭᠤᠯᠭ᠎ᠠ ᠶᠢᠨ ᠰᠣᠳᠣᠨ ᠪᠦᠲᠦᠭᠡᠯ ᠢ ᠨᠠᠷᠢᠨ ᠨᠢᠮᠪᠠᠶ ᠤᠬᠠᠭᠠᠯᠠᠨ ᠲᠥᠯᠥᠪᠯᠡᠵᠦ᠂ ᠰᠢᠨ᠎ᠡ ᠴᠠᠭ ᠦᠶ᠎ᠡ ᠶᠢ ᠲᠡᠮᠳᠡᠭᠯᠡᠵᠦ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ᠃7. ᠰᠢᠯᠢᠳᠡᠭ ᠭᠤᠣᠯ ᠰᠡᠳᠦᠪᠲᠦ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠤᠨ ᠦᠵᠡᠰᠬᠦᠯᠡᠩ ᠤᠨ ᠢᠨᠵᠧᠨᠧᠷᠢᠩ᠃ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠪᠠᠯᠠ ᠮᠥᠩᠭᠦ ᠪᠠᠷ ᠳᠡᠮᠵᠢᠬᠦ ᠪᠠᠷ ᠳᠠᠮᠵᠢᠭᠤᠯᠤᠨ᠂ ᠵᠢᠯ ᠪᠦᠷᠢ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠦᠢᠯᠡᠳᠴᠦ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠴᠢᠬᠤᠯᠠ ᠶᠡᠭᠡ ᠭᠤᠤᠯ ᠰᠡᠳᠦᠪ᠂ ᠴᠢᠬᠤᠯᠠ ᠶᠡᠭᠡ ᠴᠠᠭ ᠤᠨ ᠵᠠᠩᠭᠢᠶᠠᠰᠤ ᠶᠢᠨ ᠲᠣᠭᠤᠷᠢᠨ ᠳᠤ ᠰᠢᠯᠢᠳᠡᠭ ᠭᠤᠤᠯ ᠰᠡᠳᠦᠪᠲᠦ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ᠂ ᠲᠤᠰᠬᠠᠶ ᠰᠡᠳᠦᠪᠲᠦ ᠹᠢᠯᠢᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠰᠣᠷᠪᠣᠯᠵᠢ ᠪᠢᠴᠢᠭ ᠤᠨ ᠹᠢᠯᠢᠮ ᠢ ᠰᠣᠩᠭᠤᠨ ᠳᠡᠯᠭᠡᠷᠡᠭᠦᠯᠵᠦ᠂ ᠥᠪᠥᠷ ᠮᠣᠩᠭᠤᠯ ᠤᠨ ᠲᠡᠤᠬᠡ ᠰᠣᠶᠣᠯ᠂ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠵᠢᠭᠤᠯᠴᠢᠯᠠᠯ᠂ ᠬᠤᠪᠢᠰᠬᠠᠯ ᠤᠨ ᠰᠣᠶᠣᠯ᠂ ᠴᠠᠭ ᠦᠶ᠎ᠡ ᠶᠢᠨ ᠴᠤᠭ ᠵᠢᠪᠬᠤᠭ᠎ᠠ ᠵᠡᠷᠭᠡ ᠭᠤᠤᠯ ᠰᠡᠳᠦᠪ ᠤᠨ ᠲᠣᠭᠤᠷᠢᠨ ᠳᠤ ᠭᠤᠤᠯ ᠰᠡᠳᠦᠪᠲᠦ ᠠᠵᠢᠯᠯᠠᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠮᠥᠷᠲᠡᠭᠡᠨ ᠪᠠᠰᠠ ᠰᠢᠯᠢᠳᠡᠭ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠤᠬᠠᠭᠤᠯᠤᠨ ᠳᠡᠯᠭᠡᠷᠡᠭᠦᠯᠵᠦ ᠰᠣᠯᠢᠯᠴᠠᠬᠤ ᠶᠢ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠤᠬᠠᠭᠤᠯᠭ᠎ᠠ ᠳᠡᠯᠭᠡᠷᠡᠭᠦᠯᠦᠯᠲᠡ ᠶᠢ ᠠᠬᠢᠭᠤᠯᠤᠨ᠎ᠠ᠃8. ᠰᠢᠯᠢᠳᠡᠭ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠤᠨ ᠰᠢᠯᠢᠳᠡᠭ ᠢ ᠨᠢ ᠲᠠᠨᠢᠯᠴᠠᠭᠤᠯᠵᠤ ᠰᠢᠯᠢᠳᠡᠭ ᠢ ᠨᠢ ᠰᠢᠯᠭᠠᠷᠠᠭᠤᠯᠬᠤ ᠢᠨᠵᠧᠨᠧᠷᠢᠩ᠃ ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠰᠢᠯᠭᠠᠷᠠᠭᠤᠯᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠲᠣᠮᠣ ᠱᠠᠩᠨᠠᠯ ᠢ ᠰᠢᠯᠭᠠᠷᠠᠭᠤᠯᠬᠤ ᠠᠵᠢᠯᠯᠠᠭ᠎ᠠ ᠳᠤ ᠣᠷᠣᠯᠴᠠᠭᠤᠯᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠢᠯᠢᠳᠡᠭ ᠰᠣᠨᠢᠨ ᠮᠡᠳᠡᠭᠡᠨ ᠤ ᠫᠷᠤᠭ᠍ᠷᠠᠮ᠂ ᠺᠠᠷᠲ᠋ᠣᠨ ᠺᠢᠨᠤ᠋᠂ ᠪᠠᠷᠢᠮᠲᠠᠲᠤ ᠹᠢᠯᠢᠮ᠂ ᠪᠤᠰᠤᠳ ᠷᠠᠳᠢᠣ᠋ ᠲᠧᠯᠸᠢᠰ ᠤᠨ ᠫᠷᠤᠭ᠍ᠷᠠᠮ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠤᠯᠠᠷᠢᠯ ᠤᠨ ᠰᠢᠯᠢᠳᠡᠭ ᠢ ᠨᠢ ᠲᠠᠨᠢᠯᠴᠠᠭᠤᠯᠬᠤ᠂ ᠣᠨ ᠤ ᠰᠢᠯᠢᠳᠡᠭ ᠢ ᠨᠢ ᠲᠠᠨᠢᠯᠴᠠᠭᠤᠯᠬᠤ ᠵᠡᠷᠭᠡ ᠡᠯ᠎ᠡ ᠵᠦᠢᠯ ᠤᠨ ᠰᠢᠯᠢᠳᠡᠭ ᠰᠠᠶᠢᠨ ᠢ ᠨᠢ ᠦᠨᠡᠯᠡᠬᠦ ᠠᠵᠢᠯᠯᠠᠭ᠎ᠠ ᠳᠤ ᠣᠷᠣᠯᠴᠠᠬᠤ ᠶᠢ ᠵᠣᠬᠢᠶᠠᠨ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠤᠣᠯ ᠰᠡᠳᠦᠪ᠂ ᠴᠢᠬᠤᠯᠠ ᠴᠠᠭ ᠤᠨ ᠵᠠᠩᠭᠢᠶᠠᠰᠤ ᠶᠢᠨ ᠲᠣᠭᠤᠷᠢᠨ ᠳᠤ ᠥᠷᠨᠢᠭᠦᠯᠦᠭᠰᠡᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠣᠨ ᠤ ᠡᠯᠰᠡᠵᠦ ᠴᠤᠭᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠵᠤ᠂ ︽ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠵᠤ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠭᠤᠤᠯ ᠰᠡᠳᠦᠪᠲᠦ ᠰᠦᠯᠵᠢᠶᠡᠨ ᠤ ᠦᠵᠡᠵᠦ ᠰᠣᠨᠣᠰᠬᠤ ᠣᠣᠭᠠᠯ ᠫᠷᠤᠭ᠍ᠷᠠᠮ ᠤᠨ ᠣᠨ ᠤ ᠴᠤᠭᠯᠠᠭᠤᠯᠬᠤ ᠠᠵᠢᠯᠯᠠᠭ᠎ᠠ ᠪᠠ ︽ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ︾ ᠢ ᠴᠤᠭᠯᠠᠭᠤᠯᠬᠤ ᠣᠨ ᠤ ᠰᠣᠩᠭᠤᠨ ᠲᠠᠨᠢᠯᠴᠠᠭᠤᠯᠬᠤ ᠠᠵᠢᠯᠯᠠᠭ᠎ᠠ ᠳᠤ ᠵᠣᠬᠢᠶᠠᠨ ᠪᠠᠶᠢᠭᠤᠯᠵᠤ᠂ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠬᠥᠲᠥᠯᠥᠨ ᠵᠢᠯᠣᠭᠤᠳᠴᠤ ᠪᠠᠶᠢᠭᠠᠳ ᠵᠣᠬᠢᠶᠠᠨ ᠪᠦᠲᠦᠭᠡᠬᠦ ᠴᠢᠭᠯᠡᠯ ᠢ ᠢᠮᠠᠭᠲᠠ ᠪᠠᠲᠤ ᠡᠵᠡᠮᠳᠡᠵᠦ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠥᠬᠡᠶ ᠳᠠᠭᠠᠵᠤ᠂ ᠵᠣᠬᠢᠶᠠᠨ ᠪᠦᠲᠦᠭᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃9. ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠦᠢᠯᠡᠳᠴᠦ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠃ ᠥᠪᠥᠷ ᠮᠣᠩᠭᠤᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠷᠤᠯᠳᠤᠭᠠᠨ ᠢ ᠡᠷᠬᠢᠯᠡᠵᠦ᠂ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠳᠡᠮᠵᠢᠬᠦ ᠲᠥᠷᠥᠯ ᠵᠦᠢᠯ ᠵᠡᠷᠭᠡ ᠡᠯ᠎ᠡ ᠲᠥᠷᠥᠯ ᠤᠨ ᠰᠢᠯᠢᠳᠡᠭ ᠢ ᠨᠢ ᠲᠠᠨᠢᠯᠴᠠᠭᠤᠯᠵᠤ ᠰᠢᠯᠢᠳᠡᠭ ᠢ ᠨᠢ ᠰᠢᠯᠭᠠᠷᠠᠭᠤᠯᠬᠤ ᠠᠵᠢᠯᠯᠠᠭ᠎ᠠ ᠳᠤ ᠣᠷᠤᠯᠴᠠᠬᠤ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠪᠠ ᠳᠠᠮᠵᠢᠭᠤᠯᠬᠤ ᠢᠳᠡᠪᠬᠢᠵᠢᠯ ᠢ ᠨᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠰᠢᠯᠢᠳᠡᠭ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠵᠣᠬᠢᠶᠠᠯ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠠᠬᠢᠭᠤᠯᠤᠨ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠡᠷᠡᠭᠦᠯ ᠬᠥᠭᠵᠢᠯᠲᠡ ᠶᠢ ᠬᠥᠲᠥᠯᠥᠨ ᠳᠠᠭᠠᠭᠤᠯᠵᠤ᠂ ᠮᠠᠨ ᠤ ᠣᠷᠣᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃10. ᠷᠠᠳᠢᠣ᠋ ᠲᠧᠯᠸᠢᠰ ᠤᠨ ᠰᠢᠯᠢᠳᠡᠭ ᠲᠢᠶᠠᠲᠷ ᠤᠨ ᠪᠤᠯᠤᠩ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠲᠠᠢ ᠢᠳᠡᠪᠬᠢᠲᠡᠶ ᠵᠣᠯᠭᠠᠭᠤᠯᠵᠤ᠂ ᠬᠠᠮᠢᠶ᠎ᠠ ᠪᠥᠬᠦᠶ ᠷᠠᠳᠢᠣ᠋ ᠲᠧᠯᠸᠢᠰ ᠤᠨ ᠪᠦᠲᠦᠭᠡᠯ ᠤᠨ ᠬᠡᠪᠯᠡᠯ ᠤᠨ ᠡᠷᠬᠡ ᠶᠢᠨ ᠨᠢᠭᠡᠴᠢ ᠶᠢ ᠵᠣᠬᠢᠴᠠᠭᠤᠯᠵᠤ᠂ ᠪᠥᠬᠦ ᠣᠷᠣᠨ ᠤ ᠷᠠᠳᠢᠣ᠋ ᠲᠧᠯᠸᠢᠰ ᠺᠢᠨᠣ᠋ ᠲᠧᠯᠸᠢᠰ ᠤᠨ ᠲᠢᠶᠠᠲᠷ ᠤᠨ ᠪᠤᠯᠤᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠡᠯᠡᠭᠯᠡᠨ ᠨᠡᠪᠲᠡᠷᠡᠭᠦᠯᠬᠦ᠂ ᠬᠠᠮᠲᠤ ᠶᠢᠨ ᠬᠡᠪᠯᠡᠯ ᠤᠨ ᠡᠷᠬᠡ ᠶᠢ ᠬᠤᠳᠠᠯᠳᠤᠨ ᠠᠪᠬᠤ᠂ ᠨᠡᠶᠢᠲᠡ ᠶᠢᠨ ᠠᠰᠠᠷᠠᠮᠵᠢ ᠶᠢᠨ ᠦᠵᠡᠰᠭᠦᠯᠡᠩ ᠤᠨ ᠨᠡᠪᠲᠡᠷᠡᠭᠦᠯᠭᠡ ᠵᠡᠷᠭᠡ ᠠᠷᠭ᠎ᠠ ᠬᠡᠯᠪᠡᠷᠢ ᠪᠠ ᠠᠷᠭ᠎ᠠ ᠵᠠᠮ ᠢᠶᠠᠷ ᠪᠥᠬᠦ ᠣᠷᠣᠨ ᠤ ᠷᠠᠳᠢᠣ᠋ ᠲᠧᠯᠸᠢᠰ ᠤᠨ ᠬᠡᠪᠯᠡᠯ ᠤᠨ ᠡᠷᠬᠡ ᠶᠢᠨ ᠪᠦᠲᠦᠭᠡᠯ ᠤᠨ ᠡᠬᠢ ᠪᠠᠶᠠᠯᠢᠭ ᠤᠨ ᠬᠥᠮᠥᠷᠭᠡ ᠵᠢᠴᠢ ᠵᠣᠬᠢᠴᠠᠩᠭᠤᠶ ᠠᠵᠢᠯ ᠤᠨ ᠵᠣᠬᠢᠴᠠᠭᠤᠯᠬᠤ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠣᠷᠣᠨ ᠤ ᠷᠠᠳᠢᠣ᠋ ᠲᠧᠯᠸᠢᠰ ᠺᠢᠨᠣ᠋ ᠲᠧᠯᠸᠢᠰ ᠤᠨ ᠲᠢᠶᠠᠲᠷ ᠤᠨ ᠪᠤᠯᠤᠩ ᠤᠨ ᠴᠢᠨᠠᠷ ᠰᠠᠶᠢᠲᠠᠶ  ᠰᠢᠯᠢᠳᠡᠭ ᠬᠥᠭᠵᠢᠯᠲᠡ ᠶᠢ ᠠᠬᠢᠭᠤᠯᠤᠨ᠎ᠠ᠃11. ᠴᠢᠬᠤᠯᠠ ᠶᠡᠭᠡ ᠭᠠᠳᠠᠭᠠᠳᠤ ᠤᠬᠠᠭᠤᠯᠭ᠎ᠠ ᠶᠢᠨ ᠭᠠᠳᠠᠭᠰᠢ ᠭᠠᠷᠬᠤ ᠢᠨᠵᠧᠨᠧᠷᠢᠩ᠃ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠲᠠᠯ᠎ᠠ ᠶᠢᠨ ᠳᠠᠭᠤ ᠬᠤᠭᠤᠯᠠᠢ ᠷᠠᠳᠢᠣ᠋ ᠨᠡᠪᠲᠡᠷᠡᠭᠦᠯᠭᠡ᠂ ᠮᠣᠩᠭᠤᠯ ᠬᠡᠯᠡᠨ ᠤ ᠣᠳᠣᠨ ᠲᠧᠯᠸᠢᠰ ᠵᠡᠷᠭᠡ ᠭᠠᠳᠠᠭᠠᠳᠤ ᠤᠬᠠᠭᠤᠯᠭ᠎ᠠ ᠶᠢᠨ ᠳᠠᠪᠲᠠᠮᠵᠢ ᠶᠢᠨ ᠰᠤᠪᠠᠭ ᠤᠨ ᠡᠬᠢ ᠪᠠᠶᠠᠯᠢᠭ ᠪᠠ ᠬᠢᠯᠢ ᠶᠢᠨ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠰ᠂ ᠮᠣᠩᠭᠤᠯ ᠤᠯᠤᠰ ᠵᠡᠷᠭᠡ ᠤᠯᠤᠰ ᠲᠠᠢ ᠷᠠᠳᠢᠣ᠋ ᠲᠧᠯᠸᠢᠰ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ︽ᠲᠣᠷᠭᠠᠨ ᠵᠠᠮ ᠤᠨ ᠺᠢᠨᠣ᠋ ᠲᠧᠯᠸᠢᠰ ᠤᠨ ᠬᠥᠭᠦᠷᠭᠡ︾ ᠢᠨᠵᠧᠨᠧᠷᠢᠩ᠂ ︽ᠬᠠᠯᠬ᠎ᠠ ᠮᠣᠩᠭᠤᠯ ᠬᠡᠯᠡᠨ ᠤ ᠺᠢᠨᠣ᠋ ᠲᠧᠯᠸᠢᠰ ᠵᠦᠴᠦᠭᠡ ᠣᠷᠴᠢᠭᠤᠯᠤᠨ ᠲᠠᠭᠠᠷᠠᠭᠤᠯᠬᠤ︾ ᠲᠥᠷᠥᠯ ᠵᠦᠢᠯ ᠢ ᠴᠢᠷᠮᠠᠶᠢᠨ ᠣᠯᠵᠤ᠂ ᠦᠷᠭᠦᠯᠵᠢᠯᠡᠨ ᠬᠡᠷᠡᠭᠵᠢᠭᠦᠯᠵᠦ᠂ ᠵᠣᠬᠢᠴᠠᠭᠤᠯᠭ᠎ᠠ ᠪᠠᠨ ᠴᠢᠩᠭᠠᠳᠬᠠᠨ᠂ ᠠᠽᠢᠶ᠎ᠠ ᠲᠢᠪ ᠤᠨ ᠲᠧᠯᠸᠢᠰ ᠵᠦᠴᠦᠭᠡ ︵ᠺᠠᠷᠲ᠋ᠣᠨ ᠺᠢᠨᠣ᠋︶ ᠶᠢ ᠬᠠᠮᠲᠤᠷᠠᠨ ᠰᠡᠭᠦᠳᠡᠷᠯᠡᠬᠦ᠂ ᠭᠠᠳᠠᠭᠠᠳᠤ ᠳᠤ ᠣᠷᠴᠢᠭᠤᠯᠵᠤ ᠨᠡᠪᠲᠡᠷᠡᠭᠦᠯᠬᠦ ᠵᠡᠷᠭᠡ ᠲᠥᠷᠥᠯ ᠵᠦᠢᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠳᠤᠮᠳᠠᠳᠤ ᠶᠢᠨ ᠰᠣᠶᠣᠯ ᠤᠨ ᠭᠠᠳᠠᠭᠠᠳᠤ ᠳᠠᠬᠢ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠦᠨ᠂ ᠣᠯᠠᠨ ᠤᠯᠤᠰ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃︵ᠭᠤᠷᠪᠠ︶ ᠲᠥᠯᠥᠪᠵᠢᠭᠦᠯᠭᠡ ᠶᠢᠨ ᠬᠦᠲᠦᠯᠦᠨ ᠳᠠᠭᠠᠭᠤᠯᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠᠤᠬᠠᠭᠤᠯᠭ᠎ᠠ ᠶᠠᠷᠢᠶ᠎ᠠ ᠬᠡᠯᠡᠯᠴᠡᠭᠡ ᠪᠠ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠪᠦᠬᠦᠨ ᠢᠶᠠᠷ ᠢᠶᠠᠨ ᠵᠣᠬᠢᠴᠠᠯᠳᠤᠨ ᠦᠢᠯᠡᠴᠢᠯᠡᠬᠦ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠴᠠᠮᠵᠢ ᠶᠢ ᠪᠦᠷᠢᠨ ᠪᠣᠯᠭᠠᠬᠤ ᠪᠠᠷ ᠪᠠᠲᠤᠯᠠᠭ᠎ᠠ ᠪᠣᠯᠭᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠦᠷᠭᠦᠯᠵᠢᠯᠡᠨ ᠬᠥᠲᠥᠯᠥᠨ ᠵᠢᠯᠣᠭᠤᠳᠴᠤ ᠠᠬᠢᠭᠤᠯᠤᠨ᠎ᠠ᠃12. ᠬᠥᠲᠥᠯᠥᠨ ᠵᠢᠯᠤᠭᠤᠳᠤᠯᠭ᠎ᠠ ᠶᠢ ᠲᠦᠯᠦᠪᠵᠢᠭᠦᠯᠬᠦ ᠵᠣᠬᠢᠴᠠᠮᠵᠢ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠵᠣᠬᠢᠶᠠᠨ ᠪᠦᠲᠦᠭᠡᠬᠦ ᠰᠡᠳᠦᠪ ᠤᠨ ᠲᠥᠯᠥᠪᠵᠢᠭᠦᠯᠭᠡ ᠶᠢᠨ ᠠᠵᠢᠯ ᠤᠨ ᠵᠣᠬᠢᠴᠠᠮᠵᠢ ᠶᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠶᠡᠭᠡ ᠵᠣᠬᠢᠶᠠᠨ ᠪᠦᠲᠦᠭᠡᠬᠦ ᠭᠤᠣᠯ ᠰᠡᠳᠦᠪ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠥᠭᠵᠢᠯᠲᠡ ᠶᠢᠨ ᠴᠢᠭᠯᠡᠯ ᠵᠢᠴᠢ ᠥᠪᠥᠷ ᠮᠣᠩᠭᠤᠯ ᠤᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ᠂ ᠰᠡᠳᠦᠪ ᠰᠣᠩᠭᠤᠬᠤ ᠰᠤᠳᠤᠯᠤᠨ ᠶᠠᠷᠢᠯᠴᠠᠵᠤ ᠰᠣᠯᠢᠯᠴᠠᠬᠤ ᠶᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠰᠡᠳᠦᠪ ᠰᠣᠩᠭᠤᠬᠤ ᠰᠠᠨᠠᠭᠤᠯᠤᠮᠵᠢ ᠶᠢ ᠨᠡᠶᠢᠲᠡᠯᠡᠵᠦ᠂ ᠰᠡᠳᠦᠪ ᠰᠣᠩᠭᠤᠵᠤ ᠵᠣᠬᠢᠶᠠᠨ ᠪᠦᠲᠦᠭᠡᠬᠦ ᠶᠢ ᠳᠡᠮᠵᠢᠵᠦ᠂ ᠰᠡᠳᠦᠪ ᠤᠨ ᠲᠥᠯᠥᠪᠵᠢᠭᠦᠯᠭᠡ ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠤᠨ᠎ᠠ᠃13. ᠲᠠᠪᠴᠠᠩ ᠢ ᠲᠦᠯᠦᠪᠵᠢᠭᠦᠯᠬᠦ ᠵᠣᠬᠢᠴᠠᠮᠵᠢ᠃ ᠭᠤᠣᠯᠳᠠᠯᠭ᠎ᠠ ᠲᠠᠢ ᠰᠡᠳᠦᠪ ᠤᠨ ᠰᠡᠳᠦᠪ ᠰᠣᠩᠭᠤᠬᠤ ᠲᠥᠷᠥᠯ ᠵᠦᠢᠯ ᠢ ᠴᠤᠭᠯᠠᠭᠤᠯᠬᠤ ᠠᠵᠢᠯ ᠤᠨ ᠵᠣᠬᠢᠴᠠᠮᠵᠢ ᠶᠢ ᠪᠠᠶᠢᠭᠤᠯᠵᠤ᠂ ᠴᠠᠭ ᠦᠶ᠎ᠡ ᠶᠢᠨ ᠭᠤᠣᠯ ᠰᠡᠳᠦᠪ ᠲᠠᠢ ᠤᠶᠠᠯᠳᠤᠭᠤᠯᠤᠨ᠂ ᠴᠠᠭ ᠦᠶ᠎ᠡ ᠶᠢᠨ ᠬᠥᠭᠵᠢᠯᠲᠡ ᠶᠢ ᠤᠷᠢᠳᠴᠢᠯᠠᠨ ᠮᠠᠭᠠᠳᠯᠠᠵᠤ᠂ ᠥᠷᠭᠡᠨ ᠢᠶᠠᠷ ᠴᠤᠭᠯᠠᠭᠤᠯᠵᠤ᠂ ᠭᠦᠢᠴᠡᠳ ᠨᠤᠲᠠᠯᠠᠵᠤ᠂ ᠲᠥᠰᠦᠪᠯᠡᠨ ᠳᠡᠮᠵᠢᠵᠦ᠂ ᠭᠤᠤᠯᠳᠠᠯᠭ᠎ᠠ ᠲᠠᠢ ᠰᠡᠳᠦᠪ ᠤᠨ ᠲᠥᠷᠥᠯ ᠵᠦᠢᠯ ᠤᠨ ᠬᠥᠮᠥᠷᠭᠡ ᠶᠢ ᠬᠦᠴᠦᠯᠡᠨ ᠪᠠᠶᠢᠭᠤᠯᠵᠤ᠂ ᠭᠤᠤᠯᠳᠠᠯᠭ᠎ᠠ ᠲᠠᠢ ᠰᠡᠳᠦᠪ ᠤᠨ ᠲᠥᠷᠥᠯ ᠵᠦᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠭᠤᠤᠯᠳᠠᠯᠭ᠎ᠠ ᠲᠠᠢ ᠰᠡᠳᠦᠪ ᠤᠨ ᠲᠥᠷᠥᠯ ᠵᠦᠢᠯ ᠳᠤ ᠨᠢᠭᠡ ᠪᠦᠯᠦᠭ ᠢ ᠲᠥᠯᠥᠪᠵᠢᠭᠦᠯᠵᠦ᠂ ᠨᠢᠭᠡ ᠪᠦᠯᠦᠭ ᠢ ᠵᠣᠬᠢᠶᠠᠨ ᠪᠦᠲᠦᠭᠡᠵᠦ᠂ ᠨᠢᠭᠡ ᠪᠦᠯᠦᠭ ᠢ ᠨᠡᠪᠲᠡᠷᠡᠭᠦᠯᠵᠦ᠂ ᠨᠢᠭᠡ ᠪᠦᠯᠦᠭ ᠢ ᠰᠢᠨ᠎ᠡ ᠪᠠᠷ ᠨᠡᠮᠡᠭᠳᠡᠭᠦᠯᠬᠦ ᠰᠠᠶᠢᠨ ᠣᠷᠴᠢᠯ ᠬᠥᠭᠵᠢᠯᠲᠡ ᠶᠢ ᠠᠬᠢᠭᠤᠯᠤᠨ᠎ᠠ᠃14. ᠮᠥᠷᠳᠡᠨ ᠳᠠᠭᠠᠬᠤ ᠶᠢ ᠲᠦᠯᠦᠪᠵᠢᠭᠦᠯᠬᠦ ᠵᠣᠬᠢᠴᠠᠮᠵᠢ᠃ ᠭᠤᠣᠯᠳᠠᠯᠭ᠎ᠠ ᠲᠠᠢ ᠰᠡᠳᠦᠪ ᠤᠨ ᠲᠥᠷᠥᠯ ᠵᠦᠢᠯ ᠢ ᠮᠥᠷᠳᠡᠨ ᠳᠠᠭᠠᠵᠤ ᠵᠣᠬᠢᠶᠠᠨ ᠪᠦᠲᠦᠭᠡᠬᠦ ᠵᠣᠬᠢᠴᠠᠮᠵᠢ ᠶᠢ ᠪᠠᠶᠢᠭᠤᠯᠵᠤ᠂ ᠭᠤᠣᠯᠳᠠᠯᠭ᠎ᠠ ᠲᠠᠢ ᠰᠡᠳᠦᠪ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠠᠩᠬᠠᠷᠴᠤ᠂ ᠵᠣᠬᠢᠶᠠᠨ ᠪᠦᠲᠦᠭᠡᠬᠦ ᠠᠬᠢᠴᠠ᠂ ᠵᠣᠬᠢᠶᠠᠨ ᠪᠦᠲᠦᠭᠡᠬᠦ ᠬᠦᠴᠢᠷᠳᠡᠯ ᠢ ᠴᠠᠭ ᠲᠤᠬᠠᠶ ᠳᠤ ᠨᠢ ᠣᠶᠢᠯᠠᠭᠠᠵᠤ᠂ ᠵᠣᠬᠢᠶᠠᠨ ᠪᠦᠲᠦᠭᠡᠬᠦ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠢ ᠢᠳᠡᠪᠬᠢᠲᠡᠶ ᠪᠠᠷ ᠵᠣᠬᠢᠴᠠᠭᠤᠯᠤᠨ ᠬᠠᠪᠰᠤᠷᠤᠨ ᠰᠢᠢᠳᠪᠦᠷᠢᠯᠡᠵᠦ᠂ ᠰᠠᠶᠢᠨ ᠲᠥᠷᠥᠯ ᠵᠦᠢᠯ ᠤᠨ ᠬᠠᠮᠤᠭ ᠤᠨ ᠰᠠᠶᠢᠨ ᠪᠠᠶᠢᠬᠤ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠨ᠎ᠠ᠃15.ᠲᠣᠬᠢᠷᠠᠭᠤᠯᠤᠯᠲᠠ ᠶᠢ ᠲᠦᠯᠦᠪᠵᠢᠭᠦᠯᠬᠦ ᠵᠣᠬᠢᠴᠠᠮᠵᠢ᠃ ᠭᠤᠣᠯᠳᠠᠯᠭ᠎ᠠ ᠲᠠᠢ ᠰᠡᠳᠦᠪ ᠤᠨ ᠲᠥᠷᠥᠯ ᠵᠦᠢᠯ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠵᠣᠬᠢᠴᠠᠮᠵᠢ ᠶᠢ ᠪᠠᠶᠢᠭᠤᠯᠵᠤ᠂ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠪᠠ ᠬᠠᠨᠳᠤᠰᠢ ᠶᠢ ᠪᠠᠲᠤ ᠡᠵᠡᠮᠳᠡᠵᠦ᠂ ᠴᠠᠭ ᠦᠶ᠎ᠡ ᠲᠠᠢ ᠨᠡᠶᠢᠴᠡᠬᠦ ᠥᠬᠡᠶ ᠰᠡᠳᠦᠪ ᠤᠨ ᠲᠥᠷᠥᠯ ᠵᠦᠢᠯ ᠢ ᠰᠡᠳᠦᠪ ᠤᠨ ᠲᠥᠷᠥᠯ ᠵᠦᠢᠯ ᠤᠨ ᠬᠥᠮᠥᠷᠭᠡ ᠠᠴᠠ ᠴᠠᠭ ᠲᠤᠬᠠᠶ ᠳᠤ ᠨᠢ ᠠᠷᠢᠯᠭᠠᠵᠤ᠂ ᠴᠠᠭ ᠦᠶ᠎ᠡ ᠶᠢᠨ ᠬᠥᠭᠵᠢᠯᠲᠡ ᠶᠢᠨ ᠭᠤᠤᠯᠳᠠᠯᠭ᠎ᠠ ᠲᠠᠢ ᠰᠡᠳᠦᠪ ᠤᠨ ᠲᠥᠷᠥᠯ ᠵᠦᠢᠯ ᠢ ᠰᠡᠳᠦᠪ ᠤᠨ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠦᠢᠯᠡᠳᠦᠨ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤ ᠨᠢ ᠰᠡᠷᠡᠮᠵᠢᠯᠡᠭᠦᠯᠬᠦ ᠪᠤᠶᠤ ᠰᠠᠨᠠᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠤᠨ ᠵᠣᠬᠢᠶᠠᠨ ᠪᠦᠲᠦᠭᠡᠬᠦ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠲᠤᠯᠠᠵᠤ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠥᠬᠡᠶ ᠳᠠᠭᠠᠵᠤ᠂ ᠪᠦᠷᠢᠯᠭᠡᠯ ᠰᠦᠢᠳᠦᠯ ᠪᠠ ᠬᠤᠬᠢᠷᠠᠯ ᠠᠴᠠ ᠵᠠᠶᠢᠯᠠᠰᠬᠢᠬᠤ ᠪᠤᠶᠤ ᠪᠠᠭᠠᠰᠬᠠᠨ᠎ᠠ᠃︵ᠲᠦᠷᠪᠡ︶ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠᠦᠢᠯᠡᠴᠢᠯᠡᠭᠡᠨ ᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠴᠢᠩᠭ᠎ᠠ ᠬᠢᠨᠠᠨ ᠬᠠᠮᠢᠶᠠᠷᠬᠤ ᠪᠠ ᠪᠦᠲᠦᠮᠵᠢᠲᠡᠶ ᠬᠠᠪᠰᠤᠷᠤᠨ ᠳᠡᠮᠵᠢᠬᠦ ᠶᠢ ᠬᠠᠷᠢᠯᠴᠠᠨ ᠨᠢᠭᠡᠳᠬᠡᠬᠦ᠂ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠴᠢᠳᠠᠪᠤᠷᠢᠲᠠᠨ ᠤ ᠬᠠᠩᠭᠠᠯᠭ᠎ᠠ᠂ ᠳᠡᠮᠵᠢᠵᠦ ᠬᠥᠲᠥᠯᠥᠨ ᠵᠢᠯᠣᠭᠤᠳᠬᠤ ᠵᠡᠷᠭᠡ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠡᠷᠡᠭᠦᠯ ᠬᠥᠭᠵᠢᠯᠲᠡ ᠳᠤ ᠬᠦᠴᠦᠨ ᠨᠡᠮᠡᠷᠢᠯᠡᠨ᠎ᠡ᠃16. ᠵᠦᠪᠰᠢᠶᠡᠷᠡᠯ ᠤᠨ ᠦᠢᠯᠡᠴᠢᠯᠡᠭᠡ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠵᠡᠷᠭᠡ ᠵᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠳᠦᠷᠢᠮ ᠤᠨ ᠵᠣᠬᠢᠴᠠᠮᠵᠢ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠶᠠᠪᠤᠴᠠ ᠶᠢ ᠰᠢᠯᠢᠳᠡᠭᠵᠢᠭᠦᠯᠦᠨ᠂ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠦᠢᠯᠡᠳᠴᠦ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠤᠨ ᠪᠠᠶᠢᠷᠢ ᠪᠠᠨ ᠰᠠᠶᠢᠲᠤᠷ ᠰᠠᠬᠢᠵᠤ᠂ ᠰᠠᠶᠢᠲᠤᠷ ᠦᠢᠯᠡᠴᠢᠯᠡᠵᠦ᠂ ᠳᠥᠭᠦᠮ ᠳᠦᠳᠡ ᠬᠠᠩᠭᠠᠵᠤ᠂ ᠬᠥᠭᠵᠢᠯᠲᠡ ᠳᠤ ᠬᠦᠴᠦᠨ ᠨᠡᠮᠡᠷᠢᠯᠡᠨ᠎ᠡ᠃17. ᠴᠢᠳᠠᠪᠤᠷᠢᠲᠠᠨ ᠤ ᠦᠢᠯᠡᠴᠢᠯᠡᠭᠡ᠃ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠠᠵᠢᠯ ᠲᠥᠷᠥᠯ ᠤᠨ ᠬᠥᠭᠵᠢᠯᠲᠡ ᠶᠢᠨ ᠴᠢᠬᠤᠯᠠ ᠪᠠᠶᠢᠷᠢᠨ ᠳᠤ ᠲᠠᠯᠪᠢᠵᠤ᠂ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠦᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠬᠦ᠂ ᠴᠢᠳᠠᠪᠤᠷᠢᠲᠠᠨ ᠤ ᠰᠣᠯᠢᠯᠴᠠᠭ᠎ᠠ ᠶᠢ ᠳᠡᠮᠵᠢᠬᠦ ᠪᠠᠷ ᠳᠠᠮᠵᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ᠂ ᠰᠤᠳᠤᠯᠤᠨ ᠰᠤᠷᠤᠯᠴᠠᠬᠤ ᠠᠩᠭᠢ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠠᠵᠢᠯ ᠲᠥᠷᠥᠯ ᠤᠨ ᠳᠠᠭᠠᠭᠤᠯᠤᠭᠴᠢ ᠴᠢᠳᠠᠪᠤᠷᠢᠲᠠᠨ ᠪᠠ ᠨᠡᠶᠢᠭᠡᠮ ᠤᠨ ᠵᠠᠯᠠᠭᠤ ᠴᠢᠳᠠᠪᠤᠷᠢᠲᠠᠨ ᠤ ᠢᠨᠵᠧᠨᠧᠷᠢᠩ ᠢ ᠬᠡᠷᠡᠭᠵᠢᠭᠦᠯᠦᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠭᠤᠤᠯᠳᠠᠯᠭ᠎ᠠ ᠲᠠᠢ ᠨᠡᠶᠢᠭᠡᠮ ᠤᠨ ᠰᠢᠨᠵᠢᠯᠡᠬᠦ ᠤᠬᠠᠭᠠᠨ ᠤ ᠰᠡᠳᠦᠪ ᠪᠠ ᠬᠥᠭᠵᠢᠯᠲᠡ ᠶᠢᠨ ᠲᠥᠯᠥᠪᠵᠢᠭᠦᠯᠭᠡ ᠶᠢᠨ ᠰᠡᠳᠦᠪ ᠢ ᠡᠭᠦᠷᠭᠡᠯᠡᠵᠦ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃18. ᠦᠨᠡᠯᠡᠯᠲᠡ ᠶᠢᠨ ᠦᠢᠯᠡᠴᠢᠯᠡᠭᠡ᠃ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠦᠷᠦᠯ ᠢ ᠰᠢᠯᠭᠠᠨ ᠬᠢᠨᠠᠵᠦ ᠦᠨᠡᠯᠡᠬᠦ ᠵᠣᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠦᠨᠡᠯᠡᠬᠦ ᠪᠠᠷᠢᠮᠵᠢᠶ᠎ᠠ ᠪᠠ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠬᠦᠯᠦᠨ᠂ ᠵᠠᠰᠠᠭ ᠤᠨ ᠤᠷᠳᠤᠨ ᠤ ᠨᠦᠯᠦᠬᠡᠯᠡᠬᠦ ᠭᠦᠴᠦᠨ ᠤ ᠦᠨᠡᠯᠡᠯᠲᠡ ᠪᠠ ᠢᠳᠡᠬᠡᠬᠦᠯᠬᠦ ᠭᠦᠴᠦᠨ ᠢ ᠴᠢᠩᠭᠠᠷᠠᠭᠤᠯᠵᠦ᠂ ᠢᠳᠡᠪᠬᠢᠳᠡᠢ ᠡᠷᠡᠭᠦᠯ ᠪᠦᠭᠦᠢ ᠠᠵᠢᠯ ᠲᠦᠷᠦᠯ ᠤᠨ ᠦᠨᠡᠯᠡᠯᠲᠡ᠂ ᠨᠡᠶᠢᠬᠡᠮ ᠤᠨ ᠦᠨᠡᠯᠡᠯᠲᠡ ᠶᠢᠨ ᠲᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠪᠦᠭᠦ ᠤᠷᠤᠨ ᠤ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠤᠨᠤᠰᠬᠤ ᠠᠵᠢᠯ ᠲᠦᠷᠦᠯ ᠤᠨ ᠬᠢᠨ ᠤ ᠰᠠᠨᠠᠭᠠᠴᠢᠯᠠᠭ᠎ᠠ ᠠᠴᠠ ᠪᠠᠨ ᠠᠵᠢᠯᠯᠠᠬᠤ᠂ ᠦᠬᠡᠷᠡᠴᠢᠯᠡᠯᠳᠡ ᠬᠢᠵᠦ ᠰᠢᠨ᠎ᠠ ᠶᠢ ᠡᠭᠦᠳᠭᠦ᠂ ᠡᠷᠡᠭᠦᠯ ᠬᠥᠭᠵᠢᠯᠲᠡ ᠶᠢ ᠭᠦᠳᠦᠯᠦᠨ ᠳᠠᠭᠠᠭᠤᠯᠤᠨ᠎ᠠ᠃19. ᠬᠢᠨᠠᠯᠲᠠ ᠲᠠᠯᠪᠢᠬᠤ ᠦᠢᠯᠡᠴᠢᠯᠡᠭᠡ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠ ᠭᠥᠯᠢᠶᠡᠨ ᠠᠪᠴᠤ ᠦᠵᠡᠬᠦ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠣᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠲᠥᠷᠥᠯ ᠤᠨ ᠬᠢᠨᠠᠯᠲᠠ ᠲᠠᠯᠪᠢᠬᠤ᠂ ᠪᠠᠶᠢᠴᠠᠭᠠᠯᠲᠠ ᠶᠢᠨ ᠬᠠᠨᠳᠤᠯᠭᠠᠲᠤ ᠴᠢᠨᠠᠷ᠂ ᠴᠠᠭ ᠬᠤᠭᠤᠴᠠᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠦᠨ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠶᠢᠨ ᠢᠮᠠᠭᠲᠠ ᠵᠥᠪ ᠴᠢᠭᠯᠡᠯ ᠡᠷᠡᠭᠦᠯ ᠬᠥᠭᠵᠢᠯᠲᠡ ᠶᠢ ᠠᠬᠢᠭᠤᠯᠤᠨ᠎ᠠ᠃ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠱᠠᠳᠤᠨ ᠤ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠤᠨᠤᠰᠬᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ᠂ ᠡᠯ᠎ᠡ ᠱᠠᠳᠤᠨ ᠤ ᠡᠯ᠎ᠡ ᠲᠦᠷᠦᠯ ᠤᠨ ᠷᠠᠳᠢᠤ᠋ ᠲᠧᠯᠸᠢᠰ ᠤᠨ ᠦᠢᠯᠡᠳᠴᠤ ᠨᠡᠪᠳᠡᠷᠡᠬᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠤᠨᠤᠰᠬᠤ ᠫᠷᠤᠭ᠍ᠷᠠᠮ ᠤᠨ ᠦᠢᠯᠡᠴᠢᠯᠡᠬᠡᠨ ᠤ ᠪᠠᠶᠢᠭᠤᠯᠤᠮᠵᠢ ᠨᠢ ᠰᠢᠨ᠎ᠡ ᠶᠢ ᠡᠭᠦᠳᠴᠤ ᠰᠢᠯᠢᠳᠡᠭ ᠢ ᠡᠭᠦᠳᠬᠦ ᠠᠵᠢᠯ ᠢ ᠦᠨᠡᠨ ᠬᠦ ᠶᠠᠷᠢᠶ᠎ᠠ ᠬᠡᠯᠡᠯᠴᠡᠬᠡᠨ ᠤ ᠭᠦᠳᠦᠯᠦᠨ ᠵᠢᠯᠤᠭᠤᠳᠬᠤ ᠴᠢᠳᠠᠪᠤᠷᠢ᠂ ᠠᠭᠤᠯᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠪᠠ ᠳᠠᠮᠵᠢᠭᠤᠯᠭ᠎ᠠ ᠶᠢᠨ ᠨᠦᠯᠥᠬᠡᠯᠡᠬᠦ ᠴᠢᠳᠠᠪᠤᠷᠢ ᠶᠢ ᠲᠡᠬᠡᠭᠰᠢᠯᠡᠬᠦᠯᠬᠦ ᠶᠢᠨ ᠴᠢᠬᠤᠯᠠ ᠠᠷᠭ᠎ᠠ ᠪᠠᠷᠢᠯ ᠪᠤᠯᠭᠠᠵᠦ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠪᠤᠯᠭᠠᠨ᠂ ᠵᠤᠬᠢᠬᠤ ᠠᠵᠢᠯ ᠤᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠬᠦᠯᠵᠦ᠂ ᠠᠵᠢᠯ ᠤᠨ ᠡᠭᠦᠷᠬᠡ᠂ ᠠᠷᠭ᠎ᠠ ᠬᠡᠮᠵᠢᠶ᠎ᠡ᠂ ᠠᠯᠬᠤᠮ ᠲᠠᠷᠠᠭ᠎ᠠ ᠪᠠᠨ ᠲᠤᠳᠤᠷᠬᠠᠶᠢᠯᠠᠨ᠂ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠤᠨᠤᠰᠬᠤ ᠫᠷᠤᠭ᠍ᠷᠠᠮ ᠤᠨ ᠰᠢᠨ᠎ᠠ ᠶᠢ ᠡᠭᠦᠳᠴᠤ ᠰᠢᠯᠢᠳᠡᠭ ᠢ ᠡᠬᠦᠳᠬᠦ ᠠᠵᠢᠯ ᠢ ᠰᠠᠶᠢᠳᠤᠷ ᠠᠳᠬᠤᠨ᠎ᠠ᠃︵ᠬᠤᠶᠠᠷ︶ ᠲᠥᠷᠥ ᠶᠢᠨ ᠪᠣᠳᠣᠯᠭ᠎ᠠ ᠶᠢᠨ ᠵᠣᠬᠢᠴᠠᠭᠤᠯᠤᠯᠲᠠ ᠶᠢ ᠴᠢᠩᠭᠠᠷᠠᠭᠤᠯᠤᠨ᠎ᠠ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠲᠤᠰᠬᠠᠶ ᠵᠦᠢᠯ ᠢᠶᠠᠷ ᠬᠥᠲᠥᠯᠦᠨ ᠵᠢᠯᠣᠭᠤᠳᠴᠤ ᠳᠡᠮᠵᠢᠬᠦ ᠪᠠᠯᠠ ᠮᠥᠩᠭᠦ ᠶᠢ ᠴᠢᠷᠮᠠᠶᠢᠨ ᠣᠯᠵᠤ᠂ ᠪᠠᠯᠠ ᠳᠣᠭᠢᠷᠠᠭᠤᠯᠬᠤ᠂ ᠭᠠᠶᠢᠯᠢ ᠲᠠᠲᠠᠪᠤᠷᠢ᠂ ᠭᠠᠵᠠᠷ ᠬᠡᠷᠡᠭᠯᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠬᠢ ᠪᠠᠶᠠᠯᠢᠭ ᠢ ᠲᠥᠪᠯᠡᠷᠡᠭᠦᠯᠬᠦ᠂ ᠴᠢᠳᠠᠪᠤᠷᠢᠲᠠᠨ ᠴᠤᠭᠯᠠᠷᠠᠭᠤᠯᠬᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠷᠠᠳᠢᠣ᠋ ᠲᠧᠯᠸᠢᠰ ᠦᠢᠯᠡᠳᠴᠦ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠦᠢᠯᠡᠴᠢᠯᠡᠭᠡᠨ ᠤ ᠪᠠᠶᠢᠭᠤᠯᠤᠮᠵᠢ ᠨᠢ ᠲᠥᠪ ᠪᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠦᠷᠢᠶᠡᠨ ᠳᠠᠬᠢ ᠥᠭᠡᠷᠡᠴᠢᠯᠡᠯᠲᠡ ᠶᠢᠨ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠡᠵᠡᠮᠳᠡᠵᠦ᠂ ᠪᠤᠯᠤᠩ ᠤᠨ ᠫᠷᠤᠭ᠍ᠷᠠᠮ ᠤᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠥᠭᠡᠷᠡᠴᠢᠯᠡᠨ ᠰᠢᠯᠢᠳᠡᠭᠵᠢᠭᠦᠯᠵᠦ᠂ ᠪᠤᠯᠤᠩ ᠤᠨ ᠫᠷᠤᠭ᠍ᠷᠠᠮ ᠤᠨ ᠵᠣᠬᠢᠶᠠᠨ ᠪᠦᠲᠦᠭᠡᠵᠦ ᠦᠢᠯᠡᠳᠬᠦ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠴᠢᠯᠥᠭᠡᠯᠡᠨ ᠬᠥᠭᠵᠢᠭᠡᠵᠦ᠂ ᠵᠣᠬᠢᠶᠠᠨ ᠪᠦᠲᠦᠭᠡᠬᠦ ᠡᠬᠢ ᠡᠭᠦᠰᠦᠯ ᠢ ᠬᠥᠭᠵᠢᠭᠡᠨ᠎ᠡ᠃︵ᠲᠦᠷᠪᠡ︶ ᠪᠦᠷᠢᠳᠬᠡᠯ ᠤᠨ ᠵᠠᠳᠠᠯᠤᠯᠲᠠ ᠶᠢ ᠴᠢᠩᠭᠠᠷᠠᠭᠤᠯᠤᠨ᠎ᠠ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠬᠢ ᠪᠠᠶᠠᠯᠢᠭ ᠤᠨ ᠬᠦᠴᠦᠨ ᠵᠦᠢᠯ ᠢ ᠨᠠᠷᠢᠯᠢᠭᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠠᠭᠤᠯᠭ᠎ᠠ ᠶᠢᠨ ᠪᠦᠬᠦ ᠬᠦᠴᠦᠨ ᠵᠦᠢᠯ ᠤᠨ ᠮᠡᠳᠡᠭᠡ ᠵᠠᠩᠭᠢ ᠶᠢᠨ ᠪᠦᠷᠢᠳᠬᠡᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠲᠤᠬᠠᠶ ᠳᠤ ᠨᠢ ᠬᠤᠷᠢᠶᠠᠩᠭᠤᠶᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ᠂ ᠪᠦᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠤ ᠦᠢᠯᠡᠰ ᠤᠨ ᠬᠥᠭᠵᠢᠯᠲᠡ ᠶᠢᠨ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠴᠠᠭ ᠲᠤᠬᠠᠶ ᠳᠤ ᠨᠢ ᠪᠦᠲᠦᠮᠵᠢᠲᠡᠶ ᠦᠨᠳᠦᠰᠦᠯᠡᠯ ᠬᠠᠩᠭᠠᠨ᠎ᠠ᠃︵ᠲᠠᠪᠤ︶ ᠱᠠᠯᠠᠪᠳᠠᠭᠤᠯᠤᠨ ᠱᠠᠭᠠᠷᠳᠠᠵᠤ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠵᠠᠳᠠᠯᠤᠨ ᠰᠤᠳᠤᠯᠵᠤ ᠮᠠᠭᠠᠳᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠴᠢᠭᠯᠡᠭᠦᠯᠦᠨ᠂ ᠬᠠᠷᠠᠯᠲᠠ ᠱᠠᠭᠠᠷᠳᠠᠯᠭ᠎ᠠ ᠲᠠᠢ ᠬᠠᠷᠢᠴᠠᠭᠤᠯᠤᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠴᠠᠭ ᠲᠤᠬᠠᠶ ᠳᠤ ᠨᠢ ᠵᠠᠳᠠᠯᠤᠨ ᠰᠤᠳᠤᠯᠵᠤ ᠮᠠᠭᠠᠳᠯᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠠᠵᠢᠯᠯᠠᠭ᠎ᠠ ᠶᠢᠨ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠵᠢᠱᠢᠭᠰᠡᠨ ᠦᠷ᠎ᠡ ᠪᠦᠲᠦᠮᠵᠢ ᠶᠢ ᠣᠯᠣᠨ᠎ᠠ᠃ ᠪᠢᠴᠢᠭ ᠮᠠᠲ᠋ᠧᠷᠢᠶᠠᠯ ᠢ ᠪᠠᠭᠤᠯᠭᠠᠬᠤ᠄ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ.doc

 

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map