︽ᠤᠮᠠᠷᠠᠲᠤ ᠬᠢᠯᠢ ᠳᠤ ᠤᠴᠠᠷᠠᠬᠤ︾ 2024 ᠣᠨ ᠤ ᠣᠬᠤᠷ ᠸᠢᠳᠢᠣ᠋ ᠶᠢᠨ ᠬᠥᠳᠡᠭᠡ ᠪᠠᠭᠤᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/19
  ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠤᠨ ᠲᠣᠭᠤᠷᠢᠨ ᠳᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠳᠡᠯᠭᠡᠨ ᠦᠵᠡᠭᠦᠯᠬᠦ ᠶᠢᠨ ᠲᠦᠯᠦᠭᠡ᠂ 6 ᠳ᠋ᠤᠭᠠᠷ ᠰᠠᠷ᠎ᠠ ᠶᠢᠨ 18 ᠤ ᠡᠳᠦᠷ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠦᠯᠵᠢᠶᠡᠨ ᠤ ᠦᠵᠡᠵᠦ ᠰᠣᠨᠣᠰᠬᠤ ᠵᠤᠷᠭᠠᠨ ᠤ ᠵᠢᠯᠣᠭᠤᠳᠣᠯᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠤᠮᠠᠷᠠᠲᠤ ᠬᠢᠯᠢ ᠳᠤ ᠤᠴᠠᠷᠠᠬᠤ︾ 2024 ᠣᠨ ᠤ ᠣᠬᠤᠷ ᠸᠢᠳᠢᠤ᠋ ᠶᠢᠨ ᠬᠥᠳᠡᠭᠡ ᠪᠠᠭᠤᠬᠤ ᠠᠵᠢᠯᠯᠠᠭ᠎ᠠ ᠬᠢᠩᠭᠠᠨ ᠠᠶᠢᠮᠠᠭ ᠤᠨ ᠤᠯᠠᠭᠠᠨᠬᠤᠲᠠ ᠳᠤ ᠡᠬᠢᠯᠡᠪᠡ᠃ ᠲᠥᠪ ᠤᠨ ᠵᠠᠭᠤᠴᠢᠯᠠᠭᠤᠷ᠂ ᠮᠤᠵᠢ ᠬᠤᠲᠠ ᠶᠢᠨ ᠲᠠᠰ ᠤᠨ ᠵᠠᠭᠤᠴᠢᠯᠠᠭᠤᠷ ᠤᠨ ᠰᠤᠷᠪᠤᠯᠵᠢᠯᠠᠭᠴᠢ ᠪᠣᠯᠤᠨ ᠰᠦᠯᠵᠢᠶᠡᠨ ᠤ ᠲᠠᠪᠴᠠᠩ ᠤᠨ ᠨᠠᠷᠠᠲᠤ ᠲᠥᠯᠥᠭᠡᠯᠡᠭᠴᠢ᠂ ᠢᠳᠡᠪᠬᠢ ᠬᠦᠴᠦᠨ ᠤ ᠭᠤᠤᠯ ᠨᠡᠪᠲᠡᠷᠡᠭᠦᠯᠦᠭᠴᠢ ᠵᠡᠷᠭᠡ 40 ᠭᠠᠷᠤᠶ ᠬᠥᠮᠦᠨ ᠣᠬᠤᠷ ᠸᠢᠳᠢᠣ᠋᠂ ᠰᠢᠭᠤᠳ ᠨᠡᠪᠲᠡᠷᠡᠭᠦᠯᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ ᠠᠮᠢ ᠠᠬᠤᠶ ᠶᠢᠨ ᠭᠤᠸ᠎ᠠ ᠰᠠᠶᠢᠬᠠᠨ᠂ ᠡᠶ᠎ᠡ ᠵᠣᠬᠢᠴᠠᠩᠭᠤᠶ ᠭᠤᠸ᠎ᠠ ᠰᠠᠶᠢᠬᠠᠨ᠂ ᠰᠣᠶᠣᠯ ᠤᠨ ᠭᠤᠸ᠎ᠠ ᠰᠠᠶᠢᠬᠠᠨ᠂ ᠬᠥᠭᠵᠢᠯᠲᠡ ᠶᠢᠨ ᠭᠤᠸ᠎ᠠ ᠰᠠᠶᠢᠬᠠᠨ ᠢ ᠢᠯᠡᠷᠡᠭᠦᠯᠵᠦ᠂ ᠪᠥᠬᠦ ᠤᠯᠤᠰ ᠤᠨ ᠡᠯ᠎ᠡ ᠭᠠᠵᠠᠷ ᠤᠨ ᠨᠠᠶᠢᠵᠠ ᠨᠠᠷ ᠲᠤ ᠤᠮᠠᠷᠠᠲᠤ ᠶᠢᠨ ᠡᠬᠡ ᠭᠠᠵᠠᠷ ᠤᠨ ᠥᠷᠨᠢᠭᠦᠨ ᠬᠥᠭᠵᠢᠯᠲᠡ ᠶᠢᠨ ᠠᠭᠤᠷ ᠠᠮᠢᠰᠬᠤᠯ ᠢ ᠮᠡᠳᠡᠷᠡᠭᠦᠯᠪᠡ᠃  ᠲᠤᠰ ᠤᠳᠠᠭᠠᠨ ᠤ ᠠᠵᠢᠯᠯᠠᠭ᠎ᠠ ᠨᠢ ᠲᠠᠪᠤᠨ ᠡᠳᠦᠷ ᠶᠠᠪᠤᠭᠳᠠᠵᠤ᠂ ᠤᠯᠠᠭᠠᠨᠬᠤᠲᠠ᠂ ᠷᠠᠰᠢᠶᠠᠨ᠂ ᠬᠠᠭᠤᠴᠢᠨ ᠪᠠᠷᠭᠤ ᠬᠤᠰᠢᠭᠤ᠂ ᠡᠷᠭᠦᠨ᠎ᠡ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠴᠢᠯᠥᠭᠡᠯᠡᠯᠲᠡ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠭᠡᠷᠡᠯ ᠰᠠᠴᠤᠷᠠᠩᠭᠤᠢ ᠲᠡᠦᠬᠡ ᠶᠢ ᠬᠠᠮᠲᠤ ᠪᠠᠷ ᠡᠷᠭᠢᠴᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠳᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠶᠢ ᠬᠠᠮᠲᠤ ᠪᠠᠷ ᠭᠡᠷᠡᠴᠢᠯᠡᠪᠡ᠃ 6 ᠳ᠋ᠤᠭᠠᠷ ᠰᠠᠷ᠎ᠠ ᠶᠢᠨ 19 ᠤ ᠡᠳᠦᠷ ᠠᠴᠠ ᠡᠬᠢᠯᠡᠨ᠂ ᠬᠥᠯᠥᠨ ᠪᠤᠶᠢᠷ ᠬᠤᠲᠠ ᠳᠤ ᠪᠠᠰᠠ ᠭᠤᠷᠪᠠᠨ ᠲᠠᠯᠠᠪᠤᠷ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠲᠡᠷᠢᠭᠦᠨ ᠬᠤᠸᠠᠷᠠᠨ ᠳᠤ ᠤᠯᠠᠭᠠᠨᠮᠥ᠋ᠴᠢᠷ ᠪᠠ ᠲᠠᠪᠤᠨ ᠥᠩᠭᠡᠲᠦ ᠨᠠᠶᠢᠷᠠᠯ ᠳᠠᠭᠤᠤ ᠶᠢᠨ ᠪᠦᠯᠬᠦᠮ ᠤᠨ ᠲᠣᠭᠯᠠᠯᠲᠠ ᠥᠷᠨᠢᠭᠦᠯᠪᠡ︔ ᠣᠷᠣᠨ ᠤ ᠳᠣᠲᠣᠷᠠᠬᠢ ᠰᠦᠯᠵᠢᠶᠡᠨ ᠤ ᠨᠠᠷᠠᠲᠤ ᠬᠥᠮᠦᠰ ᠪᠠ ᠣᠷᠣᠨ ᠤ ᠭᠠᠳᠠᠨᠠᠬᠢ ᠰᠦᠯᠵᠢᠶᠡᠨ ᠣᠳᠣ ᠶᠢ ᠤᠷᠢᠵᠤ ᠬᠠᠷᠢᠯᠴᠠᠨ ᠬᠥᠳᠡᠯᠦᠯᠴᠡᠵᠦ᠂ ᠥᠪᠥᠷ ᠮᠣᠩᠭᠤᠯ ᠤᠨ ᠤᠨᠴᠠᠯᠢᠬᠳᠤ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠭᠡ ᠪᠠᠷ ᠪᠣᠷᠤᠯᠠᠭᠤᠯᠬᠤ ᠪᠠ ᠤᠬᠠᠭᠤᠯᠪᠠ︔ ᠡᠷᠭᠦᠨ᠎ᠡ ᠶᠢᠨ ᠨᠤᠭᠤ ᠭᠠᠵᠠᠷ ᠲᠤ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠨᠢᠭᠡ ᠤᠳᠠᠭᠠᠨ ᠤ ᠤᠳᠠᠭᠠᠨ ᠰᠢᠭᠤᠳ ᠨᠡᠪᠲᠡᠷᠡᠭᠦᠯᠭᠡ ᠬᠢᠵᠦ᠂ ᠰᠢᠭᠤᠳ ᠨᠡᠪᠲᠡᠷᠡᠭᠦᠯᠬᠦ ᠳᠣᠬᠢᠶ᠎ᠠ ᠶᠢ ᠢᠷᠡᠭᠡᠳᠦᠶ ᠳᠤ ᠦᠷᠭᠦᠯᠵᠢᠯᠡᠨ ᠡᠯ᠎ᠡ ᠵᠠᠭᠤᠴᠢᠯᠠᠭᠤᠷ ᠲᠤ ᠬᠠᠩᠭᠠᠵᠤ ᠤᠳᠠᠭᠠᠨ  ᠰᠢᠭᠤᠳ  ᠨᠡᠪᠲᠡᠷᠡᠭᠦᠯᠭᠡ ᠬᠢᠨ᠎ᠡ᠃  6 ᠳ᠋ᠤᠭᠠᠷ ᠰᠠᠷ᠎ᠠ ᠶᠢᠨ 19 ᠤ ᠡᠳᠦᠷ ᠤᠨ 9 ᠴᠠᠭ ᠪᠣᠯᠲᠠᠯ᠎ᠠ᠂ ᠪᠥᠬᠦ ᠰᠦᠯᠵᠢᠶᠡᠨ ᠤ ︽ᠤᠮᠠᠷᠠᠲᠤ ᠬᠢᠯᠢ ᠳᠤ ᠤᠴᠠᠷᠠᠬᠤ︾ ᠣᠬᠤᠷ ᠸᠢᠳᠢᠤ᠋ ᠶᠢᠨ ᠬᠥᠳᠡᠭᠡ ᠪᠠᠭᠤᠬᠤ ᠠᠵᠢᠯᠯᠠᠭ᠎ᠠ ᠶᠢᠨ ᠮᠡᠳᠡᠭᠡᠯᠡᠯ ᠨᠢ ᠨᠡᠶᠢᠲᠡ 364 ᠬᠤᠪᠢ ᠪᠠᠶᠢᠵᠤ᠂ ᠡᠭᠦᠨ ᠳᠤ ᠰᠢᠨᠬᠤᠸᠠ ᠰᠦᠯᠵᠢᠶ᠎ᠡ᠂ ᠲᠥᠪ ᠲᠧᠯᠸᠢᠰ ᠤᠨ ᠰᠦᠯᠵᠢᠶ᠎ᠡ᠂ ᠠᠷᠠᠳ ᠤᠨ ᠰᠦᠯᠵᠢᠶ᠎ᠡ ᠵᠡᠷᠭᠡ ᠲᠥᠪ ᠤᠨ ᠳᠡᠰ ᠤᠨ ᠵᠠᠭᠤᠴᠢᠯᠠᠭᠤᠷ ᠤᠨ ᠬᠢᠨ 45 ᠬᠤᠪᠢ ᠨᠡᠶᠢᠲᠡᠯᠡᠵᠦ᠂ ᠳ᠋ᠠ ᠰᠢᠶᠠᠩ ᠰᠣᠨᠢᠨ ᠮᠡᠳᠡᠭᠡ᠂ ᠵᠢᠢ ᠭᠤᠸᠠᠩ ᠰᠣᠨᠢᠨ ᠮᠡᠳᠡᠭᠡ ᠵᠡᠷᠭᠡ ᠮᠤᠵᠢ ᠶᠢᠨ ᠳᠡᠰ ᠤᠨ ᠵᠠᠭᠤᠴᠢᠯᠠᠭᠤᠷ ᠤᠨ ᠬᠢᠨ 18 ᠬᠤᠪᠢ ᠨᠡᠶᠢᠲᠡᠯᠡᠵᠦ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ ᠶᠢᠨ ᠬᠠᠮ ᠵᠠᠭᠤᠴᠢᠯᠠᠭᠤᠷ ᠤᠨ ᠲᠥᠪ ᠵᠡᠷᠭᠡ ᠲᠤᠰᠬᠠᠢ ᠣᠷᠣᠨ ᠤ ᠳᠡᠰ ᠤᠨ ᠵᠠᠭᠤᠴᠢᠯᠠᠭᠤᠷ ᠤᠨ ᠬᠢᠨ 30 ᠬᠤᠪᠢ ᠨᠡᠶᠢᠲᠡᠯᠡᠵᠦ᠂ ᠲᠧᠩ ᠰᠢᠶᠦ᠋ᠨ᠂ ᠲᠢᠺ ᠲᠣᠺ᠂ ᠪᠢ ᠯᠢ ᠪᠢ ᠯᠢ ᠵᠡᠷᠭᠡ ᠲᠡᠷᠢᠭᠦᠨ ᠤ ᠬᠤᠳᠠᠯᠳᠤᠭᠠᠨ ᠤ ᠲᠠᠪᠴᠠᠩ ᠨᠡᠶᠢᠲᠡ 200 ᠭᠠᠷᠤᠢ ᠵᠤᠷᠪᠤᠰ ᠠᠵᠢᠯᠯᠠᠭ᠎ᠠ ᠶᠢᠨ ᠮᠡᠳᠡᠭᠡ ᠨᠡᠶᠢᠲᠡᠯᠡᠵᠡᠢ᠃ ᠥᠪᠥᠷ ᠮᠣᠩᠭᠤᠯ ᠤᠨ ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ᠂ ᠥᠪᠥᠷ ᠮᠣᠩᠭᠤᠯ ᠤᠨ ᠡᠳᠦᠷ ᠤᠨ ᠰᠣᠨᠢᠨ ᠪᠦᠷ ︽ᠤᠮᠠᠷᠠᠲᠤ ᠬᠢᠯᠢ ᠳᠤ ᠤᠴᠠᠷᠠᠬᠤ︾ ᠣᠬᠤᠷ ᠸᠢᠳᠢᠣ᠋ ᠶᠢᠨ ᠬᠥᠳᠡᠭᠡ ᠪᠠᠭᠤᠬᠤ ᠠᠵᠢᠯᠯᠠᠭ᠎ᠠ ᠶᠢ ᠮᠡᠳᠡᠭᠡᠯᠡᠵᠦ᠂ ᠪᠦᠬᠦ ᠰᠦᠯᠵᠢᠶᠡᠨ ᠤ ᠶᠠᠷᠢᠶᠠᠨ ᠤ ᠰᠡᠳᠦᠪ ᠤᠨ ᠠᠭᠤᠯᠭ᠎ᠠ ᠶᠢᠨ ᠤᠩᠰᠢᠯᠭ᠎ᠠ ᠶᠢᠨ ᠬᠡᠮᠵᠢᠶ᠎ᠡ 2000 ᠭᠠᠷᠤᠢ ᠲᠦᠮᠡ ᠶᠢ ᠳᠠᠪᠠᠵᠠᠢ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾᠂ ︽ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ︾ ᠪᠣᠯᠤᠨ ︽ᠤᠮᠠᠷᠠᠲᠤ ᠬᠢᠯᠢ ᠶᠢᠨ ᠰᠣᠶᠣᠯ︾ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯ ᠰᠡᠳᠦᠪ ᠤᠨ ᠲᠣᠭᠤᠷᠢᠨ ᠳᠤ᠂ ᠨᠢᠭᠡᠨᠲᠡ ︽ᠮᠢᠨᠦ ᠨᠤᠲᠤᠭ ᠥᠪᠥᠷ ᠮᠣᠩᠭᠤᠯ ᠳᠤ ᠂ ᠭᠠᠵᠠᠷ ᠪᠣᠯᠭᠠᠨ ᠮᠢᠨᠦ ︿ ᠠᠯᠳᠠᠢ ﹀︾᠂ ︽ᠴᠢ ᠭᠤᠣᠯ ᠨᠡᠪᠲᠡᠷᠡᠭᠦᠯᠦᠭᠴᠢ ᠥᠪᠥᠷ ᠮᠣᠩᠭᠤᠯ ᠤᠨ ᠲᠤᠬᠠᠢ ᠦᠭᠦᠯᠡᠬᠦ ᠨᠢ︾ ᠵᠡᠷᠭᠡ 10 ᠭᠠᠷᠤᠢ ᠪᠦᠲᠦᠭᠡᠯ ᠢ ᠭᠠᠷᠭᠠᠵᠠᠢ᠃︵ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠠᠮᠢᠶᠠᠷᠤᠯᠲᠠ ᠶᠢᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map