| | | | | | 6 ᠳ᠋ᠤᠭᠠᠷ ᠰᠠᠷ᠎ᠠ ᠶᠢᠨ 4 ᠤ ᠡᠳᠦᠷ ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠵᠢᠷᠭᠤᠳᠤᠭᠠᠷ | ᠤᠳᠠᠭᠠᠨ ᠤ ︵ ᠥᠷᠭᠡᠳᠬᠡᠭᠰᠡᠨ ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ᠂ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠵᠤ ᠂ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠂ ᠶᠡᠷᠦᠩᠬᠡᠢ ᠢᠨᠵᠧᠨᠧᠷ ᠂ ᠪᠠᠶᠢᠭᠤᠯᠭ᠎ᠠ ᠶᠢᠨ ᠡᠯ᠎ᠡ ᠭᠠᠵᠠᠷ | ᠲᠠᠰᠤᠭ ᠂ ᠲᠣᠪᠴᠢᠶ᠎ᠠ ᠶᠢᠨ ᠬᠠᠷᠢᠶ᠎ᠠ ᠡᠯ᠎ᠡ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃ | ᠬᠤᠷᠠᠯ ᠠᠴᠠ ᠴᠢᠬᠤᠯᠠᠴᠢᠯᠠᠭᠰᠠᠨ ᠨᠢ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠨᠢ ᠴᠠᠭ ᠦᠶ᠎ᠡ ᠶᠢᠨ ᠬᠥᠭᠵᠢᠯᠲᠡ ᠶᠢᠨ ᠰᠤᠳᠠᠰᠤ ᠶᠢ ᠴᠢᠩᠭ᠎ᠠ ᠡᠵᠡᠮᠳᠡᠵᠦ ᠂ ᠨᠠᠮ ᠤᠨ ᠳᠣᠲᠣᠭᠠᠳᠤ ᠶᠢᠨ ᠪᠣᠳᠠᠲᠠᠢ | ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢᠯᠠᠵᠤ ᠂ ᠬᠤᠷᠴᠠ ᠴᠢᠩᠭ᠎ᠠ ᠠᠰᠠᠭᠤᠳᠠᠯ ᠤᠨ ᠤᠳᠤᠷᠢᠳᠤᠮᠵᠢ ᠪᠠ ᠢᠯᠡ ᠲᠣᠳᠣ ᠦᠢᠯᠡᠳᠦᠯᠭᠡ ᠶᠢᠨ ᠣᠨᠴᠠᠯᠢᠭ ᠢ ᠢᠯᠡᠷᠡᠭᠦᠯᠵᠡᠢ ᠃ | ᠲᠣᠪᠴᠢᠶ᠎ᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠭᠦᠨᠵᠡᠭᠡᠢ ᠰᠤᠷᠤᠯᠴᠠᠨ ᠣᠶᠢᠯᠠᠭᠠᠵᠤ ᠂ ᠭᠤᠣᠯ ᠴᠢᠮᠦᠭᠡ ᠴᠢᠬᠤᠯᠠ ᠠᠭᠤᠯᠭ᠎ᠠ ᠪᠠ ᠦᠢᠯᠡᠳᠦᠯᠭᠡ ᠶᠢᠨ | ᠱᠠᠭᠠᠷᠳᠠᠯᠭ᠎ᠠ ᠶᠢ ᠡᠵᠡᠮᠳᠡᠵᠦ ᠂ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠃ ᠨᠢᠭᠡ ᠳᠤ ᠂ ᠭᠤᠣᠯᠳᠠᠯᠭ᠎ᠠ ᠶᠢ ᠳᠤᠪᠤᠶᠢᠯᠭᠠᠬᠤ ᠪᠠ ᠪᠦᠬᠦ ᠲᠠᠯ᠎ᠠ ᠪᠠᠷ | ᠠᠬᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠰᠠᠬᠢᠯᠭ᠎ᠠ ᠪᠠᠲᠤ ᠶᠢᠨ ᠬᠥᠮᠦᠵᠢᠯ ᠤᠨ ᠠᠭᠤᠯᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ ᠂ ᠠᠷᠠᠳᠴᠢᠯᠠᠯ ᠤᠨ | ᠠᠮᠢᠳᠤᠷᠠᠯ ᠤᠨ ᠬᠤᠷᠠᠯ ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠂ ︽ ᠭᠤᠷᠪᠠᠨ ᠬᠤᠷᠠᠯ ᠨᠢᠭᠡ ᠬᠢᠴᠢᠶᠡᠯ ︾ ᠵᠡᠷᠭᠡ ᠤᠯᠠᠨ ᠵᠦᠢᠯ ᠤᠨ ᠬᠡᠯᠪᠡᠷᠢ ᠪᠠᠷ | ᠳᠠᠮᠵᠢᠭᠤᠯᠵᠤ ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭᠠᠨ ᠤ ᠰᠡᠷᠡᠮᠵᠢ ᠶᠢᠨ ᠬᠤᠩᠬᠤ ᠶᠢ ᠦᠷᠭᠦᠯᠵᠢ | ᠴᠣᠬᠢᠭᠤᠯᠵᠤ ᠂ ᠰᠠᠬᠢᠯᠭ᠎ᠠ ᠪᠠᠲᠤ ᠶᠢᠨ ᠬᠥᠪᠴᠢ ᠶᠢ ᠦᠷᠭᠦᠯᠵᠢ ᠴᠢᠩᠭᠠᠷᠠᠭᠤᠯᠵᠤ ᠂ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠯᠭᠠᠬᠤ ᠬᠡᠷᠡᠭᠲᠡᠢ ᠃ ᠬᠤᠶᠠᠷ ᠲᠤ ᠂ ᠭᠤᠣᠯ | ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠲᠤᠭᠤᠰᠢᠲᠠᠢ ᠪᠡᠶᠡᠯᠡᠭᠦᠯᠬᠦ ᠶᠢ ᠠᠬᠢᠭᠤᠯᠵᠤ ᠂ ᠤᠳᠤᠷᠢᠳᠤᠯᠭ᠎ᠠ ᠺᠠᠳ᠋ᠷ ᠪᠡᠶ᠎ᠡ ᠪᠠᠨ ᠴᠢᠩᠭ᠎ᠠ | ᠱᠠᠭᠠᠷᠳᠠᠵᠤ ᠂ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠡᠮᠦᠨ᠎ᠡ ᠨᠢ ᠬᠤᠰᠢᠭᠤᠴᠢᠯᠠᠵᠤ ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ ︔ ᠪᠠᠰᠠ ᠬᠠᠷᠢᠭᠤᠴᠠᠯᠭ᠎ᠠ ᠪᠠᠨ ᠴᠢᠩᠭ᠎ᠠ | ᠡᠭᠦᠷᠭᠡᠯᠡᠵᠦ ᠂ ᠬᠠᠷᠢᠶ᠎ᠠ ᠪᠦᠬᠦᠢ ᠭᠠᠵᠠᠷ ᠢᠶᠠᠨ ᠴᠢᠩᠭ᠎ᠠ ᠬᠠᠮᠢᠶᠠᠷᠴᠤ ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠂ ᠳᠡᠭᠡᠳᠦ ᠱᠠᠲᠤ ᠨᠢ ᠳᠣᠣᠷᠠᠳᠤ | ᠱᠠᠲᠤ ᠪᠠᠨ ᠳᠠᠭᠠᠭᠤᠯᠵᠤ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠰᠠᠬᠢᠯᠭ᠎ᠠ ᠪᠠᠲᠤ ᠶᠢ ᠦᠨᠡᠨ ᠬᠦ ᠴᠢᠩᠳᠠᠯᠠᠭᠤᠯᠬᠤ ᠬᠡᠷᠡᠭᠲᠡᠢ ᠃ ᠭᠤᠷᠪᠠ ᠳᠤ ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠨ ᠤᠷᠳᠤ ᠬᠤᠭᠤᠴᠠᠭᠠᠨ ᠤ ᠢᠨᠵᠧᠨᠧᠷᠢᠩ ᠪᠣᠯᠭᠠᠵᠤ ᠂ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ ᠂ ᠤᠷᠳᠤ | ᠬᠤᠭᠤᠴᠠᠭ᠎ᠠ ᠪᠠᠷ ᠪᠠᠷᠢᠮᠲᠠᠯᠠᠵᠤ ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠡᠢ ᠃ | ︵ ᠪᠠᠶᠢᠭᠤᠯᠭ᠎ᠠ ᠶᠢᠨ ᠨᠠᠮ ᠤᠨ ᠬᠤᠷᠢᠶ᠎ᠠ ︶ | |