ᠮᠠᠨ ᠤ ᠲᠣᠪᠴᠢᠶ᠎ᠠ ᠪᠥᠬᠦ ᠣᠷᠣᠨ ᠤ ᠠᠮᠤᠷ ᠲᠦᠪᠰᠢᠨ ᠢᠶᠠᠷ ᠨᠡᠪᠲᠡᠷᠡᠭᠦᠯᠬᠦ ᠪᠠᠲᠤᠯᠠᠭ᠎ᠠ ᠶᠢᠨ ᠠᠵᠢᠯ ᠤᠨ ᠲᠧᠯᠸᠢᠰ ᠤᠲᠠᠰᠤᠲᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
  7 ᠳ᠋ᠤᠭᠠᠷ ᠰᠠᠷ᠎ᠠ ᠶᠢᠨ 12 ᠤᠨ ᠡᠳᠦᠷ᠂ ᠮᠠᠨ ᠤ ᠲᠣᠪᠴᠢᠶ᠎ᠠ ᠪᠥᠬᠦ ᠣᠷᠣᠨ ᠤ ᠷᠠᠳᠢᠣ᠋ ᠲᠧᠯᠸᠢᠰ ᠤᠨ ᠠᠮᠤᠷ ᠲᠦᠪᠰᠢᠨ ᠢᠶᠠᠷ ᠨᠡᠪᠲᠡᠷᠡᠭᠦᠯᠬᠦ ᠪᠠᠲᠤᠯᠠᠭ᠎ᠠ ᠶᠢᠨ ᠠᠵᠢᠯ ᠤᠨ ᠲᠧᠯᠸᠢᠰ ᠤᠲᠠᠰᠤᠲᠤ ᠶᠢᠨ ᠬᠤᠷᠠᠯ ᠬᠤᠷᠠᠯᠳᠤᠭᠤᠯᠵᠤ᠂ ᠬᠤᠷᠠᠯ ᠠᠴᠠ ᠬᠤᠶᠠᠳᠤᠭᠠᠷ ᠤᠯᠠᠷᠢᠯ ᠤᠨ ᠪᠥᠬᠦ ᠣᠷᠣᠨ ᠤ ᠷᠠᠳᠢᠣ᠋ ᠲᠧᠯᠸᠢᠰ ᠤᠨ ᠠᠮᠤᠷ ᠲᠦᠪᠰᠢᠨ ᠢᠶᠠᠷ ᠨᠡᠪᠲᠡᠷᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠠ᠃  ᠨᠢᠭᠡ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠠᠮᠤᠷ ᠲᠦᠪᠰᠢᠨ ᠢᠶᠠᠷ ᠨᠡᠪᠲᠡᠷᠡᠭᠦᠯᠬᠦ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ ᠰᠢᠰᠲ᠋ᠧᠮ᠂ ᠭᠤᠣᠯᠳᠠᠯᠭ᠎ᠠ ᠲᠠᠢ ᠭᠤᠭᠴᠤᠭ᠎ᠠ ᠳᠤ ᠤᠷᠢᠳᠴᠢᠯᠠᠨ ᠵᠢᠭᠰᠠᠭᠠᠨ ᠪᠠᠶᠢᠴᠠᠭᠠᠯᠲᠠ ᠬᠢᠵᠦ᠂ ᠵᠢᠵᠢᠭᠦᠷᠯᠡᠨ ᠰᠠᠬᠢᠬᠤ ᠶᠢ ᠴᠢᠩᠭᠠᠷᠠᠭᠤᠯᠵᠤ᠂ ᠴᠢᠬᠤᠯᠠ ᠴᠠᠭ ᠤᠯᠤᠰ ᠲᠦᠷᠦ ᠶᠢᠨ ᠫᠷᠤᠭ᠍ᠷᠠᠮ ᠢ ᠰᠢᠭᠤᠳ ᠳᠠᠮᠵᠢᠭᠤᠯᠤᠨ ᠨᠡᠪᠲᠡᠷᠡᠭᠦᠯᠬᠦ ᠠᠵᠢᠯ ᠢ ᠰᠠᠶᠢᠲᠤᠷ ᠬᠢᠵᠦ᠂ ᠨᠡᠪᠲᠡᠷᠡᠭᠦᠯᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠤᠶᠠᠷ ᠲᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠮᠤᠷ ᠲᠦᠪᠰᠢᠨ ᠢᠶᠠᠷ ᠨᠡᠪᠲᠡᠷᠡᠭᠦᠯᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠣᠯᠤᠨ ᠵᠣᠬᠢᠴᠠᠮᠵᠢ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠢᠶᠠᠷ ᠨᠡᠪᠲᠡᠷᠡᠭᠦᠯᠬᠦ ᠠᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠵᠤ᠂ ᠬᠥᠮᠦᠨ ᠳᠤ ᠬᠦᠷᠲᠡᠯ᠎ᠡ ᠨᠠᠷᠢᠯᠢᠬᠵᠢᠭᠤᠯᠬᠤ ᠬᠡᠷᠡᠭᠲᠡᠢ᠃ ᠭᠤᠷᠪᠠ ᠳᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠲᠧᠯᠸᠢᠰ ᠤᠨ ᠦᠢᠯᠡᠴᠢᠯᠡᠭᠡᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ︵2024 ᠣᠨ︶ ᠲᠤᠰᠬᠠᠶ ᠠᠵᠢᠯᠯᠠᠭ᠎ᠠ ᠶᠢᠨ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭᠠᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ᠂ ᠠᠶᠤᠯ ᠭᠠᠮᠰᠢᠭ ᠠᠴᠠ ᠠᠪᠤᠷᠬᠠᠤ ᠡᠯ᠎ᠡ ᠵᠦᠢᠯ  ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠭᠠᠠᠬᠤ ᠮᠡᠳᠡᠭᠡ ᠵᠠᠩᠭᠢ ᠶᠢ ᠨᠡᠪᠲᠡᠷᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃︵ᠠᠶᠤᠯᠭᠦᠢ ᠳᠠᠮᠵᠢᠯᠭᠠᠨ ᠤ ᠪᠠᠲᠤᠯᠠᠭ᠎ᠠ ᠶᠢᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map